ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-05-04 18:59:26

ᠵᠣᠬᠢᠶᠠᠭ᠍ᠴᠢ᠄ ᠪᠤᠤ ᠨᠠᠷᠠᠨᠳᠤᠶᠠᠭ᠎ᠠ ᠣᠩᠱᠢᠭ᠍ᠰᠠᠨ ᠣᠳᠠᠭ᠎ᠠ᠄ 3


ᠡᠨᠡ ᠵᠢᠯ᠎ᠡᠴᠠ ᠨᠠᠭᠠᠰᠢ ᠂ ᠮᠠᠨ᠎ᠤ ᠤᠷᠤᠨ᠎ᠤ ᠲᠠᠷᠢᠶᠠᠯᠠᠩ ᠮᠠᠯ ᠠᠵᠤ ᠠᠬᠤᠢ᠎ᠶᠢᠨ ᠰᠢᠰᠲ᠋ᠸᠮ᠎ᠤᠨ᠎ᠬᠢᠨ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠡᠷᠡᠰ ᠡᠭᠦᠷᠭᠡᠯᠡᠵᠦ ᠂ ᠢᠳᠡᠪᠬᠢᠲᠡᠶ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠂ ᠡᠷᠲᠡ᠎ᠡᠴᠠ ᠬᠥᠳᠡᠯᠦᠯᠴᠡᠨ ᠂ ᠡᠷᠲᠡ᠎ᠡᠴᠠ ᠪᠠᠶᠢᠷᠢᠯᠠᠭᠤᠯᠤᠭᠰᠠᠨ᠎ᠢᠶᠠᠷ ᠨᠢᠭᠡᠳᠦᠭᠡᠷ ᠤᠯᠠᠷᠢᠯ᠎ᠤᠨ ᠮᠠᠨ᠎ᠤ ᠣᠷᠣᠨ᠎ᠤ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠠᠵᠤ ᠠᠬᠤᠶ᠎ᠶᠢᠨ ᠡᠷᠭᠢᠯᠲᠡ ᠶᠡᠷᠦᠩᠬᠡᠶ᠎ᠳ᠋ᠡᠭᠡᠨ ᠲᠣᠭᠲᠠᠭᠤᠨ ᠪᠠᠶᠢᠵᠤ ᠂ ᠪᠥᠬᠥ ᠵᠢᠯ᠎ᠤᠨ ᠮᠠᠯ ᠠᠵᠤ ᠠᠬᠤᠶ ᠲᠠᠷᠢᠶᠠᠯᠠᠩ᠎ᠤᠨ ᠦᠶᠯᠡᠳᠪᠦᠷᠢᠯᠡᠯ᠎ᠳ᠋ᠤ ᠰᠠᠶᠢᠨ ᠰᠠᠭᠤᠷᠢ᠎ᠶᠢ ᠲᠠᠯᠪᠢᠵᠤ ᠥᠭᠴᠡᠶ ᠃

ᠲᠠᠷᠢᠶᠠᠯᠠᠩ᠎ᠤᠨ ᠪᠠᠶᠢᠳᠠᠯ᠎ᠤᠨ ᠲᠣᠬᠢᠷᠠᠭᠤᠯᠤᠯᠲᠠ᠎ᠶᠢ ᠦᠨᠳᠦᠰᠦᠯᠡᠪᠡᠯ ᠂ ᠡᠨᠡ ᠵᠢᠯ ᠪᠥᠬᠥ ᠣᠷᠣᠨ᠎ᠤ ᠲᠠᠷᠢᠮᠠᠯ ᠳᠠᠷᠢᠬᠤ ᠶᠡᠷᠦᠩᠬᠡᠶ ᠲᠠᠯᠠᠪᠠᠶ ᠵᠢᠱᠢᠯᠲᠡ᠎ᠪᠠᠷ 1.36 ᠳ᠋ᠦᠩᠰᠢᠭᠤᠷ ᠮᠥ ᠪᠠᠶᠢᠵᠤ ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠠ 90 ᠲᠦᠮᠡᠨ ᠮᠥ ᠨᠡᠮᠡᠭᠳᠡᠨ ᠂ ᠠᠮᠤ ᠪᠤᠳᠠᠭ᠎ᠠ ᠳᠠᠷᠢᠬᠤ ᠲᠠᠯᠠᠪᠠᠶ 1.09 ᠳ᠋ᠦᠩᠰᠢᠭᠤᠷ ᠮᠥ ᠪᠠᠶᠢᠵᠤ ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠠ 123 ᠲᠦᠮᠡᠨ ᠮᠥ ᠨᠡᠮᠡᠭᠳᠡᠪᠡ ᠃ ᠣᠳᠣᠬᠠᠨ ᠪᠣᠯᠲᠠᠯ᠎ᠠ ᠂ ᠮᠠᠨ᠎ᠤ ᠣᠷᠣᠨ 476.6 ᠲᠦᠮᠡᠨ ᠮᠥ ᠠᠮᠤ ᠪᠤᠳᠠᠭᠠᠨ᠎ᠤ ᠲᠠᠷᠢᠮᠠᠯ ᠳᠠᠷᠢᠵᠤ ᠂ ᠡᠭᠦᠨ᠎ᠳ᠋ᠤ 226.8 ᠲᠦᠮᠡᠨ ᠮᠥ ᠪᠣᠭᠣᠳᠠᠶ ᠂ 452.5 ᠲᠦᠮᠡᠨ ᠮᠥ ᠡᠷᠳᠡᠨᠢ ᠰᠢᠰᠢ ᠂ 22.5 ᠲᠦᠮᠡᠨ ᠮᠥ ᠲᠥᠮᠥᠰᠥ ᠳᠠᠷᠢᠪᠠ ᠃

ᠠᠮᠤ ᠪᠤᠳᠠᠭᠠᠨ᠎ᠤ ᠲᠠᠷᠢᠮᠠᠯ᠎ᠤᠨ ᠲᠠᠯᠠᠪᠠᠢ᠎ᠶᠢᠨ ᠡᠭᠦᠷᠭᠡ᠎ᠶᠢ ᠱᠠᠲᠤ ᠱᠠᠲᠤ᠎ᠪᠠᠷ ᠨᠠᠢᠳᠠᠪᠤᠷᠢᠵᠢᠭᠤᠯᠪᠠ ᠃ ᠪᠥᠬᠥ ᠣᠷᠣᠨ᠎ᠤ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠸᠢᠳᠢᠣ᠋ ᠬᠤᠷᠠᠯ ᠪᠠ ᠲᠠᠷᠢᠮᠠᠯ᠎ᠤᠨ ᠦᠢᠯᠡᠰ᠎ᠤᠨ ᠠᠵᠢᠯ᠎ᠤᠨ ᠬᠤᠷᠠᠯ᠎ᠢ ᠬᠤᠷᠠᠯᠳᠤᠭᠤᠯᠵᠤ ᠂ ︽ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠲᠤ ︿ ᠠᠮᠤ ᠪᠤᠳᠠᠭᠠᠨ᠎ᠤ ᠪᠤᠰᠤ ᠲᠠᠷᠢᠮᠠᠯ ᠲᠠᠷᠢᠬᠤ ﹀᠎ᠶᠢ ᠬᠤᠷᠢᠠᠠᠯᠠᠵᠤ ᠠᠮᠤ ᠪᠤᠳᠠᠭᠠᠨ᠎ᠤ ᠦᠢᠯᠡᠳᠪᠦᠷᠢᠯᠡᠯ᠎ᠢ ᠲᠣᠭᠲᠠᠪᠤᠷᠢᠵᠢᠭᠤᠯᠬᠤ ᠠᠵᠢᠯ᠎ᠤᠨ ᠲᠥᠰᠦᠯ ︾᠎ᠢ ᠲᠠᠷᠤᠮᠠᠯᠯᠠᠨ ᠲᠠᠷᠬᠠᠭᠠᠵᠤ ᠂ ᠠᠮᠤ ᠪᠤᠳᠠᠭᠠᠨ᠎ᠤ ᠠᠮᠤᠷ ᠲᠦᠪᠰᠢᠨ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶᠢᠨ ᠲᠦᠷᠢᠮ᠎ᠢ ᠦᠨᠡᠨ ᠬᠦ ᠨᠠᠶᠢᠳᠠᠪᠤᠷᠢᠵᠢᠭᠤᠯᠵᠤ ᠂ ᠤᠯᠤᠰ᠎ᠡᠴᠠ ᠮᠠᠨ᠎ᠤ ᠣᠷᠣᠨ᠎ᠳ᠋ᠤ ᠪᠠᠭᠤᠯᠭᠠᠭᠰᠠᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠬᠠᠷᠠᠯᠲᠠ ᠡᠭᠦᠷᠭᠡ᠎ᠶᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠢᠴᠢᠭ ᠮᠠᠲ᠋ᠧᠷᠢᠶᠠᠯ᠎ᠢᠶᠠᠷ ᠲᠠᠮᠵᠢᠨ ᠠᠶᠢᠮᠠᠭ ᠬᠣᠲᠠ᠎ᠳ᠋ᠤ ᠬᠤᠪᠢᠶᠠᠷᠢᠯᠠᠨ ᠪᠠᠭᠤᠯᠭᠠᠵᠤ ᠂ ᠡᠯ᠎ᠡ ᠭᠠᠵᠠᠷ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠤᠨ ᠬᠠᠷᠠᠯᠲᠠ ᠪᠠ ᠠᠵᠢᠯ᠎ᠤᠨ ᠡᠭᠦᠷᠭᠡ᠎ᠶᠢ ᠲᠣᠳᠣᠷᠬᠠᠶᠢᠯᠠᠪᠠ ᠃

ᠲᠠᠷᠢᠶᠠᠯᠠᠩ᠎ᠤᠨ ᠬᠡᠷᠡᠭᠰᠡᠯ᠎ᠢ ᠰᠢᠯᠵᠢᠭᠦᠯᠦᠨ ᠲᠡᠭᠡᠭᠡᠪᠦᠷᠢᠯᠡᠬᠦ ᠨᠥᠭᠡᠴᠡᠯᠡᠯᠲᠡ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠶᠢᠨ᠎ᠠ ᠃ ᠪᠦᠬᠦ ᠣᠷᠣᠨ᠎ᠤ ᠡᠯ᠎ᠡ ᠭᠠᠵᠠᠷ᠎ᠤᠨ ᠪᠠᠷᠠᠭᠠᠨ᠎ᠤ ᠬᠠᠩᠭᠠᠯᠭ᠎ᠠ ᠭᠦᠶᠴᠡᠳ ᠂ ᠲᠡᠭᠡᠭᠡᠪᠦᠷᠢ᠎ᠶᠢᠨ ᠵᠠᠮ ᠱᠤᠭᠤᠮ ᠰᠠᠭᠠᠳ ᠦᠭᠡᠶ ᠨᠡᠪᠲᠡᠷᠡᠵᠦ ᠪᠤᠢ ᠃ ᠡᠷᠳᠡᠨᠢ ᠰᠢᠰᠢ ᠵᠡᠷᠭᠡ ᠭᠤᠤᠯ ᠪᠣᠯᠬᠤ ᠠᠮᠤ ᠪᠤᠳᠠᠭᠠᠨ᠎ᠤ ᠲᠠᠷᠢᠮᠠᠯ᠎ᠤᠨ ᠦᠷ᠎ᠡ᠎ᠶᠢᠨ ᠬᠠᠳᠠᠭᠠᠯᠠᠯᠲᠠ᠎ᠶᠢᠨ ᠬᠡᠮᠵᠢᠶ᠎ᠡ ᠴᠥᠮ ᠬᠠᠪᠤᠷ᠎ᠤᠨ ᠲᠠᠷᠢᠶᠠᠯᠠᠭ᠎ᠠ᠎ᠶᠢᠨ ᠬᠡᠷᠡᠭᠴᠡᠭᠡᠨ᠎ᠤ 96.9%᠎ᠳ᠋ᠤ ᠬᠦᠷᠴᠦ ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠠ ᠥᠨᠳᠥᠷ ᠪᠣᠯᠪᠠ ᠃ 106. 4 ᠲᠦᠮᠡᠨ ᠲᠣᠨ ᠬᠢᠮᠢ᠎ᠶᠢᠨ ᠪᠣᠷᠳᠣᠭᠤᠷ ᠂ 4.9 ᠲᠦᠮᠡᠨ ᠲᠣᠨ ᠰᠦᠯᠢᠶᠣᠣ ᠪᠦᠷᠬᠦᠪᠴᠢ ᠂ 2639 ᠲᠣᠨ ᠲᠠᠷᠢᠶᠠᠨ ᠡᠮ ᠨᠦᠭᠡᠴᠡᠯᠡᠵᠦ ᠂ ᠡᠨᠡ᠎ᠨᠢ ᠬᠠᠪᠤᠷ᠎ᠤᠨ ᠲᠠᠷᠢᠶᠠᠯᠠᠭ᠎ᠠ᠎ᠶᠢᠨ ᠬᠡᠷᠡᠭᠴᠡᠭᠡᠨ᠎ᠤ 60%᠎ᠡᠴᠠ ᠳᠡᠭᠡᠭᠰᠢᠬᠢ᠎ᠶᠢ ᠡᠵᠡᠯᠡᠨ᠎ᠡ ᠃

ᠲᠠᠷᠢᠶᠠᠯᠠᠩ᠎ᠤᠨ ᠮᠠᠰᠢᠨ ᠪᠤᠯᠤᠨ ᠰᠢᠨᠵᠢᠯᠡᠬᠦ ᠤᠬᠠᠭᠠᠨ ᠲᠸᠭᠨᠢᠢᠡ ᠮᠡᠷᠭᠡᠵᠢᠯ᠎ᠤᠨ ᠦᠢᠯᠡᠴᠢᠯᠡᠭᠡᠨ᠎ᠤ ᠪᠡᠯᠡᠳᠬᠡᠯ᠎ᠢ ᠭᠦᠶᠴᠡᠳ ᠬᠢᠪᠠ ᠃ ᠪᠥᠬᠥ ᠣᠷᠣᠨ᠎ᠤ ᠬᠠᠪᠤᠷ᠎ᠤᠨ ᠲᠠᠷᠢᠶᠠᠯᠠᠭ᠎ᠠ᠎ᠶᠢᠨ ᠦᠢᠯᠡᠳᠪᠦᠷᠢᠯᠡᠯ᠎ᠳ᠋ᠤ ᠣᠷᠣᠭᠤᠯᠵᠤ ᠪᠣᠯᠬᠤ ᠲᠷᠠᠺᠲ᠋ᠣᠷ 102.2 ᠲᠦᠮᠡ ᠰᠢᠬᠠᠮ ᠪᠠᠶᠢᠵᠤ ᠂ ᠢᠵᠢ ᠪᠥᠷᠢᠳᠦᠭᠰᠡᠨ ᠲᠠᠷᠢᠶᠠᠯᠠᠩ᠎ᠤᠨ ᠮᠠᠰᠢᠨ ᠪᠠᠭᠠᠵᠢ 150 ᠲᠦᠮᠡ᠎ᠶᠢ ᠳᠠᠪᠠᠵᠤ ᠂ 4.3 ᠲᠦᠮᠡᠨ ᠲᠠᠷᠢᠶᠠᠯᠠᠩ᠎ᠤᠨ ᠮᠠᠰᠢᠨ᠎ᠤ ᠵᠢᠯᠤᠭᠤᠴᠢ ᠂ ᠰᠡᠯᠪᠢᠨ ᠵᠠᠰᠠᠬᠤ ᠠᠵᠢᠯᠲᠠᠨ᠎ᠢ ᠪᠣᠯᠪᠠᠰᠤᠷᠠᠯ᠎ᠳ᠋ᠤ ᠤᠷᠤᠯᠴᠠᠭᠤᠯᠵᠤ ᠂ ᠲᠠᠷᠢᠶᠠᠯᠠᠩ᠎ᠤᠨ ᠮᠠᠰᠢᠨ ᠪᠠᠭᠠᠵᠢ᠎ᠶᠢ 146.9 ᠲᠦᠮᠡ ᠪᠠᠶᠢᠴᠠᠭᠠᠨ ᠵᠠᠰᠠᠵᠤ ᠂ ᠪᠠᠶᠢᠴᠠᠭᠠᠨ ᠵᠠᠰᠠᠭᠰᠠᠨ ᠨᠣᠷᠮ᠎ᠠ 88.3%᠎ᠳ᠋ᠤ ᠬᠦᠷᠴᠦ ᠂ ᠬᠠᠪᠤᠷ᠎ᠤᠨ ᠲᠠᠷᠢᠶᠠᠯᠠᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠪᠠ ᠃ ᠨᠢᠳᠤᠨᠤᠨ ᠡᠪᠦᠯ ᠡᠨᠡ ᠬᠠᠪᠤᠷ ᠪᠦᠬᠦ ᠣᠷᠣᠨ᠎ᠳ᠋ᠤ 70.6 ᠲᠦᠮᠡᠨ ᠬᠥᠮᠦᠨ ᠤᠳᠠᠭ᠎ᠠ᠎ᠶᠢᠨ ᠲᠠᠷᠢᠶᠠᠴᠢᠨ᠎ᠤ ᠪᠣᠯᠪᠠᠰᠤᠷᠠᠯ᠎ᠢ ᠡᠷᠭᠢᠯᠡᠵᠦ ᠂ 80.8 ᠲᠦᠮᠡᠨ ᠬᠤᠪᠢ ᠮᠡᠷᠭᠡᠵᠢᠯ᠎ᠤᠨ ᠮᠠᠲ᠋ᠧᠷᠢᠶᠠᠯ ᠲᠠᠷᠬᠠᠭᠠᠵᠤ ᠂ ᠡᠯ᠎ᠡ ᠱᠠᠲᠤᠨ᠎ᠤ ᠲᠠᠷᠢᠶᠠᠯᠠᠩ᠎ᠤᠨ ᠮᠡᠷᠭᠡᠵᠢᠯ᠎ᠤᠨ ᠠᠵᠢᠯᠲᠠᠨ᠎ᠢ 7975 ᠬᠥᠮᠦᠨ ᠤᠳᠠᠭ᠎ᠠ ᠵᠣᠬᠢᠶᠠᠨ ᠪᠠᠶᠢᠭᠤᠯᠤᠨ ᠬᠥᠳᠡᠭᠡ ᠪᠠᠭᠤᠯᠭᠠᠵᠠᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面