2020-04-03 16:19:45
ᠵᠢᠯ᠎ᠤᠨ ᠠᠵᠢᠯ ᠬᠠᠪᠣᠷᠲᠤᠪᠠᠨ ᠭᠡᠳᠡᠭ᠎ᠢᠶᠠᠷ ᠂ ᠤᠯᠠᠭᠠᠨᠬᠠᠳᠠ ᠬᠤᠳᠠ᠎ᠶᠢᠨ ᠬᠠᠷᠠᠴᠢᠨ ᠬᠣᠰᠢᠭᠤ ᠬᠢᠵᠢᠭ᠎ᠤᠨ ᠪᠠᠶᠢᠳᠠᠯ᠎ᠢ ᠪᠦᠬᠦ ᠬᠦᠴᠦᠨ᠎ᠢᠶᠠᠷ ᠰᠡᠷᠭᠡᠶᠢᠯᠡᠨ ᠡᠵᠡᠮᠳᠡᠬᠦ᠎ᠶᠢᠨ ᠬᠠᠮᠲᠤ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ ᠡᠮᠬᠢ ᠵᠢᠷᠤᠮ᠎ᠲᠠᠢ ᠶᠠᠪᠤᠭᠳᠠᠬᠤ᠎ᠶᠢ ᠪᠠᠲᠤᠯᠠᠵᠤ ᠪᠠᠢᠨ᠎ᠠ ᠃
ᠰᠦᠯᠵᠢᠶᠡᠨ ᠲᠡᠬᠡᠷ᠎ᠡ ᠵᠢᠭᠠᠨ ᠵᠢᠯᠣᠭᠣᠳᠬᠣ ᠠᠵᠢᠯ᠎ᠢ ᠴᠢᠩᠭᠠᠳᠬᠠᠵᠣ ᠂ ᠢᠳᠡᠰᠢᠨ ᠨᠣᠭᠣᠭ᠎ᠠ᠎ᠶᠢᠨ ᠦᠶᠯᠡᠳᠪᠦᠷᠢᠯᠡᠯ᠎ᠤᠨ ᠰᠠᠭᠠᠳ ᠦᠬᠡᠢ ᠪᠠᠢᠬᠣ᠎ᠶᠢ ᠪᠠᠳᠣᠯᠠᠵᠣ ᠪᠣᠢ ᠃ ︽ ᠪᠢᠳᠡ ᠬᠠᠩᠭᠠᠯᠭ᠎ᠠ᠎ᠶᠢᠨ ᠪᠠᠶᠢᠳᠠᠯ᠎ᠢ ᠰᠢᠨᠵᠢᠯᠡᠬᠦ ᠤᠬᠠᠭᠠᠨᠴᠢ᠎ᠪᠠᠷ ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ ᠂ ᠢᠳᠡᠰᠢᠨ ᠨᠣᠭᠣᠭ᠎ᠠ᠎ᠶᠢᠨ ᠦᠢᠯᠡᠳᠪᠦᠷᠢᠯᠡᠯ ᠪᠠ ᠨᠥᠭᠡᠴᠡᠯᠡᠬᠦ ᠠᠵᠢᠯ᠎ᠢ ᠢᠳᠡᠪᠬᠢᠲᠡᠶ ᠬᠢᠵᠥ ᠂ ᠠᠷᠠᠳ ᠣᠯᠠᠨ᠎ᠤ ᠢᠳᠡᠰᠢᠨ ᠨᠣᠭᠣᠭ᠎ᠠ᠎ᠶᠢᠨ ᠬᠠᠩᠭᠠᠯᠭ᠎ᠠ᠎ᠶᠢ ᠪᠠᠳᠣᠯᠠᠬᠤ ᠠᠵᠢᠯ᠎ᠢ ᠰᠠᠢᠳᠤᠷ ᠬᠢᠭᠰᠡᠨ ︾ ᠬᠡᠵᠦ ᠵᠢᠨᠱᠠᠨ ᠪᠠᠯᠭᠠᠰᠤᠨ᠎ᠤ ᠨᠠᠮ᠎ᠤᠨ ᠬᠣᠷᠢᠶᠠᠨ᠎ᠤ ᠳᠡᠳ᠋ ᠱᠦᠵᠢ ᠭᠦᠸᠧ ᠶᠠ ᠵᠢᠶᠦ᠋ᠨ ᠶᠠᠷᠢᠵᠤ ᠪᠠᠢᠯ᠎ᠠ ᠃ ᠵᠢᠨᠱᠠᠨ ᠪᠠᠯᠭᠠᠰᠤ ᠣᠯᠠᠨ ᠲᠦᠮᠡᠨ᠎ᠳ᠋ᠤ ᠦᠨ᠎ᠡ ᠬᠠᠩᠰᠢ᠎ᠨᠢ ᠲᠣᠬᠢᠷᠠᠮᠵᠢᠳᠡᠢ ᠢᠳᠠᠰᠢᠨ ᠨᠣᠭᠣᠭ᠎ᠠ ᠬᠠᠩᠭᠠᠬᠣ᠎ᠶᠢᠨ ᠲᠥᠯᠥᠭᠡ ᠂ ᠲᠤᠰᠬᠠᠶᠢᠯᠠᠨ ᠪᠠᠯᠭᠠᠰᠤᠨ᠎ᠤ᠎ᠪᠠᠨ ᠲᠠᠷᠢᠶᠠᠯᠠᠩ᠎ᠤᠨ ᠰᠢᠨᠵᠢᠯᠡᠬᠦ ᠤᠬᠠᠭᠠᠨ᠎ᠤ ᠥᠷᠲᠡᠭᠡ ᠪᠣᠯᠣᠨ ᠢᠳᠡᠰᠢᠨ ᠨᠣᠭᠣᠭ᠎ᠠ ᠲᠠᠷᠢᠵᠣ ᠪᠠᠢᠭ᠎ᠠ ᠲᠢᠶᠠᠨ ᠶᠢᠩᠽᠢ ᠲᠣᠰᠬᠣᠨ ᠪᠠ ᠸᠠ ᠹᠠᠩ ᠳ᠋ᠢ ᠲᠣᠰᠬᠣᠨ᠎ᠲᠠᠢ ᠬᠠᠷᠢᠯᠴᠠᠵᠤ ᠂ ᠬᠣᠶᠠᠷ ᠲᠣᠰᠬᠣᠨ᠎ᠤ ᠢᠳᠡᠰᠢᠨ ᠨᠣᠭᠣᠭ᠎ᠠ᠎ᠶᠢᠨ ᠬᠦᠯᠡᠮᠵᠢ᠎ᠶᠢᠨ ᠤᠷᠭᠤᠯᠲᠠ᠎ᠶᠢᠨ ᠪᠠᠶᠢᠳᠠᠯ᠎ᠢ ᠤᠢᠯᠠᠭᠠᠵᠤ ᠂ ᠮᠡᠷᠭᠡᠵᠢᠯ᠎ᠤᠨ ᠵᠢᠯᠣᠭᠣᠳᠣᠯᠭ᠎ᠠ ᠬᠠᠩᠭᠠᠪᠠ ᠃ ︽ ᠳᠤᠰ ᠬᠣᠶᠠᠷ ᠲᠣᠰᠬᠣᠨ ᠡᠪᠦᠯ ᠬᠠᠪᠤᠷ᠎ᠤᠨ ᠢᠳᠡᠰᠢᠨ ᠨᠣᠭᠣᠭ᠎ᠠ᠎ᠶᠢᠨ ᠪᠠᠢᠳᠠᠯ᠎ᠳ᠋ᠤ ᠲᠤᠬᠢᠷᠠᠭᠤᠯᠤᠨ ᠨᠠᠪᠴᠢᠲᠤ ᠨᠣᠭᠣᠭ᠎ᠠ ᠪᠠ ᠲᠦᠷᠭᠡᠨ ᠤᠷᠭᠤᠬᠤ ᠢᠳᠡᠰᠢᠨ ᠨᠣᠭᠣᠭ᠎ᠠ᠎ᠶᠢᠨ ᠭᠠᠷᠤᠯᠲᠠ᠎ᠶᠢ ᠵᠣᠬᠢᠰᠲᠠᠶ ᠨᠡᠮᠡᠭᠳᠡᠭᠦᠯᠵᠦ ᠂ ᠢᠳᠡᠰᠢᠨ ᠨᠣᠭᠣᠭ᠎ᠠ᠎ᠶᠢᠨ ᠦᠢᠯᠡᠳᠪᠦᠷᠢᠯᠡᠯ᠎ᠤᠨ ᠬᠠᠩᠭᠠᠯᠭ᠎ᠠ᠎ᠶᠢ ᠪᠠᠲᠤᠯᠠᠵᠦ ᠪᠠᠢᠨ᠎ᠠ ︾ ᠬᠡᠵᠦ ᠭᠦᠸᠧ ᠶᠠ ᠵᠢᠶᠦ᠋ᠨ ᠲᠠᠨᠢᠯᠴᠠᠭᠣᠯᠪᠠ ᠃
ᠣᠶᠢᠯᠠᠭᠠᠭᠰᠠᠨ᠎ᠢᠶᠠᠷ ᠂ ᠬᠠᠷᠠᠴᠢᠨ ᠬᠤᠰᠢᠭᠤᠨ᠎ᠤ ᠵᠢᠨᠱᠠᠨ ᠪᠠᠯᠭᠠᠰᠤᠨ᠎ᠤ ᠸᠠ ᠹᠠᠩ ᠳ᠋ᠢ ᠲᠣᠰᠬᠣᠨ᠎ᠳ᠋ᠤ ᠣᠲᠣ 80 ᠭᠠᠷᠤᠶ ᠢᠳᠡᠰᠢᠨ ᠨᠣᠭᠣᠭ᠎ᠠ᠎ᠶᠢᠨ ᠬᠦᠯᠡᠮᠵᠢ᠎ᠲᠠᠢ ᠂ ᠭᠣᠤᠯᠳᠠᠭᠤ ᠵᠢᠵᠢᠭ ᠲᠥᠪᠡᠳ ᠬᠠᠰᠢ ᠳᠠᠷᠢᠵᠤ ᠂ 20 ᠡᠳᠦᠷ ᠪᠣᠯᠪᠠᠯ ᠪᠣᠯᠪᠠᠰᠤᠷᠠᠴᠢᠬᠠᠨᠠ ᠃ ᠲᠢᠶᠠᠨ ᠶᠢᠩᠽᠢ ᠲᠣᠰᠬᠣᠨ᠎ᠳ᠋ᠤ 21 ᠢᠳᠡᠰᠢᠨ ᠨᠣᠭᠣᠭ᠎ᠠ᠎ᠶᠢᠨ ᠬᠦᠯᠡᠮᠵᠢ᠎ᠲᠠᠢ ᠂ ᠶᠡᠷᠦᠩᠬᠡᠶ ᠤᠨᠠᠯᠲᠠ᠎ᠨᠢ 30 ᠲᠦᠮᠡᠨ ᠵᠢᠩ ᠣᠷᠴᠢᠮ ᠂ ᠲᠦᠴᠢᠨ ᠲᠠᠪᠤ᠋ ᠬᠤᠨᠤᠭ᠎ᠲᠤ ᠪᠣᠯᠪᠠᠰᠣᠷᠠᠨᠠ ᠂ ᠬᠣᠶᠠᠷ ᠰᠠᠷ᠎ᠠ᠎ᠶᠢᠨ ᠲᠠᠷᠠᠭ᠎ᠠ ᠪᠥᠬᠥ ᠪᠠᠯᠭᠠᠰᠤᠨ᠎ᠤ ᠣᠯᠠᠨ ᠲᠦᠮᠡᠨ᠎ᠤ ᠡᠳᠦᠷ ᠲᠤᠲᠤᠮ᠎ᠤᠨ ᠠᠮᠢᠳᠤᠷᠠᠯ᠎ᠤᠨ ᠬᠡᠷᠡᠭᠴᠡᠭᠡ᠎ᠶᠢ ᠪᠦᠲᠦᠮᠵᠢᠲᠡᠶ ᠬᠠᠩᠭᠠᠵᠤ ᠴᠢᠳᠠᠨ᠎ᠠ ᠃
ᠨᠠᠮ᠎ᠤᠨ ᠪᠠᠶᠢᠭᠤᠯᠤᠯᠲᠠ᠎ᠶᠢ ᠴᠢᠩᠭ᠎ᠠ ᠠᠳᠬᠤᠵᠤ ᠂ ᠲᠠᠷᠢᠶᠠᠯᠠᠩ᠎ᠤᠨ ᠠᠵᠤ ᠦᠢᠯᠡᠰ᠎ᠤᠨ ᠬᠡᠯᠬᠢᠶ᠎ᠡ᠎ᠶᠢ ᠲᠣᠭᠲᠠᠪᠤᠷᠢᠵᠢᠭᠤᠯᠪᠠ ᠃ ᠵᠠᠩ ᠶᠠᠨ ᠴᠦᠨ ᠪᠣᠯ ᠨᠠᠨᠲᠠᠢ ᠽᠢ ᠰᠢᠶᠠᠩ᠎ᠤᠨ ᠰᠢᠨ ᠱᠢ ᠨᠠᠨ ᠲᠦᠬᠦᠬᠡᠷᠦᠮᠵᠢᠳᠦ ᠲᠠᠷᠢᠶᠠᠯᠠᠩ᠎ᠤᠨ ᠠᠵᠤ ᠦᠶᠯᠡᠰ᠎ᠤᠨ ᠬᠣᠯᠪᠣᠭᠠᠯᠠᠬᠰᠠᠨ ᠨᠠᠮ᠎ᠤᠨ ᠡᠭᠦᠷ᠎ᠤᠨ ᠶᠡᠷᠦᠩᠬᠡᠢ ᠱᠦᠵᠢ ᠮᠥᠨ ᠂ ᠲᠡᠬᠦᠨ᠎ᠤ ᠲᠠᠭᠠᠭᠤᠯᠭ᠎ᠠ᠎ᠪᠠᠷ ᠲᠤᠰ ᠬᠦᠷᠢᠶᠡᠯᠡᠩ ᠲᠣᠭᠣᠷᠢᠭ ᠨᠠᠮ᠎ᠤᠨ ᠭᠡᠰᠢᠭᠦᠨ᠎ᠤ ᠬᠣᠰᠢᠭᠤᠴᠢ ᠠᠩᠬᠢ ᠪᠠᠶᠢᠭᠤᠯᠤᠨ ᠂ ᠬᠦᠷᠢᠶᠡᠯᠡᠩ ᠲᠣᠭᠣᠷᠢᠭ᠎ᠢ ᠭᠤᠷᠪᠠᠨ ᠬᠡᠰᠡᠭ ᠪᠣᠯᠭᠠᠨ ᠬᠤᠪᠢᠶᠠᠵᠤ ᠂ ᠨᠠᠮ᠎ᠤᠨ ᠭᠡᠰᠢᠭᠦᠨ ᠤᠯᠠᠨ ᠲᠦᠮᠡᠨ᠎ᠢ ᠵᠣᠬᠢᠶᠠᠨ ᠪᠠᠶᠢᠭᠤᠯᠣᠨ ᠬᠦᠯᠡᠮᠵᠢ᠎ᠳ᠋ᠤ ᠠᠵᠢᠯᠯᠠᠵᠣ ᠪᠠᠢᠭ᠎ᠠ 300 ᠭᠠᠷᠤᠢ ᠬᠥᠯᠥᠰᠥᠨ ᠠᠵᠢᠯᠴᠢᠨ᠎ᠢ ᠨᠢᠭᠡᠳ ᠨᠢᠭᠡ᠎ᠪᠠᠷ ᠵᠢᠭᠰᠠᠭᠠᠨ ᠪᠠᠶᠢᠴᠠᠭᠠᠭᠰᠠᠨ ᠪᠥᠭᠡᠳ ᠨᠠᠮ᠎ᠤᠨ ᠭᠡᠰᠢᠭᠦᠨ ᠤᠯᠠᠨ ᠲᠦᠮᠡᠨ᠎ᠢ ᠵᠣᠬᠢᠶᠠᠨ ᠪᠠᠶᠢᠭᠤᠯᠣᠨ ᠬᠦᠯᠡᠮᠵᠢ᠎ᠶᠢᠨ ᠲᠣᠭᠣᠷᠢᠭ᠎ᠲᠠᠬᠢ 7 ᠺᠢᠯᠣᠮᠸᠲ᠋ᠷ᠎ᠤᠨ ᠬᠡᠪᠴᠢᠶᠡᠨ ᠳᠣᠲᠣᠷᠠᠬᠢ ᠬᠠᠮᠢᠶᠠᠷᠤᠯᠲᠠ᠎ᠶᠢᠨ ᠭᠡᠷ ᠂ ᠬᠦᠷᠢᠶᠡᠯᠡᠩ ᠲᠣᠭᠣᠷᠢᠭ᠎ᠤᠨ ᠵᠠᠮ ᠂ ᠬᠣᠭ ᠨᠣᠪᠰᠢ᠎ᠶᠢᠨ ᠴᠥᠭᠥᠷᠥᠮ᠎ᠢ ᠠᠷᠢᠭᠣᠳᠬᠠᠨ ᠴᠡᠪᠡᠷᠯᠡᠵᠡᠢ ᠃
ᠱᠠᠩ ᠸᠠ ᠹᠠᠩ ᠲᠣᠰᠬᠣᠨ᠎ᠤ ᠨᠠᠮ᠎ᠤᠨ ᠡᠭᠦᠷ᠎ᠤᠨ ᠱᠦᠵᠢ ᠾᠦᠸᠸ ᠶᠦᠩ ᠴᠢᠶᠠᠩ᠎ᠤᠨ ᠲᠠᠨᠢᠯᠴᠠᠭᠤᠯᠤᠭᠰᠠᠨ᠎ᠢᠶᠠᠷ ᠂ 50 ᠭᠠᠷᠤᠢ ᠮᠦ ᠬᠦᠯᠡᠮᠵᠢ᠎ᠳ᠋ᠤ ᠲᠦᠷᠭᠡᠨ ᠣᠷᠭᠣᠬᠣ ᠨᠣᠭᠣᠭ᠎ᠠ ᠲᠠᠷᠢᠭᠰᠠᠨ ᠶᠤᠮ ᠪᠠᠢᠨ᠎ᠠ ᠃ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠪᠠᠲᠤᠯᠠᠬᠤ᠎ᠶᠢᠨ ᠲᠥᠯᠥᠭᠡ ᠂ ᠸᠠᠩ᠎ᠤᠨ ᠬᠣᠷᠣᠭ᠎ᠠ ᠪᠠᠯᠭᠠᠰᠤ᠎ᠨᠢ ᠲᠠᠷᠢᠶᠠᠯᠠᠩ᠎ᠤᠨ ᠰᠠᠯᠠᠭ᠎ᠠ ᠮᠥᠴᠢᠷ᠎ᠢ ᠵᠣᠬᠢᠶᠠᠨ ᠪᠠᠶᠢᠭᠤᠯᠵᠤ ᠲᠠᠷᠢᠶᠠᠯᠠᠩ᠎ᠳ᠋ᠤ ᠬᠡᠷᠡᠭᠯᠡᠬᠦ ᠡᠳ᠋ ᠪᠣᠳᠠᠰ᠎ᠤᠨ ᠨᠥᠭᠡᠴᠡ ᠪᠠ ᠬᠠᠩᠭᠠᠯᠭ᠎ᠠ᠎ᠶᠢ ᠵᠣᠬᠢᠴᠠᠭᠤᠯᠵᠤ ᠂ ᠲᠠᠷᠢᠶᠠᠯᠠᠩ᠎ᠤᠨ ᠮᠡᠷᠭᠡᠵᠢᠯᠲᠡᠨ᠎ᠢ ᠴᠠᠭ ᠲᠤᠬᠠᠢ᠎ᠳ᠋ᠤᠨᠢ ᠲᠠᠷᠢᠶᠠᠯᠠᠩ ᠦᠢᠯᠡᠳᠪᠦᠷᠢᠯᠡᠯ᠎ᠤᠨ ᠳᠤᠮᠳᠠ ᠭᠦᠨᠵᠡᠭᠡᠶᠢᠷᠡᠨ ᠵᠢᠯᠣᠭᠣᠳᠬᠤ ᠪᠠ ᠮᠡᠷᠭᠡᠵᠢᠯ ᠳᠡᠯᠭᠡᠷᠡᠭᠦᠯᠬᠦ᠎ᠶᠢ ᠱᠠᠭᠠᠷᠲᠠᠵᠤ ᠂ ᠬᠠᠪᠤᠷ᠎ᠤᠨ ᠲᠠᠷᠢᠶᠠᠯᠠᠭ᠎ᠠ᠎ᠶᠢᠨ ᠳᠤᠮᠳᠠᠬᠢ ᠮᠡᠷᠭᠡᠵᠢᠯ᠎ᠤᠨ ᠬᠦᠴᠢᠷ ᠠᠰᠠᠭᠤᠳᠠᠯ᠎ᠢ ᠬᠠᠪᠰᠤᠷᠤᠨ ᠰᠢᠢᠳᠪᠦᠷᠢᠯᠡᠵᠤ ᠪᠤᠢ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠷᠢᠭᠤᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃