ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2020-04-06 12:15:38

ᠵᠣᠬᠢᠶᠠᠭ᠍ᠴᠢ᠄ ᠪᠤᠤ ᠴᠢᠩ ᠱᠧᠩ ᠣᠩᠱᠢᠭ᠍ᠰᠠᠨ ᠣᠳᠠᠭ᠎ᠠ᠄ 3

ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠭᠡᠯ ᠠᠵᠢᠯ᠎ᠳ᠋ᠠᠬᠢ ᠮᠥᠩᠭᠥᠨ ᠭᠦᠢᠯᠭᠡᠭᠡᠨ᠎ᠤ ᠳᠡᠮᠵᠢᠯᠭᠡ᠎ᠶᠢ ᠨᠡᠮᠡᠭᠳᠡᠭᠦᠯᠵᠦ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ ᠪᠣᠯᠤᠨ ᠬᠠᠪᠤᠷ᠎ᠤᠨ ᠲᠠᠷᠢᠶᠠᠯᠠᠭ᠎ᠠ ᠬᠣᠶᠠᠷ᠎ᠢ ᠰᠠᠭᠠᠲᠠᠭᠠᠬᠤ ᠦᠭᠡᠶ ᠪᠠᠶᠢᠬᠤ᠎ᠶᠢ ᠦᠨᠡᠨ ᠬᠦ ᠪᠠᠲᠤᠯᠠᠬᠤ᠎ᠶᠢᠨ ᠲᠥᠯᠥᠭᠡ ᠂ ᠲᠠᠷᠢᠶᠠᠯᠠᠩ᠎ᠤᠨ ᠪᠠᠩᠬᠢ᠎ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠰᠠᠯᠪᠥᠷᠢ ᠪᠠᠩᠬᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠣᠯᠠᠨ ᠵᠦᠢᠯ᠎ᠤᠨ ᠠᠷᠭ᠎ᠠ ᠮᠠᠢᠭ᠎ᠢᠶᠠᠷ ᠳᠠᠮᠵᠢᠭᠤᠯᠤᠨ ᠂ ᠲᠠᠷᠢᠶᠠᠯᠠᠩ᠎ᠳ᠋ᠤ ᠬᠣᠯᠪᠣᠭᠳᠠᠬᠤ ᠮᠥᠩᠭᠥᠨ ᠭᠦᠢᠯᠭᠡᠭᠡᠨ᠎ᠤ ᠦᠢᠯᠡᠴᠢᠯᠡᠭᠡᠨ᠎ᠤ ᠬᠡᠷᠡᠭᠴᠡᠭᠡ᠎ᠶᠢ ᠬᠠᠩᠭᠠᠵᠤ ᠂ ᠮᠠᠯᠴᠢᠨ ᠲᠠᠷᠢᠶᠠᠴᠢᠨ᠎ᠤ ᠭᠡᠷ᠎ᠲᠤᠨᠢ ᠣᠴᠢᠵᠤ ᠦᠶᠯᠡᠴᠢᠯᠡᠨ ᠂ ᠪᠠᠳᠤᠯᠠᠭᠠᠳᠤ ᠪᠤᠰᠤ ᠮᠥᠩᠭᠥᠨ ᠭᠦᠢᠯᠭᠡᠭᠡᠨ᠎ᠤ ᠵᠢᠭᠡᠯᠡᠯᠭᠡ᠎ᠶᠢ ᠬᠠᠩᠭᠠᠵᠤ ᠪᠠᠢᠨ᠎ᠠ ᠃
ᠣᠶᠢᠷ᠎ᠠ᠎ᠳ᠋ᠤ ᠂ ᠲᠠᠷᠢᠶᠠᠯᠠᠩ᠎ᠤᠨ ᠪᠠᠩᠬᠢ᠎ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠰᠠᠯᠪᠤᠷᠢ ᠪᠠᠩᠬᠢ᠎ᠶᠢᠨ ᠨᠡᠭᠦᠳᠡᠯ ᠨᠠᠮ᠎ᠤᠨ ᠭᠡᠰᠢᠭᠦᠨ᠎ᠤ ᠬᠣᠰᠢᠭᠤᠴᠢ ᠠᠩᠭᠢ ᠰᠢᠶᠠᠩ ᠪᠠᠯᠭᠠᠰᠤᠨ᠎ᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠣᠯᠤᠭᠰᠠᠨ᠎ᠤ ᠳᠠᠷᠠᠭ᠎ᠠ ᠂ ᠡᠯ᠎ᠡ ᠭᠠᠴᠠᠭ᠎ᠠ ᠲᠣᠰᠬᠣᠨ᠎ᠳ᠋ᠤ ᠬᠦᠷᠴᠦ ᠡᠷᠦᠬᠡ ᠳᠠᠷᠠᠭᠠᠯᠠᠨ ᠦᠢᠯᠡᠴᠢᠯᠡᠵᠦ ᠂ ᠮᠠᠯᠴᠢᠨ ᠲᠠᠷᠢᠶᠠᠴᠢᠨ᠎ᠤ ᠵᠢᠭᠡᠯᠡᠯᠭᠡ᠎ᠶᠢᠨ ᠮᠡᠳᠡᠭᠡ ᠵᠠᠩᠭᠢ᠎ᠶᠢ ᠳᠡᠩᠰᠡᠯᠡᠨ ᠲᠡᠮᠳᠡᠭᠯᠡᠬᠦ᠎ᠶᠢᠨ ᠬᠠᠮᠲᠤ ᠂ ᠲᠡᠳᠡᠨ᠎ᠢ ᠵᠢᠯᠣᠭᠣᠳᠤᠨ ᠭᠠᠷ ᠤᠳᠠᠰᠤᠨ ᠳᠡᠭᠡᠷᠡᠬᠢ ᠪᠠᠩᠬᠢ᠎ᠳ᠋ᠤ ᠮᠥᠩᠭᠥᠨ ᠭᠦᠢᠯᠭᠡᠭᠡᠨ᠎ᠤ ᠲᠤᠬᠠᠶᠢᠯᠠᠭᠰᠠᠨ ᠠᠵᠢᠯ᠎ᠤᠨ ᠭᠠᠷ ᠭᠦᠢᠴᠡᠳᠭᠡᠯ ᠬᠢᠯᠭᠡᠵᠤ ᠂ ᠲᠤᠰ ᠬᠤᠰᠢᠭᠤᠨ᠎ᠤ ᠮᠠᠯᠴᠢᠨ ᠲᠠᠷᠢᠶᠠᠴᠢᠨ᠎ᠤ ᠬᠠᠪᠤᠷ᠎ᠤᠨ ᠲᠠᠷᠢᠶᠠᠯᠠᠭ᠎ᠠ᠎ᠶᠢᠨ ᠪᠠᠯᠠ ᠮᠥᠩᠭᠥ᠎ᠶᠢᠨ ᠬᠡᠷᠡᠭᠴᠡᠭᠡ᠎ᠶᠢ ᠪᠥᠬᠥ ᠬᠦᠴᠦᠨ᠎ᠢᠶᠠᠷ ᠪᠠᠲᠤᠯᠠᠵᠤ ᠪᠤᠢ ᠃ ᠲᠣᠰ ᠪᠠᠩᠬᠢ ᠢᠲᠡᠭᠡᠮᠵᠢᠲᠦ ᠲᠣᠰᠬᠣᠨ ᠢᠲᠡᠭᠡᠮᠵᠢᠳᠤ ᠡᠷᠥᠭᠡ᠎ᠶᠢᠨ ᠠᠷᠭ᠎ᠠ ᠮᠠᠢᠭ᠎ᠢᠶᠠᠷ ᠳᠠᠮᠵᠢᠭᠤᠯᠤᠨ ᠂ ᠮᠠᠯᠴᠢᠨ ᠲᠠᠷᠢᠶᠠᠴᠢᠨ᠎ᠳ᠋ᠤ ᠪᠠᠳᠤᠯᠠᠭᠠᠳᠤ ᠪᠤᠰᠤ ᠵᠢᠭᠡᠯᠡᠯᠭᠡ ᠬᠠᠩᠭᠠᠵᠤ ᠂ ᠮᠠᠯᠴᠢᠨ ᠲᠠᠷᠢᠶᠠᠴᠢᠨ᠎ᠤ ᠪᠠᠯᠠ ᠮᠥᠩᠭᠥ ᠴᠤᠬᠯᠠᠭᠤᠯᠬᠤ᠎ᠳ᠋ᠤ ᠬᠦᠴᠢᠷ ᠂ ᠪᠠᠯᠠ ᠮᠥᠩᠬᠥ ᠴᠤᠬᠯᠠᠭᠤᠯᠬᠤ᠎ᠳ᠋ᠤ ᠳᠠᠭᠠᠯᠲᠠ ᠥᠷᠳᠡᠭ ᠶᠡᠬᠡ ᠵᠡᠷᠭᠡ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠭᠰᠡᠨ ᠪᠥᠭᠡᠳ ᠲᠠᠷᠢᠶᠠᠴᠢᠳ᠎ᠤᠨ ᠤᠳᠠᠭ᠎ᠠ ᠳᠠᠷᠠᠭᠠᠯᠠᠨ ᠬᠤᠲᠠ ᠤᠷᠤᠵᠤ ᠭᠠᠷᠳᠠᠮ ᠭᠥᠢᠴᠡᠳᠭᠡᠬᠥ᠎ᠶᠢ ᠪᠠᠭᠠᠰᠬᠠᠨ ᠂ ᠮᠠᠯᠴᠢᠨ ᠲᠠᠷᠢᠶᠠᠴᠢᠨ᠎ᠤ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠰᠠᠭᠠᠲᠠᠭᠠᠬᠤ ᠥᠬᠡᠶ ᠂ ᠦᠢᠯᠡᠳᠪᠦᠷᠢᠯᠡᠯ᠎ᠢ ᠰᠠᠭᠠᠲᠠᠭᠠᠬᠤ ᠥᠬᠡᠶ ᠪᠠᠶᠢᠬᠤ᠎ᠶᠢ ᠦᠨᠡᠨ ᠬᠦ ᠪᠠᠲᠤᠯᠠᠵᠤ ᠪᠠᠶᠢᠨ᠎ᠠ ᠃
ᠣᠲᠣ ᠪᠣᠯᠲᠠᠯ᠎ᠠ ᠂ ᠲᠠᠷᠢᠶᠠᠯᠠᠩ᠎ᠤᠨ ᠪᠠᠩᠬᠢ᠎ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠰᠠᠯᠪᠤᠷᠢ ᠪᠠᠩᠬᠢ ᠲᠣᠰ ᠬᠣᠰᠢᠭᠤᠨ᠎ᠳ᠋ᠤ 1.68 ᠳ᠋ᠦᠩᠰᠢᠭᠤᠷ ᠲᠥᠭᠥᠷᠢᠭ᠎ᠤᠨ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠳᠡᠮᠵᠢᠬᠥ ᠪᠠᠯᠠ ᠮᠥᠩᠭᠥ ᠲᠠᠷᠬᠠᠭᠠᠵᠤ ᠂ 2483 ᠮᠠᠯᠴᠢᠨ ᠲᠠᠷᠢᠶᠠᠴᠢᠨ ᠡᠷᠥᠭᠡ᠎ᠶᠢᠨ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠳ᠋ᠤ ᠲᠤᠰᠠᠯᠠᠮᠵᠢ ᠥᠵᠡᠭᠥᠯᠪᠡ ᠂ ᠵᠢᠱᠢᠯᠲᠡ᠎ᠪᠠᠷ ᠂ 3 ᠰᠠᠷ᠎ᠠ᠎ᠶᠢᠨ ᠡᠴᠦᠰ ᠪᠣᠯᠲᠠᠯ᠎ᠠ ᠪᠠᠰᠠ 1.2 ᠳ᠋ᠦᠩᠰᠢᠭᠤᠷ ᠲᠥᠭᠥᠷᠢᠭ ᠳᠠᠷᠬᠠᠭᠠᠵᠤ ᠂ 2020 ᠣᠨ᠎ᠳ᠋ᠤ ᠲᠣᠰ ᠬᠣᠰᠢᠭᠤᠨ᠎ᠤ 21 ᠰᠤᠮᠤ ᠰᠢᠶᠠᠩ ᠪᠠᠯᠭᠠᠰᠤᠨ᠎ᠤ ᠮᠠᠯᠴᠢᠨ ᠲᠠᠷᠢᠶᠠᠴᠢᠨ ᠡᠷᠦᠬᠡ᠎ᠳ᠋ᠤ ᠳᠠᠷᠬᠠᠭᠠᠬᠤ ᠰᠢᠨ᠎ᠡ᠎ᠪᠠᠷ ᠨᠡᠮᠡᠭᠳᠡᠭᠥᠯᠬᠥ ᠵᠢᠭᠡᠯᠡᠯᠭᠡ᠎ᠶᠢ 1000 ᠲᠦᠮᠡᠨ ᠲᠥᠭᠥᠷᠢᠭ᠎ᠡᠴᠠ ᠳᠣᠤᠷ᠎ᠠ ᠥᠬᠡᠶ ᠪᠠᠶᠢᠬᠤ᠎ᠶᠢ ᠪᠠᠲᠤᠯᠠᠨ ᠂ ᠲᠣᠰ ᠬᠣᠰᠢᠭᠤᠨ᠎ᠤ ᠬᠠᠪᠤᠷ᠎ᠤᠨ ᠲᠠᠷᠢᠶᠠᠯᠠᠭ᠎ᠠ᠎ᠳ᠋ᠤ ᠦᠷᠭᠦᠯᠵᠢᠯᠡᠨ ᠪᠠᠲᠤᠯᠠᠭ᠎ᠠ ᠬᠠᠩᠭᠠᠬᠤ ᠪᠤᠯᠤᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面