ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-03-15 10:21:39

ᠵᠣᠬᠢᠶᠠᠭ᠍ᠴᠢ᠄ ᠪᠤᠤ ᠨᠠᠷᠡᠨᠳᠤᠶᠠᠭ᠎ᠠ ᠣᠩᠱᠢᠭ᠍ᠰᠠᠨ ᠣᠳᠠᠭ᠎ᠠ᠄ 3

ᠤᠢᠷ᠎ᠠ᠎ᠳ᠋ᠤ ᠂ ᠬᠥᠬᠡᠬᠣᠲᠠ ᠪᠥᠬᠥ ᠬᠣᠲᠠ᠎ᠶᠢᠨ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠬᠤᠷᠠᠯ ᠬᠤᠷᠠᠯᠳᠤᠭᠤᠯᠵᠤ ᠂ ᠴᠠᠭ ᠠᠭᠤᠷ᠎ᠤᠨ ᠰᠠᠯᠠᠭ᠎ᠠ ᠮᠥᠴᠢᠷ᠎ᠤᠳ ᠬᠠᠪᠤᠷ᠎ᠤᠨ ᠲᠠᠷᠢᠶᠠᠯᠠᠭ᠎ᠠ᠎ᠶᠢᠨ ᠴᠠᠭ ᠠᠭᠤᠷ᠎ᠤᠨ ᠦᠢᠯᠡᠴᠢᠯᠡᠭᠡ᠎ᠶᠢᠨ ᠠᠵᠢᠯ᠎ᠢ ᠪᠥᠬᠥ ᠬᠦᠴᠦᠨ᠎ᠢᠶᠠᠷ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ ᠃

ᠬᠥᠬᠡᠬᠣᠲᠠ᠎ᠶᠢᠨ ᠵᠠᠰᠠᠭ᠎ᠤᠨ ᠣᠷᠳᠣᠨ᠎ᠡᠴᠠ ᠂ ᠴᠠᠭ ᠠᠭᠤᠷ᠎ᠤᠨ ᠰᠠᠯᠠᠭ᠎ᠠ ᠮᠥᠴᠢᠷ᠎ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠎ᠪᠠᠨ ᠴᠢᠩᠭᠠᠳᠬᠠᠵᠤ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠴᠠᠭ ᠠᠭᠤᠷ᠎ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡᠴᠢᠯᠡᠭᠡ᠎ᠶᠢᠨ ᠮᠡᠳᠡᠭᠡ ᠵᠠᠩᠭᠢ᠎ᠶᠢ ᠦᠢᠯᠡᠳᠬᠦ ᠬᠡᠷᠡᠭᠲᠡᠶ ︔ ᠲᠠᠷᠢᠶᠠᠯᠠᠩ᠎ᠳ᠋ᠤ ᠦᠢᠯᠡᠴᠢᠯᠡᠬᠦ ᠴᠠᠭ ᠠᠭᠤᠷ᠎ᠤᠨ ᠦᠢᠯᠡᠴᠢᠯᠡᠭᠡ᠎ᠶᠢ ᠯᠠᠪᠳᠠᠭᠤᠨ ᠪᠠᠲᠤᠲᠠᠶ ᠰᠠᠶᠢᠲᠤᠷ ᠬᠢᠵᠦ ᠂ ᠣᠳᠣᠬᠠᠨ᠎ᠤ ᠠᠭᠤᠷ ᠠᠮᠢᠰᠬᠤᠯ᠎ᠤᠨ ᠨᠥᠬᠥᠴᠡᠯ᠎ᠳ᠋ᠤ ᠰᠠᠭᠤᠷᠢᠯᠠᠨ ᠂ ᠠᠰᠢᠭᠲᠠᠶ ᠴᠠᠭ ᠲᠣᠬᠢᠶᠠᠯ᠎ᠢ ᠵᠠᠪᠳᠤᠨ ᠂ ᠬᠥᠮᠦᠨ᠎ᠤ ᠬᠦᠴᠦ᠎ᠪᠠᠷ ᠪᠣᠷᠣᠭᠠᠨ ᠣᠷᠣᠭᠤᠯᠬᠤ ᠠᠵᠢᠯ᠎ᠢ ᠢᠳᠡᠪᠬᠢᠲᠡᠶ ᠯᠠᠪᠳᠠᠭᠤᠨ ᠥᠷᠨᠢᠭᠦᠯᠬᠦ ᠬᠡᠷᠡᠭᠲᠡᠶ ᠭᠡᠵᠡᠢ ᠃

ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠴᠠᠭ ᠠᠭᠤᠷ᠎ᠤᠨ ᠦᠢᠯᠡᠴᠢᠯᠡᠭᠡᠨ᠎ᠤ ᠠᠵᠢᠯ᠎ᠢ ᠰᠠᠶᠢᠲᠤᠷ ᠬᠢᠬᠦ᠎ᠶᠢᠨ ᠲᠥᠯᠥᠭᠡ ᠂ ᠬᠥᠬᠡᠬᠣᠲᠠ᠎ᠶᠢᠨ ᠴᠠᠭ ᠠᠭᠤᠷ᠎ᠤᠨ ᠰᠠᠯᠠᠭ᠎ᠠ ᠮᠥᠴᠢᠷ ᠬᠣᠷᠢᠭ᠎ᠠ ᠱᠤᠭᠤᠮ᠎ᠤᠨ ᠰᠡᠳᠬᠢᠬᠦᠶ᠎ᠪᠠᠨ ᠴᠢᠩᠭᠠᠳᠬᠠᠵᠤ ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ᠎ᠪᠠᠨ ᠴᠢᠩᠭᠠᠳᠬᠠᠵᠤ ᠂ ᠤᠷᠢᠳᠴᠢᠯᠠᠨ ᠮᠡᠳᠡᠭᠦᠯᠬᠦ ᠵᠢᠴᠢ 24 ᠴᠠᠭ᠎ᠢᠶᠠᠷ ᠵᠢᠵᠢᠭᠦᠷᠯᠡᠬᠦ ᠲᠦᠷᠢᠮ ᠪᠠ ᠤᠳᠤᠷᠢᠳᠤᠯᠭ᠎ᠠ ᠵᠢᠵᠢᠭᠦᠷ ᠳᠠᠭᠠᠭᠤᠯᠬᠤ ᠲᠦᠷᠢᠮ᠎ᠢ ᠨᠠᠶᠢᠳᠠᠪᠤᠷᠢᠵᠢᠭᠤᠯᠵᠤ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠴᠠᠭ ᠠᠭᠤᠷ᠎ᠤᠨ ᠦᠢᠯᠡᠴᠢᠯᠡᠭᠡᠨ᠎ᠤ ᠪᠠᠲᠤᠯᠠᠭ᠎ᠠ᠎ᠶᠢᠨ ᠠᠵᠢᠯ᠎ᠢ ᠯᠠᠪᠳᠠᠭᠤᠨ ᠪᠠᠲᠤᠲᠠᠶ ᠰᠠᠶᠢᠲᠤᠷ ᠬᠢᠪᠡ ᠃ ᠬᠥᠮᠦᠨ᠎ᠤ ᠬᠦᠴᠦ᠎ᠪᠠᠷ ᠴᠠᠭ ᠠᠭᠤᠷ᠎ᠢ ᠨᠥᠯᠥᠭᠡᠯᠡᠬᠦ ᠠᠶᠤᠯᠭᠦᠢ ᠦᠢᠯᠡᠳᠪᠦᠷᠢᠯᠡᠯ᠎ᠤᠨ ᠪᠠᠶᠢᠴᠠᠭᠠᠯᠲᠠ᠎ᠶᠢ ᠥᠷᠨᠢᠭᠦᠯᠵᠦ ᠂ ᠬᠥᠮᠦᠨ᠎ᠤ ᠬᠦᠴᠦ᠎ᠪᠠᠷ ᠪᠣᠷᠣᠭᠠᠨ ᠣᠷᠣᠭᠤᠯᠬᠤ ᠠᠵᠢᠯ᠎ᠢ ᠴᠠᠭ᠎ᠲᠤᠨᠢ ᠲᠣᠬᠢᠷᠠᠭᠤᠯᠤᠨ ᠥᠷᠨᠢᠭᠦᠯᠬᠦ᠎ᠪᠠᠷ ᠪᠤᠢ ᠃ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠪᠠ ᠴᠠᠭ ᠠᠭᠤᠷ᠎ᠤᠨ ᠦᠢᠯᠡᠴᠢᠯᠡᠭᠡᠨ᠎ᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠪᠤᠢ ᠃

ᠣᠳᠣᠬᠠᠨ᠎ᠳ᠋ᠤ ᠬᠥᠬᠡᠬᠣᠲᠠ᠎ᠶᠢᠨ ᠪᠥᠬᠥ ᠬᠣᠲᠠ᠎ᠶᠢᠨ ᠬᠥᠷᠥᠰᠥᠨ᠎ᠤ ᠴᠢᠭᠢᠭ᠎ᠤᠨ ᠪᠠᠶᠢᠳᠠᠯ᠎ᠨᠢ ᠬᠣᠶᠠᠳᠤᠭᠠᠷ ᠲᠥᠷᠥᠯ ᠂ ᠭᠤᠷᠪᠠᠳᠤᠭᠠᠷ ᠲᠥᠷᠥᠯ᠎ᠢᠶᠠᠷ ᠭᠣᠤᠯᠯᠠᠵᠤ ᠂ ᠲᠠᠯᠠᠪᠠᠶ᠎ᠨᠢ ᠲᠣᠰ ᠲᠣᠰ 2019. 6 ᠲᠦᠮᠡᠨ ᠮᠦ ᠪᠠ 556. 8 ᠲᠦᠮᠡᠨ ᠮᠥ ᠪᠠᠶᠢᠵᠤ ᠂ ᠲᠣᠰ ᠲᠣᠰ ᠪᠥᠬᠥ ᠬᠣᠲᠠ᠎ᠶᠢᠨ ᠶᠡᠷᠦᠩᠬᠡᠶ ᠲᠠᠯᠠᠪᠠᠶ᠎ᠶᠢᠨ 78.4% ᠪᠠ 21.6%᠎ᠶᠢ ᠡᠵᠡᠯᠡᠵᠦ ᠪᠠᠶᠢᠨ᠎ᠠ ᠃ 2020 ᠣᠨ᠎ᠤ 11 ᠰᠠᠷ᠎ᠠ᠎ᠶᠢᠨ 1᠎ᠤ ᠡᠳᠦᠷ᠎ᠡᠴᠠ ᠨᠠᠭᠠᠰᠢ ᠂ ᠪᠥᠬᠥ ᠬᠣᠲᠠ᠎ᠶᠢᠨ ᠳᠤᠮᠳᠠᠴᠢ ᠲᠤᠨᠳᠠᠰᠤᠨ᠎ᠤ ᠬᠡᠮᠵᠢᠶ᠎ᠡ 15.8 ᠮᠢᠯᠢᠮᠧᠲ᠋ᠷ ᠬᠦᠷᠴᠦ ᠂ ᠡᠩ᠎ᠤᠨ ᠵᠢᠯ᠎ᠤᠨ ᠠᠳᠠᠯᠢ ᠬᠤᠭᠤᠴᠠᠭᠠᠨ᠎ᠤ᠎ᠬᠢ᠎ᠲᠠᠢ ᠬᠠᠷᠢᠴᠠᠭᠤᠯᠪᠠᠯ ᠂ ᠬᠣᠲᠠ᠎ᠶᠢᠨ ᠲᠣᠭᠣᠷᠢᠭ ᠂ ᠲᠦᠮᠡᠳ ᠵᠡᠭᠦᠨ ᠬᠣᠰᠢᠭᠤ ᠂ ᠲᠣᠭᠲᠠᠬᠤ ᠰᠢᠶᠠᠨ 1 \10᠎ᠡᠴᠠ 4\10 ᠬᠤᠪᠢ ᠪᠠᠭᠠᠰᠴᠤ ᠂ ᠬᠣᠷᠢᠩᠡᠷ ᠰᠢᠶᠠᠨ ᠂ ᠴᠢᠩ ᠱᠦᠶ ᠾᠧ ᠰᠢᠶᠠᠨ ᠂ ᠦᠴᠤᠸᠠᠨ ᠰᠢᠶᠠᠨ 2\10᠎ᠡᠴᠠ 8\10 ᠬᠤᠪᠢ ᠢᠯᠡᠭᠦᠤ ᠪᠣᠯᠵᠠᠶ ︔ ᠬᠥᠷᠥᠰᠥᠨ᠎ᠤ ᠥᠩᠭᠡᠨ ᠳᠠᠪᠬᠤᠷᠭ᠎ᠠ᠎ᠶᠢᠨ ᠳᠤᠯᠠᠭᠠᠨ᠎ᠤ ᠬᠡᠮᠵᠢᠶ᠎ᠡ᠎ᠨᠢ ᠡᠩ᠎ᠤᠨ ᠵᠢᠯ᠎ᠤᠨ ᠠᠳᠠᠯᠢ ᠬᠤᠭᠤᠴᠠᠭᠠᠨ᠎ᠤ᠎ᠬᠢ᠎ᠡᠴᠠ 4.5 ᠭᠷᠠᠳᠦ᠋ᠰ ᠥᠨᠳᠥᠷ ᠃ ᠬᠥᠬᠡᠬᠣᠲᠠ᠎ᠶᠢᠨ ᠴᠠᠭ ᠠᠭᠤᠷ᠎ᠤᠨ ᠰᠠᠯᠠᠭ᠎ᠠ ᠮᠥᠴᠢᠷ᠎ᠤᠨ ᠵᠢᠱᠢᠯᠲᠡ᠎ᠪᠠᠷ ᠂ ᠡᠨᠡ ᠵᠢᠯ ᠪᠥᠬᠥ ᠬᠣᠲᠠ᠎ᠶᠢᠨ ᠬᠥᠷᠥᠰᠥ ᠪᠦᠷᠢᠮᠦᠰᠦᠨ ᠬᠠᠶᠢᠯᠵᠤ ᠭᠡᠰᠬᠦ ᠴᠠᠭ᠎ᠨᠢ ᠦᠴᠤᠸᠠᠨ ᠰᠢᠶᠠᠨ 4 ᠳ᠋ᠤᠭᠡᠷ ᠰᠠᠷ᠎ᠠ᠎ᠶᠢᠨ ᠳᠤᠮᠳᠠᠴᠢ᠎ᠪᠠᠷ ᠂ ᠪᠤᠰᠤᠳ ᠭᠠᠵᠠᠷ ᠣᠷᠣᠨ 3 ᠳ᠋ᠤᠭᠠᠷ ᠰᠠᠷ᠎ᠠ᠎ᠶᠢᠨ ᠳᠤᠮᠳᠠᠴᠢ᠎ᠪᠠᠷ ᠂ ᠡᠩ᠎ᠤᠨ ᠵᠢᠯ᠎ᠤᠨ᠎ᠬᠢ᠎ᠡᠴᠠ 20 ᠡᠳᠦᠷ ᠣᠷᠴᠢᠮ ᠡᠷᠲᠡ ᠪᠠᠶᠢᠵᠤ ᠂ ᠨᠢᠳᠤᠨᠤᠨ᠎ᠤ᠎ᠬᠢ᠎ᠡᠴᠠ 10 ᠡᠳᠦᠷ ᠣᠷᠴᠢᠮ ᠡᠷᠲᠡ ᠪᠣᠯᠤᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠼᠠᠢ ᠬᠤᠩ

ᠣᠷᠴᠢᠭᠤᠯᠤᠭ᠍ᠴᠢ᠄

ᠢᠷᠡᠯᠲᠡ᠄ ᠦᠪᠦᠷ ᠮᠤᠩᠭᠤᠯ ‍ᠤᠨ ᠡᠳᠦᠷ ‍ᠤᠨ ᠰᠤᠨᠢᠨ
兼容浏览器的HTML页面