ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-03-25 08:52:04

ᠵᠣᠬᠢᠶᠠᠭ᠍ᠴᠢ᠄ ᠦ᠋ ᠴᠢᠡᠭ ᠯᠠᠨ ᠣᠩᠱᠢᠭ᠍ᠰᠠᠨ ᠣᠳᠠᠭ᠎ᠠ᠄ 3

ᠬᠠᠪᠤᠷ ᠰᠠᠭᠠᠲᠠᠵᠤ ᠂ ᠲᠦᠮᠡᠨ ᠪᠣᠳᠠᠰ ᠠᠮᠢᠯᠠᠯ᠎ᠠ ᠃ ᠬᠥᠯᠥᠨ ᠪᠤᠢᠷ ᠬᠤᠳᠠ᠎ᠶᠢᠨ ᠠᠷᠤᠨ ᠬᠣᠰᠢᠭᠤᠨ᠎ᠳ᠋ᠤ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠬᠠᠯᠠᠭᠤᠨ ᠥᠷᠨᠢᠯᠲᠡ ᠭᠠᠷᠴᠤ ᠂ ᠥᠷᠭᠡᠨ ᠠᠭᠤᠳᠠᠮ ᠲᠠᠷᠢᠶᠠᠨ ᠭᠠᠵᠠᠷ᠎ᠲᠠᠬᠢ ᠲᠠᠷᠢᠶᠠᠴᠢᠤᠨ᠎ᠤᠨ ᠶᠠᠭᠠᠷᠠᠤ ᠠᠵᠢᠯᠯᠠᠬᠤ ᠪᠠᠢᠳᠡᠯ ᠤᠤᠯ᠎ᠤᠨ ᠨᠠᠮ ᠵᠢᠮ ᠪᠠᠢᠳᠠᠯ᠎ᠢ ᠡᠪᠳᠡᠪᠡ ᠃ ᠲᠠᠷᠢᠶᠠᠯᠠᠩ᠎ᠤᠨ ᠮᠠᠰᠢᠨ ᠮᠧᠬᠠᠨᠢᠭ ᠵᠠᠯᠭᠠᠭ᠎ᠠ᠎ᠪᠠᠷ ᠲᠠᠷᠢᠶᠠᠨ ᠭᠠᠵᠠᠷ᠎ᠲᠤ ᠬᠦᠷᠴᠤ ᠂ ᠥᠷᠭᠡᠨ ᠤᠯᠠᠨ ᠲᠠᠷᠢᠶᠠᠴᠢᠨ ᠲᠦᠮᠡᠨ ᠢᠳᠡᠪᠬᠢᠲᠡᠢ ᠬᠥᠳᠡᠯᠦᠯᠴᠡᠵᠦ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠶᠠᠭᠠᠷᠡᠯᠳᠠᠢ ᠴᠠᠬ᠎ᠲᠠᠭᠠᠨ ᠤᠷᠤᠬᠰᠠᠨ ᠪᠠᠢᠨ᠎ᠡ ᠃

3 ᠰᠠᠷ᠎ᠠ᠎ᠶᠢᠨ 20᠎ᠤ ᠥᠷᠯᠥᠭᠡ ᠡᠷᠲᠡ ᠠᠷᠤᠨ ᠬᠣᠰᠢᠭᠤᠨ᠎ᠳ᠋ᠤ ᠪᠠᠶᠢᠭ᠎ᠠ ᠬᠥᠯᠥᠨ ᠪᠤᠢᠷ᠎ᠤᠨ ᠠᠲᠠᠷ ᠬᠠᠭᠠᠯᠪᠤᠷᠢᠯᠠᠯᠲᠠ᠎ᠶᠢᠨ ᠪᠦᠯᠦᠭᠯᠡᠯ᠎ᠤᠨ ᠨᠠᠵᠢᠲ᠋ᠤᠨ ᠲᠠᠷᠢᠶᠠᠯᠠᠩ ᠮᠠᠯᠵᠢᠯ᠎ᠤᠨ ᠲᠠᠯᠠᠪᠠᠢ᠎ᠶᠢᠨ ᠬᠢᠵᠠᠭᠠᠷᠲᠤ ᠺᠣᠮᠫᠠᠨᠢ᠎ᠶᠢᠨ ᠠᠷᠪᠠᠨ ᠲᠠᠪᠤᠳᠤᠭᠠᠷ ᠪᠠᠷᠢᠭᠠᠳᠠ᠎ᠶᠢᠨ ᠲᠠᠷᠢᠶᠠᠨ ᠭᠠᠵᠠᠷ᠎ᠲᠤ 1 ᠰᠠᠭᠤᠷᠢ ᠺᠠᠢᠰᠸ 3104 ᠮᠠᠢᠡᠡᠳᠤ ᠲᠤᠮᠤ ᠲᠷᠡᠺᠲ᠋ᠤᠷ ᠲᠠᠷᠢᠬᠤ᠎ᠡᠴᠠ ᠡᠮᠦᠨ᠎ᠡ ᠭᠠᠵᠠᠷ ᠲᠡᠭᠰᠢᠯᠡᠵᠦ ᠪᠠᠶᠢᠯ᠎ᠠ ᠃ ᠣᠶᠢᠷ᠎ᠠ᠎ᠶᠢᠨ ᠡᠳᠦᠷ᠎ᠡᠴᠠ ᠲᠠᠷᠢᠶᠠᠯᠠᠩ᠎ᠤᠨ ᠲᠠᠯᠠᠪᠠᠶ ᠦᠷᠬᠦᠯᠵᠢᠯᠡᠨ 4 ᠮᠠᠰᠢᠨ ᠬᠥᠳᠡᠯᠭᠡᠨ ᠂ 1 ᠡᠳᠦᠷ᠎ᠲᠤ ᠳᠤᠮᠳᠠᠴᠢ᠎ᠪᠠᠷ 2000 ᠮᠥ ᠣᠷᠴᠢᠮ ᠭᠠᠵᠡᠷ ᠲᠡᠭᠰᠢᠯᠡᠵᠤ ᠂ 1 ᠭᠠᠷᠠᠭ ᠣᠷᠴᠢᠮ ᠪᠣᠯ ᠲᠡᠭᠰᠢᠯᠡᠵᠦ ᠲᠠᠭᠤᠰᠬᠠᠬᠤ ᠪᠣᠯᠤᠨ᠎ᠠ ᠃ ᠲᠠᠷᠢᠶᠠᠯᠠᠩ᠎ᠤᠨ ᠮᠡᠷᠭᠡᠵᠢᠯ᠎ᠤᠨ ᠠᠵᠢᠯᠲᠠᠨ ᠰᠤᠷᠪᠤᠯᠵᠢᠯᠠᠭᠴᠢ᠎ᠳ᠋ᠤ ᠄ ︽ ᠦᠷᠭᠦᠯᠵᠢᠯᠡᠨ ᠠᠵᠢᠯᠯᠠᠵᠤ ᠂ ᠳᠠᠷᠢᠬᠤ᠎ᠡᠴᠠ ᠡᠮᠦᠨᠠᠬᠢ ᠴᠢᠭᠢᠭ᠎ᠤᠨ ᠪᠠᠶᠢᠳᠠᠯ᠎ᠢ ᠦᠨᠳᠦᠰᠦᠯᠡᠨ ᠂ ᠲᠠᠷᠢᠶ᠎ᠠ᠎ᠪᠠᠨ ᠴᠠᠭ᠎ᠢ ᠵᠡᠪᠳᠤᠨ ᠲᠠᠷᠢᠵᠤ ᠂ ᠨᠢᠭᠡ ᠯᠡ ᠤᠳᠠᠭ᠎ᠠ᠎ᠳ᠋ᠤ ᠪᠦᠷᠢᠨ ᠴᠢᠬᠢ ᠪᠠᠷᠢᠬᠤ᠎ᠶᠢ ᠪᠠᠳᠤᠯᠠᠬᠤ᠎ᠪᠠᠷ ᠴᠢᠷᠮᠠᠶᠢᠨ᠎ᠠ ︾ ᠭᠡᠵᠤ ᠭᠡᠯᠡᠨ᠎ᠡ ᠃

ᠦᠳᠡ᠎ᠶᠢᠨ ᠦᠶ᠎ᠡ᠎ᠪᠠᠷ ᠂ ᠳᠦᠭᠦᠷᠡᠩ ᠠᠴᠢᠶ᠎ᠠ᠎ᠲᠠᠢ 190 ᠲᠣᠨ ᠬᠢᠮᠢ᠎ᠶᠢᠨ ᠪᠣᠷᠳᠣᠭᠤᠷ ᠠᠴᠢᠡᠡᠰᠡᠨ 6 ᠠᠴᠢᠶᠡᠨ᠎ᠤ ᠮᠡᠰᠢᠨ ᠪᠠᠰᠠ ᠠᠷᠤᠨ ᠬᠣᠰᠢᠭᠤᠨ᠎ᠳ᠋ᠤ ᠬᠦᠷᠴᠦ ᠢᠷᠡᠪᠡ ᠂ ᠠᠵᠢᠯᠴᠢᠳ ᠰᠤᠷᠪᠤᠯᠵᠢᠯᠠᠭᠴᠢ᠎ᠳ᠋ᠤ ᠄ ︽ ᠡᠨᠡ ᠬᠡᠳᠦᠨ ᠡᠳᠦᠷ ᠪᠦᠷ ᠲᠡᠷᠭᠡ ᠪᠠᠭᠤᠯᠭᠠᠬᠤ᠎ᠪᠠᠷ ᠶᠠᠭᠠᠷᠠᠵᠤ ᠪᠠᠢᠨ᠎ᠠ ᠂ ᠬᠢᠮᠢ᠎ᠶᠢᠨ ᠪᠣᠷᠳᠣᠭᠤᠷ᠎ᠡᠴᠠ ᠭᠠᠳᠠᠨ᠎ᠠ ᠂ ᠪᠤᠰᠤᠳ ᠬᠠᠪᠤᠷ᠎ᠤᠨ ᠲᠠᠷᠢᠶᠠᠯᠠᠭ᠎ᠠ᠎ᠶᠢᠨ ᠡᠳ᠋ ᠪᠣᠳᠠᠰ ᠴᠤ ᠲᠠᠰᠤᠷᠠᠯᠳᠠ ᠦᠭᠡᠢ ᠢᠷᠡᠵᠦ ᠪᠠᠢᠨ᠎ᠠ ᠃ ᠡᠭᠦᠨ᠎ᠤ ᠬᠠᠮᠲᠤ ᠂ ᠨᠠᠵᠢᠲ᠋ᠤᠨ ᠲᠠᠷᠢᠶᠠᠯᠠᠩ ᠮᠠᠯᠵᠢᠯ᠎ᠤᠨ ᠲᠠᠯᠠᠪᠠᠶ᠎ᠶᠢᠨ ᠬᠢᠵᠠᠭᠠᠷᠲᠤ ᠺᠣᠮᠫᠠᠨᠢ᠎ᠶᠢᠨ ᠨᠢᠭᠡᠳᠦᠯᠲᠡᠶ ᠳᠠᠷᠢᠵᠤ ᠬᠠᠮᠢᠶᠠᠷᠬᠤ ᠥᠷᠲᠡᠭᠡ ᠪᠠᠰᠠ ᠠᠷᠪᠠᠨ ᠬᠡᠳᠦᠨ ᠮᠡᠷᠭᠡᠵᠢᠯᠲᠡᠨ᠎ᠢ ᠵᠣᠬᠢᠶᠠᠨ ᠪᠠᠶᠢᠭᠤᠯᠵᠤ ᠂ ᠴᠠᠭ᠎ᠢ ᠠᠮᠵᠢᠨ ᠲᠠᠷᠢᠶᠠᠯᠠᠩ᠎ᠤᠨ ᠮᠠᠰᠢᠨ ᠪᠠᠭᠠᠵᠢ᠎ᠶᠢ ᠪᠠᠶᠢᠴᠠᠭᠠᠨ ᠵᠠᠰᠡᠵᠤ ᠰᠡᠯᠪᠢᠨ ᠂ ᠮᠠᠰᠢᠨ ᠲᠥᠬᠥᠭᠡᠷᠦᠮᠵᠢ᠎ᠳ᠋ᠤ ︽ ᠪᠠᠶᠢᠴᠠᠭᠠᠯᠲᠠ ᠬᠢᠵᠦ ᠭᠡᠮ ᠰᠤᠭᠤᠭ᠎ᠢ ᠠᠷᠢᠯᠭᠠᠵᠤ ︾ ᠂ ︽ ᠲᠠᠷᠢᠶᠠᠯᠠᠬᠤ ᠦᠶ᠎ᠡ᠎ᠳ᠋ᠤ ᠠᠵᠢᠯᠯᠠᠬᠤ ︾᠎ᠶᠢ ᠦᠨᠡᠨ ᠬᠦ ᠪᠠᠲᠤᠯᠠᠵᠤ ᠂ ᠲᠠᠷᠢᠶᠠᠯᠠᠩ᠎ᠤᠨ ᠮᠠᠰᠢᠨ ᠪᠠᠭᠠᠵᠢ᠎ᠶᠢᠨ ᠤᠷᠤᠭᠰᠢᠲᠠᠢ ᠠᠵᠢᠯᠯᠠᠬᠤ᠎ᠶᠢ ᠪᠡᠳᠤᠯᠡᠵᠤ ᠂ ᠬᠠᠪᠤᠷ᠎ᠤᠨ ᠲᠠᠷᠢᠶᠠᠯᠠᠭ᠎ᠠ᠎ᠶᠢᠨ ᠬᠤᠷᠳᠤᠴᠠ ᠪᠠ ᠦᠷ᠎ᠡ ᠪᠦᠲᠦᠮᠵᠢ᠎ᠶᠢ ᠪᠥᠬᠥ ᠲᠠᠯ᠎ᠠ᠎ᠪᠠᠷ ᠳᠡᠭᠡᠭᠰᠢᠯᠡᠭᠦᠯᠵᠤ ᠪᠠᠢᠨ᠎ᠠ ᠃

︽ ᠨᠠᠵᠢᠲ᠋ᠤᠨ ᠲᠠᠷᠢᠶᠠᠯᠠᠩ ᠮᠠᠯᠵᠢᠯ᠎ᠤᠨ ᠲᠠᠯᠠᠪᠠᠶ᠎ᠶᠢᠨ ᠬᠢᠵᠠᠭᠠᠷᠲᠤ ᠺᠣᠮᠫᠠᠨᠢ᠎ᠶᠢᠨ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ ᠨᠢᠭᠡᠨᠲᠡ ᠡᠬᠢᠯᠡᠵᠦ ᠂ ᠲᠠᠷᠢᠶᠡᠨ ᠦᠷ᠎ᠡ ᠂ ᠲᠠᠷᠢᠶᠠᠨ ᠡᠮ ᠂ ᠬᠢᠮᠢ᠎ᠶᠢᠨ ᠪᠣᠷᠲᠣᠭᠣᠷ ᠂ ᠴᠠᠶᠢᠢᠦ ᠲᠣᠰᠣ ᠵᠡᠷᠭᠡ ᠬᠠᠪᠤᠷ᠎ᠤᠨ ᠲᠠᠷᠢᠶᠠᠯᠠᠭ᠎ᠠ᠎ᠶᠢᠨ ᠦᠶᠯᠡᠳᠪᠦᠷᠢᠯᠡᠯ᠎ᠤᠨ ᠡᠳ᠋ ᠪᠣᠳᠠᠰ᠎ᠢ ᠭᠦᠶᠴᠡᠳ ᠨᠦᠭᠡᠴᠡᠯᠡᠵᠤ ᠂ ᠬᠠᠪᠤᠷ᠎ᠤᠨ ᠲᠠᠷᠢᠶᠠᠯᠠᠭ᠎ᠠ᠎ᠶᠢᠨ ᠬᠡᠷᠡᠭᠴᠡᠭᠡ᠎ᠶᠢ ᠪᠦᠷᠢᠨ ᠬᠠᠩᠭᠠᠵᠤ ᠴᠢᠳᠠᠨ᠎ᠠ ᠃ ᠪᠤᠰᠤᠳ ᠬᠠᠪᠤᠷ᠎ᠤᠨ ᠲᠠᠷᠢᠶᠠᠯᠠᠭ᠎ᠠ᠎ᠶᠢᠨ ᠠᠵᠢᠯ ᠴᠤ ᠴᠠᠭ᠎ᠢ ᠠᠮᠵᠢᠨ ᠡᠬᠢᠯᠡᠵᠤ ᠪᠠᠶᠢᠨ᠎ᠠ ︾ ᠭᠡᠵᠦ ᠬᠥᠯᠥᠨ ᠪᠤᠢᠷ᠎ᠤᠨ ᠠᠲᠠᠷ ᠬᠠᠭᠠᠯᠪᠤᠷᠢᠯᠠᠯᠲᠠ᠎ᠶᠢᠨ ᠪᠦᠯᠦᠭᠯᠡᠯ᠎ᠤᠨ ᠨᠠᠵᠢᠲ᠋ᠤᠨ ᠲᠠᠷᠢᠶᠠᠯᠠᠩ ᠮᠠᠯᠵᠢᠯ᠎ᠤᠨ ᠲᠠᠯᠠᠪᠠᠢ᠎ᠶᠢᠨ ᠬᠢᠵᠠᠭᠠᠷᠲᠤ ᠺᠣᠮᠫᠠᠨᠢ᠎ᠶᠢᠨ ᠶᠡᠷᠦᠩᠬᠡᠢ ᠳᠠᠭᠠᠭᠠᠮᠠᠯ ᠭᠤᠤ ᠵᠧᠨ ᠫᠸᠩ ᠶᠠᠷᠢᠨ᠎ᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面