ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-03-26 10:21:50

ᠵᠣᠬᠢᠶᠠᠭ᠍ᠴᠢ᠄ ᠬᠠᠢ ᠵᠢᠶᠦᠢᠨ ᠣᠩᠱᠢᠭ᠍ᠰᠠᠨ ᠣᠳᠠᠭ᠎ᠠ᠄ 3

ᠤᠢᠷ᠎ᠠ᠎ᠶᠢᠨ ᠡᠳᠤᠷ ᠂ ᠲᠦᠷᠪᠡᠳ ᠬᠤᠰᠢᠭᠤ ᠢᠳᠡᠪᠬᠢᠲᠠᠢ ᠠᠷᠭ᠎ᠠ ᠭᠡᠮᠵᠢᠶ᠎ᠡ ᠠᠪᠴᠤ ᠂ ᠡᠷᠲᠡ ᠲᠦᠯᠦᠪᠵᠢᠭᠦᠯᠦᠨ ᠂ ᠡᠷᠲᠡ ᠲᠠᠢᠴᠢᠯᠠᠵᠤ ᠂ ᠡᠷᠲᠡ ᠲᠤᠬᠢᠷᠠᠭᠤᠯᠤᠨ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠭᠡᠯ ᠠᠵᠢᠯ᠎ᠢ ᠡᠷᠴᠢᠮᠵᠢᠭᠦᠯᠤᠨ ᠂ ᠡᠨᠡ ᠵᠢᠯ 130.5 ᠲᠦᠮᠡᠨ ᠮᠦ ᠲᠠᠷᠢᠶ᠎ᠠ ᠲᠠᠷᠢᠵᠤ ᠂ 277820 ᠲᠤᠨ ᠠᠮᠤ ᠪᠤᠳᠠᠭ᠎ᠠ ᠬᠤᠷᠢᠶᠠᠬᠤ᠎ᠪᠠᠷ ᠲᠦᠯᠦᠪᠯᠠᠵᠤ ᠪᠤᠢ ᠃

ᠬᠠᠪᠤᠷ᠎ᠤᠨ ᠲᠠᠷᠢᠶᠠᠯᠠᠭ᠎ᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠪᠤᠯᠪᠠᠰᠤᠷᠠᠯ᠎ᠢ ᠰᠠᠢᠳᠤᠷ ᠬᠢᠵᠤ ᠪᠤᠢ ᠃ ᠲᠠᠷᠢᠶᠠᠯᠡᠡᠭ᠎ᠤᠨ ᠮᠡᠷᠭᠡᠵᠢᠯ ᠲᠡᠯᠭᠡᠷᠡᠭᠦᠯᠬᠦ ᠲᠦᠪ᠎ᠢ ᠵᠤᠬᠢᠶᠠᠨ ᠪᠠᠢᠭᠤᠯᠤᠨ ᠲᠠᠷᠢᠶᠠᠯᠠᠡᠭ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠪᠤᠯᠪᠠᠰᠤᠷᠠᠯ ᠡᠷᠬᠢᠯᠡᠵᠤ ᠂ ᠬᠤᠲᠠ᠎ᠶᠢᠨ ᠲᠠᠷᠢᠶᠠᠯᠠᠡᠭ ᠮᠠᠯ ᠠᠵᠤ ᠠᠬᠤᠢ᠎ᠶᠢᠨ ᠲᠤᠪᠴᠢᠶᠠᠨ᠎ᠤ ᠲᠠᠷᠢᠶᠠᠯᠠᠡᠭ᠎ᠤᠨ ᠮᠡᠷᠭᠡᠵᠢᠯ᠎ᠤᠨ ᠲᠤᠰᠬᠠᠢ ᠮᠠᠷᠭᠡᠵᠢᠯᠲᠡᠨ᠎ᠢ ᠤᠷᠢᠵᠤ ᠂ ᠪᠤᠭᠤᠳᠠᠢ᠎ᠶᠢᠨ ᠰᠤᠳᠠᠰᠤ ᠵᠢᠪᠡᠷᠡᠬᠦ ᠭᠡᠮ ᠂ ᠲᠦᠮᠦᠰᠤᠨ᠎ᠤ ᠬᠢᠵᠢᠭ ᠂ ᠡᠷᠳᠡᠨᠢ ᠰᠢᠰᠢ᠎ᠶᠢᠨ ᠬᠦᠭᠡᠴᠤᠳᠦᠬᠦ ᠭᠡᠮ ᠵᠡᠷᠭᠡ ᠡᠪᠡᠳᠴᠢᠨ᠎ᠢ ᠰᠡᠷᠭᠡᠢᠯᠡᠬᠦ ᠪᠠ ᠲᠠᠷᠢᠶᠠᠯᠠᠡᠭ᠎ᠤᠨ ᠮᠠᠰᠢᠨ᠎ᠢ ᠬᠡᠷᠡᠭᠯᠡᠬᠦ ᠵᠡᠷᠭᠡ ᠲᠠᠯ᠎ᠠ᠎ᠪᠠᠷ ᠲᠤᠬᠠᠢ᠎ᠶᠢᠨ ᠲᠠᠯᠠᠪᠠᠢ᠎ᠳ᠋ᠤ ᠵᠢᠱᠢᠶ᠎ᠠ ᠦᠵᠡᠭᠦᠯᠦᠨ ᠲᠠᠢᠯᠪᠤᠷᠢᠯᠠᠨ ᠵᠢᠭᠠᠨ ᠵᠢᠯᠤᠭᠤᠤᠡᠴᠤ ᠂ ᠲᠠᠷᠢᠶᠠᠯᠡᠡᠭ᠎ᠤᠨ ᠰᠢᠨ᠎ᠠ ᠮᠡᠷᠭᠡᠵᠢᠯ᠎ᠢ ᠲᠡᠯᠭᠡᠷᠡᠭᠦᠯᠦᠨ ᠂ ᠲᠠᠷᠢᠶᠠᠴᠢᠳ᠎ᠤᠨ ᠬᠠᠪᠤᠷ ᠎ᠤᠨ ᠲᠠᠷᠢᠶᠠᠯᠠᠭ᠎ᠠ᠎ᠶᠢᠨ ᠮᠠᠷᠭᠡᠵᠢᠯ᠎ᠢ ᠲᠡᠭᠡᠭᠰᠢᠯᠡᠬᠦᠯᠬᠦ᠎ᠪᠠᠷ ᠴᠢᠷᠮᠠᠢᠵᠠᠢ ᠃

ᠬᠠᠪᠤᠷ᠎ᠤᠨ ᠲᠠᠷᠢᠶᠠᠯᠠᠭ᠎ᠠ᠎ᠶᠢᠨ ᠬᠡᠷᠡᠭᠰᠡᠯ᠎ᠢ ᠲᠡᠭᠡᠭᠡᠪᠤᠷᠢᠯᠡᠬᠦ ᠪᠠ ᠨᠦᠬᠡᠴᠡᠯᠡᠬᠦ ᠠᠵᠢᠯ᠎ᠢ ᠰᠠᠢᠳᠤᠷ ᠬᠢᠵᠤ ᠪᠤᠢ ᠃ ᠤᠳᠤ ᠪᠤᠯᠲᠠᠯ᠎ᠠ ᠂ ᠪᠦᠬᠦ ᠬᠤᠰᠢᠭᠤ᠎ᠪᠠᠷ᠎ᠢᠶᠡᠨ ᠨᠢᠭᠡᠨᠲᠡ 10112 ᠲᠤᠨ ᠴᠢᠨᠡᠷ ᠰᠠᠢᠲᠠᠢ ᠬᠢᠮᠢ᠎ᠶᠢᠨ ᠪᠤᠷᠳᠤᠭᠤᠷ ᠂ 900 ᠲᠤᠨ ᠲᠠᠷᠢᠶᠠᠯᠡᠡᠭ᠎ᠤᠨ ᠰᠤᠢᠯᠢᠶᠤᠤ ᠪᠤᠷᠭᠦᠪᠴᠢ ᠂ 4500 ᠲᠤᠨ ᠲᠦᠮᠦᠰᠤᠨ᠎ᠤ ᠨᠡᠢᠯᠡᠮᠡᠯ ᠪᠤᠷᠳᠤᠭᠤᠷ ᠂ 90626 ᠲᠤᠨ ᠡᠯ᠎ᠠ ᠵᠦᠢᠯ᠎ᠤᠨ ᠲᠠᠷᠢᠮᠠᠯ᠎ᠤᠨ ᠰᠠᠢᠨ ᠦᠷ᠎ᠠ ᠂ 10 ᠲᠦᠮᠡᠨ ᠪᠤᠰᠤᠭ᠎ᠠ ᠲᠦᠷᠪᠡᠯᠵᠢᠨ ᠮᠸᠲ᠋ᠷ ᠤᠷᠭᠠᠨᠢᠭ ᠪᠤᠷᠳᠤᠭᠤᠷ ᠵᠦᠭᠡᠭᠡᠪᠤᠷᠢᠯᠡᠬᠦ ᠪᠤᠶᠤ ᠨᠦᠬᠡᠴᠡᠯᠡᠵᠠᠢ ᠃

ᠡᠯᠡᠭᠳᠡᠭᠰᠡᠨ ᠲᠠᠷᠢᠶᠠᠯᠠᠡᠭ᠎ᠤᠨ ᠰᠤᠢᠯᠢᠶᠤᠤ ᠪᠦᠷᠭᠦᠪᠴᠢ᠎ᠶᠢ ᠬᠤᠷᠢᠶᠠᠵᠤ ᠠᠪᠬᠤ ᠠᠵᠢᠯ᠎ᠢ ᠰᠠᠢᠳᠤᠷ ᠬᠢᠵᠤ ᠪᠤᠢ ᠃ ᠤᠬᠠᠭᠤᠯᠭ᠎ᠠ᠎ᠶᠢ ᠴᠢᠡᠭᠭᠠᠤᠡᠬᠠᠬᠤ᠎ᠪᠠᠷ ᠲᠠᠮᠵᠢᠨ ᠂ ᠲᠠᠷᠢᠶᠠᠴᠢᠨ ᠡᠷᠤᠬᠡ᠎ᠶᠢᠨ ᠲᠠᠷᠢᠶᠠᠯᠡᠡᠭ᠎ᠤᠨ ᠰᠤᠢᠯᠢᠶᠤᠤ ᠪᠦᠷᠬᠦᠪᠴᠢ ᠬᠡᠷᠡᠭᠯᠡᠬᠦ ᠬᠡᠮᠵᠢᠶ᠎ᠠ᠎ᠶᠢ ᠪᠠᠭᠠᠰᠬᠠᠨ ᠂ ᠡᠯᠡᠭᠳᠡᠭᠰᠡᠨ ᠲᠠᠷᠢᠶᠠᠯᠠᠡᠭ᠎ᠤᠨ ᠰᠤᠢᠯᠢᠶᠤᠤ ᠪᠦᠷᠭᠦᠪᠴᠢ᠎ᠶᠢ ᠬᠤᠷᠢᠶᠠᠵᠤ ᠠᠪᠬᠤ᠎ᠶᠢ ᠢᠳᠡᠪᠬᠢᠲᠠᠢ ᠬᠦᠳᠤᠯᠦᠨ ᠂ ᠲᠠᠷᠠᠭᠠᠴᠢ᠎ᠶᠢᠨ ᠠᠮᠢ ᠠᠬᠤᠢ᠎ᠶᠢᠨ ᠲᠠᠷᠢᠶᠠᠯᠠᠡᠭ᠎ᠢ ᠪᠦᠬᠦ ᠲᠠᠯ᠎ᠠ᠎ᠪᠠᠷ ᠲᠡᠯᠭᠡᠷᠡᠭᠦᠯᠬᠦ᠎ᠳ᠋ᠤ ᠪᠠᠲᠤ ᠪᠡᠬᠢ ᠰᠠᠭᠤᠷᠢ ᠲᠠᠯᠪᠢᠵᠠᠢ ᠃

ᠬᠦᠴᠢᠷᠳᠠᠯᠲᠠᠢ ᠡᠷᠤᠬᠡ ᠪᠠ ᠪᠠᠭᠤᠷᠠᠢᠴᠤᠤᠯ᠎ᠤᠨ ᠬᠠᠪᠤᠷ᠎ᠤᠨ ᠲᠠᠷᠢᠶᠠᠯᠠᠭ᠎ᠠ᠎ᠶᠢᠨ ᠬᠦᠴᠢᠷᠳᠠᠯ᠎ᠢ ᠰᠠᠢᠳᠪᠤᠷᠢᠯᠠᠵᠤ ᠪᠤᠢ ᠃ ᠬᠤᠰᠢᠭᠤᠨ᠎ᠤ ᠵᠠᠰᠠᠭ᠎ᠤᠨ ᠤᠷᠳᠤᠨ ᠮᠦᠡᠭᠬᠦᠨ ᠬᠦᠢᠯᠭᠡᠭᠡᠨ᠎ᠤ ᠪᠠᠢᠭᠤᠯᠤᠮᠵᠢ᠎ᠶᠢ ᠢᠳᠡᠪᠬᠢᠲᠠᠢ ᠵᠤᠬᠢᠴᠠᠭᠤᠯᠵᠤ ᠂ ᠬᠠᠪᠤᠷ᠎ᠤᠨ ᠲᠠᠷᠢᠶᠠᠯᠠᠭ᠎ᠠ᠎ᠶᠢᠨ ᠵᠢᠭᠡᠯᠡᠯᠭᠡ᠎ᠶᠢ ᠨᠠᠢᠳᠠᠪᠤᠷᠢᠵᠢᠭᠤᠯᠤᠨ ᠂ ᠤᠯᠠᠨ ᠲᠦᠮᠡᠨ᠎ᠤ ᠴᠠᠭ᠎ᠲᠠᠭᠠᠨ ᠬᠠᠪᠤᠷ᠎ᠤᠨ ᠲᠠᠷᠢᠶᠠᠯᠠᠭ᠎ᠠ᠎ᠶᠢᠨ ᠬᠡᠷᠡᠭᠰᠡᠯ ᠬᠤᠳᠠᠯᠳᠤᠨ ᠠᠪᠬᠤ᠎ᠶᠢ ᠪᠠᠳᠤᠯᠠᠵᠠᠢ ᠃

ᠬᠠᠪᠤᠷ᠎ᠤᠨ ᠲᠠᠷᠢᠶᠠᠯᠠᠭ᠎ᠠ᠎ᠶᠢᠨ ᠲᠠᠷᠢᠶᠠᠯᠠᠡᠭ᠎ᠤᠨ ᠮᠠᠰᠢᠨ᠎ᠢ ᠰᠡᠯᠪᠢᠨ ᠵᠠᠰᠠᠬᠤ ᠠᠷᠠᠴᠢᠯᠠᠬᠤ ᠠᠵᠢᠯ᠎ᠢ ᠰᠠᠢᠳᠤᠷ ᠬᠢᠵᠤ ᠂ ᠲᠠᠷᠢᠶᠠᠯᠡᠡᠭ ᠤᠢᠯᠡᠤᠡᠪᠤᠷᠢᠯᠠᠯ᠎ᠤᠨ ᠪᠠᠲᠤᠯᠠᠭ᠎ᠠ᠎ᠶᠢᠨ ᠴᠢᠳᠠᠪᠤᠷᠢ᠎ᠶᠢ ᠲᠡᠭᠡᠭᠰᠢᠯᠡᠭᠦᠯᠵᠤ ᠪᠤᠢ ᠃ ᠲᠠᠷᠢᠬᠤ ᠮᠠᠰᠢᠨ ᠮᠸᠬᠠᠨᠢᠭ᠎ᠢ ᠴᠠᠭ ᠲᠤᠬᠠᠢ᠎ᠳ᠋ᠤᠨᠢ ᠬᠠᠡᠭᠭᠠᠬᠤ ᠠᠵᠢᠯ᠎ᠢ ᠰᠠᠢᠳᠤᠷ ᠬᠢᠵᠤ ᠂ 8000 ᠭᠠᠷᠤᠢ ᠡᠯ᠎ᠠ ᠲᠦᠷᠦᠯ᠎ᠤᠨ ᠲᠷᠠᠺᠲ᠋ᠤᠷ ᠂ 9500 ᠭᠠᠷᠤᠢ ᠮᠠᠰᠢᠨ ᠭᠡᠷᠡᠭᠰᠡᠯ᠎ᠢ ᠵᠠᠬ᠎ᠠ ᠲᠡᠯᠭᠡᠭᠦᠷ᠎ᠲᠤ ᠭᠠᠷᠭᠠᠵᠠᠢ ᠃ ᠲᠤᠰ ᠬᠤᠰᠢᠭᠤ ᠪᠠᠰᠠ ᠲᠠᠷᠢᠶᠠᠯᠡᠡᠭ᠎ᠤᠨ ᠮᠠᠰᠢᠨ᠎ᠤ ᠮᠡᠷᠭᠡᠵᠢᠯ᠎ᠤᠨ ᠤᠢᠯᠠᠴᠢᠯᠡᠭᠡ᠎ᠶᠢᠨ ᠠᠵᠢᠯᠲᠡᠨ᠎ᠢ ᠵᠤᠬᠢᠶᠠᠨ ᠪᠠᠢᠭᠤᠯᠤᠨ ᠬᠦᠳᠡᠭᠡ ᠲᠤᠰᠬᠤᠨ᠎ᠢᠶᠠᠷ ᠬᠦᠨᠵᠡᠭᠡᠢᠷᠡᠵᠤ ᠂ ᠬᠠᠪᠤᠷ᠎ᠤᠨ ᠲᠠᠷᠢᠶᠠᠯᠠᠭ᠎ᠠ᠎ᠶᠢᠨ ᠮᠠᠰᠢᠨ ᠬᠡᠷᠡᠭᠰᠡᠯ᠎ᠢ ᠪᠠᠢᠴᠠᠭᠠᠨ ᠰᠡᠯᠪᠢᠬᠦ᠎ᠶᠢ ᠵᠢᠭᠠᠨ ᠵᠢᠯᠤᠭᠤᠳᠴᠤ ᠂ ᠤᠳᠤ ᠪᠤᠯᠳᠠᠯ᠎ᠠ ᠨᠠᠢᠲᠡ 6000 ᠭᠠᠷᠤᠢ ᠡᠯ᠎ᠠ ᠲᠦᠷᠦᠯ᠎ᠤᠨ ᠲᠠᠷᠢᠶᠠᠯᠡᠡᠭ᠎ᠤᠨ ᠮᠠᠰᠢᠨ ᠬᠡᠷᠡᠭᠰᠡᠯ᠎ᠢ ᠪᠠᠢᠴᠠᠭᠠᠨ ᠰᠡᠯᠪᠢᠵᠠᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面