ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-04-05 11:50:05

ᠵᠣᠬᠢᠶᠠᠭ᠍ᠴᠢ᠄ ᠪᠤᠤ ᠴᠢᠩ ᠱᠧᠩ ᠣᠩᠱᠢᠭ᠍ᠰᠠᠨ ᠣᠳᠠᠭ᠎ᠠ᠄ 3

ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠬᠦ ᠲᠠᠯ᠎ᠠ᠎ᠪᠠᠷ ᠠᠬᠢᠭᠤᠯᠵᠤ ᠂ ᠮᠠᠯ ᠠᠵᠤ ᠠᠬᠤᠢ ᠲᠡᠷᠢᠶᠠᠯᠠᠩ ᠦᠢᠯᠡᠳᠪᠤᠷᠢᠯᠠᠯ᠎ᠤᠨ ᠣᠳᠣᠬᠢᠴᠢᠯᠠᠯᠲᠠ᠎ᠶᠢᠨ ᠠᠬᠢᠴᠠ᠎ᠶᠢ ᠲᠦᠷᠭᠡᠳᠬᠡᠬᠦ᠎ᠶᠢᠨ ᠲᠥᠯᠥᠭᠡ ᠂ ᠠᠷᠠᠳ᠎ᠤᠨ ᠪᠠᠩᠬᠢ᠎ᠶᠢᠨ ᠲᠦᠩᠯᠢᠶᠣᠤ ᠬᠤᠳᠠ᠎ᠶᠢᠨ ᠲᠥᠪ ᠰᠠᠯᠪᠤᠷᠢ ᠪᠠᠩᠬᠢ ᠵᠦᠷᠢᠶᠡᠴᠢᠯᠡᠭᠰᠡᠨ ᠬᠠᠳᠠᠭᠠᠯᠠᠮᠵᠢ᠎ᠶᠢᠨ ᠪᠡᠯᠡᠳᠬᠡᠯ ᠮᠥᠩᠭᠦ᠎ᠶᠢᠨ ᠲᠦᠷᠦ᠎ᠶᠢᠨ ᠪᠤᠳᠤᠯᠭ᠎ᠠ᠎ᠶᠢᠨ ᠵᠥᠪ ᠴᠢᠭᠯᠡᠯ᠎ᠢᠶᠠᠷ ᠤᠷᠮᠠᠰᠢᠭᠤᠯᠬᠤ ᠦᠢᠯᠡᠳᠦᠯ᠎ᠢ ᠪᠠᠳᠠᠷᠠᠭᠤᠯᠵᠤ ᠂ ︽ ᠮᠠᠯ ᠠᠵᠤ ᠠᠬᠤᠢ ᠲᠠᠷᠢᠶᠠᠯᠠᠩ ᠂ ᠮᠠᠯᠵᠢᠬᠤ ᠳᠠᠷᠢᠶᠠᠯᠠᠬᠤ ᠤᠷᠤᠨ ᠂ ᠮᠠᠯᠴᠢᠨ ᠲᠠᠷᠢᠶᠠᠴᠢᠨ᠎ᠤ ᠠᠵᠢᠯ ᠦᠢᠯᠡᠰ᠎ᠤᠨ ᠬᠡᠯᠳᠡᠰ ︾᠎ᠤᠨ ᠬᠢᠨᠠᠨ ᠰᠢᠯᠭᠠᠬᠤ ᠡᠷᠴᠢᠮ᠎ᠢᠶᠡᠨ ᠴᠢᠩᠭᠠᠷᠠᠭᠤᠯᠵᠤ ᠂ ᠬᠠᠷᠢᠶ᠎ᠠ ᠪᠠᠶᠢᠭᠤᠯᠤᠮᠵᠢ᠎ᠶᠢᠨ ᠢᠲᠡᠭᠡᠮᠵᠢᠲᠦ ᠵᠢᠭᠡᠯᠡᠯᠭᠡ᠎ᠶᠢᠨ ᠠᠰᠢᠭ ᠬᠥᠷᠳᠡᠮᠵᠢ ᠤᠯᠭᠤᠵᠤ ᠂ ᠣᠷᠣᠨ ᠨᠤᠲᠤᠭ᠎ᠤᠨ ᠠᠵᠤ ᠠᠬᠤᠢ᠎ᠶᠢᠨ ᠬᠥᠭᠵᠢᠯᠲᠡ᠎ᠳ᠋ᠤ ᠪᠡᠯᠡ ᠮᠥᠩᠭᠦ᠎ᠶᠢᠨ ᠪᠠᠲᠤᠯᠠᠭ᠎ᠠ ᠬᠠᠩᠭᠠᠵᠥ ᠪᠠᠢᠨ᠎ᠠ ᠃

ᠣᠶᠢᠷ᠎ᠠ᠎ᠳ᠋ᠤ ᠂ ᠲᠤᠰ ᠰᠠᠯᠪᠤᠷᠢ ᠪᠠᠩᠬᠢ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠎ᠶᠢᠨ ᠰᠢᠶᠠᠨ᠎ᠤ ᠱᠠᠲᠤᠨ᠎ᠤ ︽ ᠮᠠᠯ ᠠᠵᠤ ᠠᠬᠤᠢ ᠲᠠᠷᠢᠶᠠᠯᠠᠩ ᠂ ᠮᠠᠯᠵᠢᠬᠤ ᠳᠠᠷᠢᠶᠠᠯᠠᠬᠤ ᠤᠷᠤᠨ ᠂ ᠮᠠᠯᠴᠢᠨ ᠲᠠᠷᠢᠶᠠᠴᠢᠨ᠎ᠤ ᠠᠵᠢᠯ ᠦᠢᠯᠡᠰ᠎ᠤᠨ ᠬᠡᠯᠳᠡᠰ ︾᠎ᠤᠨ ᠬᠠᠳᠠᠭᠠᠯᠠᠮᠵᠢ᠎ᠶᠢᠨ ᠪᠡᠯᠡᠳᠬᠡᠯ ᠮᠥᠩᠭᠦᠨ᠎ᠤ ᠵᠥᠷᠢᠶᠡᠲᠦ ᠨᠣᠷᠮ᠎ᠠ᠎ᠶᠢᠨ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠭᠰᠡᠨ ᠪᠠᠶᠢᠳᠠᠯ᠎ᠢ ᠬᠢᠨᠠᠨ ᠰᠢᠯᠭᠠᠬᠤ ᠠᠵᠢᠯ᠎ᠢ ᠤᠷᠤᠭᠰᠢᠲᠠᠶ ᠪᠡᠶᠡᠯᠡᠭᠦᠯᠪᠡ ᠃ ᠬᠢᠨᠠᠨ ᠰᠢᠯᠭᠠᠬᠤ᠎ᠪᠠᠷ ᠳᠡᠮᠵᠢᠨ ᠂ ᠲᠤᠰ ᠬᠤᠲᠠ᠎ᠶᠢᠨ 7 ᠬᠤᠰᠢᠭᠤ ᠰᠢᠶᠠᠨ᠎ᠤ 6᠎ᠨᠢ ᠪᠠᠷᠢᠮᠵᠢᠶ᠎ᠠ᠎ᠳ᠋ᠤ ᠬᠦᠷᠴᠦ ᠂ ᠪᠠᠷᠢᠮᠵᠢᠶ᠎ᠠ᠎ᠳ᠋ᠤ ᠬᠥᠷᠥᠭᠰᠡᠨ ︽ ᠬᠡᠯᠳᠡᠰ ︾᠎ᠲᠤ 3.57 ᠳ᠋ᠦᠩᠰᠢᠭᠤᠷ ᠲᠥᠭᠦᠷᠢᠭ᠎ᠤᠨ ᠪᠠᠯᠠ ᠮᠥᠩᠭᠦ ᠪᠠᠭᠤᠯᠭᠠᠵᠡᠢ ᠃ ᠡᠨᠡ᠎ᠨᠢ ᠮᠥᠩᠭᠦᠨ ᠭᠦᠢᠯᠭᠡᠭᠡᠨ᠎ᠤ ᠪᠠᠶᠢᠭᠤᠯᠤᠮᠵᠢ᠎ᠶᠢᠨ ᠲᠠᠷᠢᠶᠠᠯᠠᠩ᠎ᠲᠠᠢ ᠬᠤᠯᠪᠣᠭᠳᠠᠬᠤ ᠬᠦᠷᠢᠶ᠎ᠠ ᠴᠠᠷᠠᠭᠠᠨ᠎ᠳ᠋ᠠᠬᠢ ᠢᠲᠡᠭᠡᠮᠵᠢᠲᠦ ᠵᠢᠭᠡᠯᠡᠯᠭᠡ᠎ᠶᠢᠨ ᠣᠷᠣᠭᠤᠯᠤᠯᠲᠠ᠎ᠪᠠᠨ ᠥᠷᠭᠡᠳᠬᠡᠬᠦ᠎ᠳ᠋ᠤ ᠠᠰᠢᠭᠲᠠᠶ ᠪᠠᠶᠢᠵᠤ ᠂ ᠬᠠᠷᠢᠶ᠎ᠠ ᠣᠷᠣᠨ᠎ᠤ ᠠᠵᠤ ᠠᠬᠤᠶᠢᠯᠠᠯ ᠵᠢᠴᠢ ᠲᠠᠷᠢᠶᠠᠴᠢᠨ ᠡᠷᠦᠬᠡ᠎ᠶᠢᠨ ᠬᠠᠪᠤᠷ᠎ᠤᠨ ᠲᠠᠷᠢᠶᠠᠯᠠᠭ᠎ᠠ᠎ᠳ᠋ᠤ ᠪᠡᠯᠡᠳᠬᠡᠬᠦ ᠪᠠᠯᠠ ᠮᠥᠩᠭᠦ᠎ᠶᠢᠨ ᠬᠡᠷᠡᠭᠴᠡᠭᠡ᠎ᠶᠢ ᠦᠨᠡᠨ ᠬᠦ ᠬᠠᠩᠭᠠᠵᠤ ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳ᠋ᠤ ᠬᠦᠴᠦᠨ ᠨᠡᠮᠡᠷᠢᠯᠡᠭᠰᠡᠡ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面