2021-03-18 10:42:05
ᠮᠠᠨ᠎ᠤ ᠣᠷᠣᠨ᠎ᠤ ᠬᠠᠪᠤᠷ᠎ᠤᠨ ᠪᠣᠭᠣᠳᠠᠶ ᠳᠠᠷᠢᠬᠤ ᠠᠵᠢᠯ ᠲᠦᠷᠦᠭᠦᠬᠡᠨ ᠪᠠᠶᠠᠨᠨᠠᠭᠤᠷ ᠬᠣᠲᠠ᠎ᠶᠢᠨ ᠯᠢᠨ ᠾᠧ ᠲᠣᠭᠣᠷᠢᠭ᠎ᠲᠤ ᠡᠬᠢᠯᠡᠵᠦ ᠂ ᠪᠣᠭᠣᠳᠠᠶ᠎ᠶᠢᠨ ᠦᠷ᠎ᠡ᠎ᠶᠢ ᠳᠦᠭᠦᠷᠲᠡᠯ᠎ᠡ ᠠᠴᠢᠭᠰᠠᠨ ᠳᠠᠷᠢᠬᠤ ᠮᠠᠰᠢᠨ ᠲᠠᠷᠢᠶᠠᠨ ᠭᠠᠵᠠᠷ᠎ᠲᠤ ᠰᠦᠯᠵᠢᠯᠳᠦᠵᠦ ᠂ ᠲᠠᠷᠢᠶᠠᠴᠢᠳ ᠬᠠᠪᠤᠷ᠎ᠤᠨ ᠠᠵᠢᠯ᠎ᠳᠠᠭᠠᠨ ᠶᠠᠭᠠᠷᠠᠯᠳᠤᠨ᠎ᠠ ᠃
3 ᠰᠠᠷ᠎ᠠ᠎ᠶᠢᠨ 9᠎ᠤ ᠡᠳᠦᠷ ᠬᠤᠷᠠᠯᠳᠤᠭᠰᠠᠨ ᠪᠥᠬᠥ ᠣᠷᠣᠨ᠎ᠤ ᠲᠠᠷᠢᠮᠠᠯ᠎ᠤᠨ ᠦᠢᠯᠡᠰ᠎ᠤᠨ ᠠᠵᠢᠯ᠎ᠤᠨ ᠬᠤᠷᠠᠯ᠎ᠡᠴᠠ ᠂ ᠡᠯ᠎ᠡ ᠭᠠᠵᠠᠷ᠎ᠤᠨ᠎ᠬᠢᠨ ᠡᠷᠬᠡᠪᠰᠢ ᠬᠠᠪᠤᠷ᠎ᠤᠨ ᠲᠠᠷᠢᠶᠠᠯᠠᠩ᠎ᠤᠨ ᠦᠢᠯᠡᠳᠪᠦᠷᠢᠯᠡᠯ᠎ᠤᠨ ᠠᠩᠬᠠᠨ᠎ᠤ ᠳᠠᠶᠢᠯᠠᠯᠳᠤᠭᠠᠨ᠎ᠢ ᠪᠥᠬᠥ ᠬᠦᠴᠦᠨ᠎ᠢᠶᠠᠷ ᠰᠠᠶᠢᠲᠤᠷ ᠬᠢᠵᠦ ᠂ ᠪᠥᠬᠥ ᠵᠢᠯ᠎ᠤᠨ ᠠᠮᠤ ᠪᠤᠳᠠᠭᠠᠨ᠎ᠤ ᠡᠯᠪᠡᠭ ᠬᠤᠷᠢᠶᠠᠯᠲᠠ ᠤᠯᠬᠤ᠎ᠳ᠋ᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ ᠭᠡᠵᠦ ᠱᠠᠭᠠᠷᠳᠠᠪᠠ ᠃ ᠲᠠᠷᠢᠶᠠᠯᠠᠩ᠎ᠤᠨ ᠬᠡᠷᠡᠭᠰᠡᠯ᠎ᠤᠨ ᠠᠮᠤᠷ ᠲᠦᠪᠰᠢᠨ ᠲᠣᠭᠲᠠᠭᠤᠨ ᠬᠠᠩᠭᠠᠯᠭ᠎ᠠ᠎ᠶᠢ ᠦᠨᠡᠨ ᠬᠦ ᠪᠠᠲᠤᠯᠠᠵᠤ ᠂ ᠬᠠᠪᠤᠷ᠎ᠤᠨ ᠲᠠᠷᠢᠶᠠᠯᠠᠭ᠎ᠠ᠎ᠶᠢᠨ ᠴᠢᠨᠠᠷ ᠰᠠᠶᠢᠲᠠᠶ ᠪᠡᠶᠡᠯᠡᠭᠳᠡᠬᠦ᠎ᠶᠢ ᠦᠨᠡᠨ ᠬᠦ ᠪᠠᠲᠤᠯᠠᠬᠤ ︔ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠶ᠎ᠶᠢᠨ ᠰᠠᠯᠠᠭ᠎ᠠ ᠮᠥᠴᠢᠷ᠎ᠤᠨ᠎ᠬᠢᠨ ᠭᠠᠩ ᠬᠠᠭᠰᠠᠷᠠᠭᠠᠨ᠎ᠲᠠᠢ ᠲᠡᠮᠡᠴᠡᠵᠦ ᠬᠠᠪᠤᠷ᠎ᠤᠨ ᠲᠠᠷᠢᠶᠠᠯᠠᠭ᠎ᠠ᠎ᠶᠢ ᠪᠠᠲᠤᠯᠠᠬᠤ ᠠᠵᠢᠯ᠎ᠢ ᠢᠳᠡᠪᠬᠢᠲᠡᠶ ᠥᠷᠨᠢᠭᠦᠯᠬᠦ ︔ ᠮᠡᠷᠭᠡᠵᠢᠯ᠎ᠤᠨ ᠦᠢᠯᠡᠴᠢᠯᠡᠭᠡᠨᠢ ᠴᠠᠭ ᠲᠤᠬᠠᠶ᠎ᠳ᠋ᠤᠨᠢ ᠥᠷᠨᠢᠭᠦᠯᠵᠦ ᠂ ᠡᠯ᠎ᠡ ᠱᠠᠲᠤᠨ᠎ᠤ ᠲᠠᠷᠢᠶᠠᠯᠠᠩ᠎ᠤᠨ ᠮᠡᠷᠭᠡᠵᠢᠯ᠎ᠤᠨ ᠠᠵᠢᠯᠲᠠᠳ ᠲᠠᠷᠢᠶᠠᠨ ᠭᠠᠵᠠᠷ᠎ᠲᠤ ᠳᠠᠷᠤᠶᠢᠬᠠᠨ ᠭᠦᠨᠵᠡᠭᠡᠶᠢᠷᠡᠵᠦ ᠂ ᠮᠡᠷᠭᠡᠵᠢᠯ᠎ᠢᠶᠡᠨ ᠠᠪᠴᠤ ᠬᠥᠳᠡᠭᠡ ᠪᠠᠭᠤᠵᠤ ᠂ ᠲᠣᠰᠬᠣᠨ᠎ᠳ᠋ᠤ ᠰᠠᠭᠤᠵᠤ ᠂ ᠴᠡᠭ᠎ᠲᠤ ᠰᠠᠭᠤᠵᠤ ᠦᠢᠯᠡᠴᠢᠯᠡᠬᠦ ︔ ᠲᠥᠷᠥ᠎ᠶᠢᠨ ᠪᠣᠳᠣᠯᠭ᠎ᠠ᠎ᠶᠢ ᠠᠶᠢᠯ ᠡᠷᠦᠬᠡ᠎ᠳ᠋ᠤ ᠤᠷᠤᠭᠤᠯᠵᠤ ᠂ ᠤᠯᠤᠰ᠎ᠤᠨ ᠲᠠᠷᠢᠶᠠᠯᠠᠩ᠎ᠢ ᠴᠢᠬᠤᠯᠠᠴᠢᠯᠠᠨ ᠠᠮᠤ ᠪᠤᠳᠠᠭ᠎ᠠ᠎ᠶᠢ ᠠᠳᠬᠤᠬᠤ ᠲᠥᠷᠥ᠎ᠶᠢᠨ ᠪᠣᠳᠣᠯᠭ᠎ᠠ᠎ᠶᠢ ᠲᠠᠷᠢᠶᠠᠯᠠᠬᠤ ᠡᠷᠦᠬᠡ᠎ᠶᠢᠨ ᠳᠡᠷᠭᠡᠳᠡ ᠬᠦᠷᠭᠡᠵᠦ ᠂ ᠦᠢᠯᠡᠳᠪᠦᠷᠢᠯᠡᠯ᠎ᠤᠨ ᠠᠰᠠᠭᠤᠳᠠᠯ᠎ᠢ ᠰᠢᠶᠳᠪᠦᠷᠢᠯᠡᠬᠦ ᠮᠥᠷᠲᠡᠭᠡᠨ ᠪᠠᠰᠠ ᠲᠥᠷᠥ᠎ᠶᠢᠨ ᠪᠣᠳᠣᠯᠭ᠎ᠠ᠎ᠶᠢ ᠠᠰᠢᠠᠠᠯᠠᠨ ᠬᠥᠲᠥᠯᠥᠨ ᠵᠢᠯᠣᠭᠣᠳᠬᠤ ᠦᠢᠯᠡᠳᠦᠯ᠎ᠢᠶᠡᠨ ᠪᠠᠳᠠᠷᠠᠭᠤᠯᠬᠤ ︔ ᠡᠯ᠎ᠡ ᠱᠠᠲᠤᠨ᠎ᠤ ᠲᠠᠷᠢᠶᠠᠯᠠᠩ ᠮᠠᠯ ᠠᠵᠤ ᠠᠬᠤᠶ᠎ᠶᠢᠨ ᠰᠠᠯᠠᠭ᠎ᠠ ᠮᠥᠴᠢᠷ᠎ᠤᠳ ᠲᠠᠷᠢᠶᠠᠯᠠᠩ᠎ᠤᠨ ᠪᠠᠶᠢᠳᠠᠯ᠎ᠤᠨ ᠲᠣᠬᠢᠷᠠᠭᠤᠯᠤᠯᠲᠠ᠎ᠪᠠᠨ ᠴᠢᠩᠭᠠᠷᠠᠭᠤᠯᠤᠨ ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠪᠠᠶᠢᠳᠠᠯ᠎ᠢ ᠴᠠᠭ ᠲᠤᠬᠠᠶ᠎ᠳ᠋ᠤᠨᠢ ᠡᠵᠡᠮᠰᠢᠵᠦ ᠂ ᠲᠠᠷᠢᠶᠠᠴᠢᠳ ᠪᠣᠯᠤᠨ ᠤᠳᠤᠷᠢᠳᠤᠯᠭ᠎ᠠ᠎ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠶᠢ ᠵᠢᠯᠣᠭᠣᠳᠬᠤ᠎ᠳ᠋ᠤ ᠮᠡᠳᠡᠭᠡ ᠵᠠᠩᠭᠢ᠎ᠶᠢᠨ ᠦᠢᠯᠡᠴᠢᠯᠡᠭᠡ ᠬᠠᠩᠭᠠᠬᠤ ᠁ ᠡᠳᠡᠬᠡᠷ ᠪᠤᠯ ᠪᠦᠬᠦ ᠵᠢᠯ᠎ᠤᠨ ᠠᠮᠤ ᠪᠤᠳᠠᠭᠠᠨ᠎ᠤ ᠡᠯᠪᠡᠭ ᠬᠤᠷᠢᠶᠠᠯᠳᠠ ᠤᠯᠬᠤ᠎ᠳ᠋ᠤ ᠪᠠᠳᠤ ᠰᠠᠭᠤᠷᠢ ᠲᠠᠯᠪᠢᠬᠤ᠎ᠶᠢᠨ ᠲᠦᠯᠦᠭᠡ ᠮᠠᠨ᠎ᠤ ᠤᠷᠤᠨ᠎ᠤ ᠠᠪᠴᠤ ᠪᠠᠢᠭ᠎ᠠ ᠠᠷᠭ᠎ᠠ ᠬᠢᠳᠡᠯ ᠪᠤᠯᠤᠨ᠎ᠠ ᠃
ᠣᠳᠣᠬᠠᠨ᠎ᠳ᠋ᠤ ᠂ ᠪᠥᠬᠥ ᠣᠷᠣᠨ᠎ᠤ ᠲᠠᠷᠢᠶᠠᠯᠠᠩ᠎ᠤᠨ ᠬᠡᠷᠡᠭᠰᠡᠯ᠎ᠢ ᠰᠢᠯᠵᠢᠭᠦᠯᠦᠨ ᠲᠡᠭᠡᠭᠡᠪᠦᠷᠢᠯᠡᠬᠦ ᠨᠥᠭᠡᠴᠡ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠶᠢᠵᠤ ᠂ ᠡᠷᠳᠡᠨᠢ ᠰᠢᠰᠢ ᠂ ᠪᠣᠭᠣᠳᠠᠶ ᠂ ᠲᠤᠲᠤᠷᠭ᠎ᠠ ᠂ ᠰᠢᠷ᠎ᠠ ᠪᠤᠷᠴᠠᠭ ᠵᠡᠷᠭᠡ ᠭᠣᠤᠯ ᠪᠣᠯᠬᠤ ᠠᠮᠤ ᠪᠤᠳᠠᠭᠠᠨ᠎ᠤ ᠲᠠᠷᠢᠮᠠᠯ᠎ᠤᠨ ᠦᠷ᠎ᠡ᠎ᠶᠢᠨ ᠬᠠᠳᠠᠭᠠᠯᠠᠯᠲᠠ᠎ᠶᠢᠨ ᠬᠡᠮᠵᠢᠶ᠎ᠡ ᠴᠥᠮ ᠬᠠᠪᠤᠷ᠎ᠤᠨ ᠲᠠᠷᠢᠶᠠᠯᠠᠭ᠎ᠠ᠎ᠶᠢᠨ ᠬᠡᠷᠡᠭᠴᠡᠭᠡᠨ᠎ᠤ 77%᠎ᠡᠴᠠ ᠳᠡᠭᠡᠭᠰᠢ᠎ᠳ᠋ᠤ ᠬᠦᠷᠴᠦ ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠠ ᠥᠨᠳᠥᠷ ᠪᠠᠶᠢᠨ᠎ᠠ ︔ ᠪᠦᠬᠦ ᠣᠷᠣᠨ᠎ᠤ ᠬᠢᠮᠢ᠎ᠶᠢᠨ ᠪᠣᠷᠳᠣᠭᠤᠷ ᠂ ᠰᠦᠯᠢᠶᠣᠣ ᠪᠦᠷᠬᠦᠪᠴᠢ ᠪᠣᠯᠤᠨ ᠲᠠᠷᠢᠶᠠᠨ ᠡᠮ ᠵᠡᠷᠭᠡ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠤᠨ ᠪᠠᠷᠠᠭ᠎ᠠ᠎ᠶᠢᠨ ᠢᠷᠡᠯᠲᠡ ᠭᠦᠢᠴᠡᠳ ᠂ ᠲᠡᠭᠡᠭᠡᠪᠦᠷᠢ᠎ᠶᠢᠨ ᠵᠠᠮ ᠰᠠᠭᠠᠳ ᠦᠭᠡᠶ ᠨᠡᠪᠲᠡᠷᠡᠵᠦ ᠪᠠᠶᠢᠨ᠎ᠠ ︔ ᠲᠠᠷᠢᠶᠠᠯᠠᠩ᠎ᠤᠨ ᠮᠠᠰᠢᠨ ᠪᠣᠯᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠦᠢᠯᠡᠴᠢᠯᠡᠭᠡᠨ᠎ᠤ ᠪᠡᠯᠡᠳᠬᠡᠯ ᠭᠦᠶᠴᠡᠳ ︔ ᠪᠦᠬᠦ ᠣᠷᠣᠨ᠎ᠤ ᠬᠠᠪᠤᠷ᠎ᠤᠨ ᠲᠠᠷᠢᠶᠠᠯᠠᠩ᠎ᠤᠨ ᠦᠢᠯᠡᠳᠪᠦᠷᠢᠯᠡᠯ᠎ᠳ᠋ᠤ ᠣᠷᠣᠭᠤᠯᠵᠤ ᠪᠣᠯᠬᠤ ᠲᠷᠠᠺᠲ᠋ᠤᠷ 97.6 ᠲᠦᠮᠡ ᠰᠢᠬᠠᠮ ᠂ ᠢᠵᠢ ᠪᠦᠷᠢᠳᠦᠭᠦᠯᠦᠭᠰᠡᠨ ᠲᠠᠷᠢᠶᠠᠯᠠᠩ᠎ᠤᠨ ᠮᠠᠰᠢᠨ ᠪᠠᠭᠠᠵᠢ 140 ᠲᠦᠮᠡ᠎ᠡᠴᠠ ᠳᠡᠭᠡᠭᠰᠢ ᠪᠠᠶᠢᠵᠤ ᠂ ᠬᠠᠪᠤᠷ᠎ᠤᠨ ᠲᠠᠷᠢᠶᠠᠯᠠᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠦᠨᠡᠨ ᠬᠦ ᠪᠠᠲᠤᠯᠠᠨ᠎ᠠ ︔ ᠮᠡᠷᠭᠡᠵᠢᠯ᠎ᠤᠨ ᠦᠢᠯᠡᠴᠢᠯᠡᠭᠡ᠎ᠶᠢ ᠪᠣᠳᠠᠲᠠᠶᠢᠵᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠎ᠡᠴᠠ ᠲᠤᠰᠬᠠᠶ ᠮᠡᠷᠭᠡᠵᠢᠯᠲᠡᠨ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠶᠢᠭᠤᠯᠤᠨ 57 ᠵᠦᠢᠯ᠎ᠤᠨ ᠲᠠᠷᠢᠶᠠᠯᠠᠩ ᠮᠠᠯ ᠠᠵᠤ ᠠᠬᠤᠶ᠎ᠶᠢᠨ ᠭᠣᠤᠯ ᠳᠡᠯᠭᠡᠷᠡᠭᠦᠯᠬᠦ ᠮᠡᠷᠭᠡᠵᠢᠯ᠎ᠢ ᠰᠢᠯᠢᠨ ᠭᠠᠷᠭᠠᠵᠤ ᠂ ᠪᠥᠬᠥ ᠣᠷᠣᠨ᠎ᠤ ᠬᠠᠪᠤᠷ᠎ᠤᠨ ᠲᠠᠷᠢᠶᠠᠯᠠᠩ᠎ᠤᠨ ᠦᠢᠯᠡᠳᠪᠦᠷᠢᠯᠡᠯ᠎ᠳ᠋ᠤ ᠬᠦᠴᠦᠨ ᠨᠡᠮᠡᠷᠢᠯᠡᠪᠡ ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶᠢᠭᠤᠯᠤᠯᠲᠠ ᠂ ᠬᠠᠮᠠᠭᠠᠯᠠᠯᠲᠠ᠎ᠶᠢᠨ ᠴᠢᠨᠠᠷᠲᠠᠶ ᠲᠠᠷᠢᠶᠠᠯᠠᠭ᠎ᠠ ᠵᠡᠷᠭᠡ ᠴᠢᠬᠤᠯᠠ ᠶᠡᠬᠡ ᠲᠥᠷᠥᠯ ᠵᠦᠢᠯ᠎ᠢ ᠲᠣᠭᠲᠠᠭᠤᠨ᠎ᠢᠶᠠᠷ ᠬᠡᠷᠡᠭᠵᠢᠭᠦᠯᠵᠦ ᠂ ᠠᠮᠤ ᠪᠤᠳᠠᠭᠠᠨ᠎ᠤ ᠦᠢᠯᠡᠳᠪᠦᠷᠢᠯᠡᠯ᠎ᠤᠨ ᠲᠣᠭᠲᠠᠭᠤᠨ ᠥᠨᠳᠥᠷ ᠤᠨᠠᠯᠲᠠ᠎ᠶᠢ ᠪᠠᠲᠤᠯᠠᠬᠤ᠎ᠪᠠᠷ ᠴᠢᠷᠮᠠᠢᠵᠤ ᠪᠤᠢ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠷᠢᠭᠤᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃