2020-03-29 13:29:28
ᠠᠵᠤ ᠠᠬᠤᠶ᠎ᠶᠢᠨ ᠡᠷᠬᠢᠯᠳᠡ᠎ᠳ᠋ᠤ ᠦᠵᠡᠭᠦᠯᠬᠦ ᠬᠢᠵᠢᠭ᠎ᠤᠨ ᠨᠥᠯᠥᠭᠡ᠎ᠶᠢ ᠪᠠᠭᠠᠰᠬᠠᠵᠤ ᠂ ᠲᠠᠷᠢᠶᠠᠴᠢᠨ ᠡᠷᠦᠬᠡ᠎ᠶᠢᠨ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠪᠠᠯᠠ ᠮᠥᠩᠭᠥ᠎ᠶᠢᠨ ᠬᠡᠷᠡᠭᠴᠡᠭᠡ᠎ᠶᠢ ᠬᠠᠩᠭᠠᠬᠤ᠎ᠶᠢᠨ ᠲᠥᠯᠥᠭᠡ ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠨᠠᠢ᠍ᠮᠠᠨ ᠬᠣᠰᠢᠭᠤᠨᠳ᠋ᠠᠬᠢ ᠰᠠᠯᠪᠥᠷᠢ ᠪᠠᠩᠬᠢ ᠡᠯ᠎ᠡ ᠮᠥᠩᠭᠥᠨ ᠭᠦᠶᠯᠭᠡᠭᠡᠨ᠎ᠤ ᠪᠠᠶᠢᠭᠤᠯᠤᠮᠵᠢ᠎ᠶᠢᠨ ᠳᠡᠭᠡᠳᠦ ᠱᠠᠲᠤᠨ᠎ᠤ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠮᠥᠩᠭᠥᠨ ᠭᠦᠶᠯᠭᠡᠭᠡᠨ᠎ᠢᠶᠠᠷ ᠣᠷᠣᠨ ᠨᠤᠲᠤᠭ᠎ᠤᠨ ᠠᠵᠤ ᠠᠬᠤᠶ᠎ᠶᠢᠨ ᠬᠥᠭᠵᠢᠯᠲᠡ᠎ᠶᠢ ᠳᠡᠮᠵᠢᠬᠦ᠎ᠶᠢ ᠯᠠᠪᠳᠠᠭᠤᠨ ᠪᠠᠲᠤᠲᠠᠶ ᠠᠬᠢᠭᠤᠯᠵᠤ ᠪᠠᠢᠨ᠎ᠠ ᠃
ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠎ᠶᠢᠨ ᠨᠠᠢ᠍ᠮᠠᠨ ᠬᠣᠰᠢᠭᠤᠨ᠎ᠤ ᠰᠠᠯᠪᠤᠷᠢ ᠪᠠᠩᠬᠢ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠬᠡᠷᠡᠭᠯᠡᠭᠡᠨ᠎ᠤ ᠪᠠᠯᠠ ᠮᠥᠩᠭᠥ᠎ᠶᠢ ᠶᠡᠬᠡ᠎ᠪᠠᠷ ᠲᠠᠯᠪᠢᠵᠤ ᠂ ᠰᠦᠯᠵᠢᠶᠡᠨ ᠳᠡᠭᠡᠷᠡᠬᠢ ᠠᠷᠭ᠎ᠠ ᠮᠠᠢᠭ᠎ᠢᠶᠠᠷ ᠵᠢᠭᠡᠯᠡᠯᠭᠡ ᠲᠠᠯᠪᠢᠵᠤ ᠂ ᠬᠥᠮᠥᠰ ᠭᠠᠷ ᠤᠲᠠᠰᠤᠨ᠎ᠤ ᠪᠠᠩᠬᠢ ᠂ ᠰᠦᠯᠵᠢᠶᠡᠨ ᠳᠡᠭᠡᠷᠡᠬᠢ ᠪᠠᠩᠬᠢ ᠂ ᠠᠤᠢᠲ᠋ᠣ᠋ ᠦᠵᠦᠭᠦᠷ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠠᠤᠢᠲ᠋ᠣ᠋ ᠵᠣᠭᠣᠰ ᠬᠡᠷᠡᠭᠯᠡᠬᠦ ᠪᠤᠶᠤ ᠵᠣᠭᠣᠰ᠎ᠢᠶᠡᠨ ᠪᠤᠴᠠᠭᠠᠵᠤ ᠂ ᠭᠠᠷ ᠬᠥᠢᠴᠡᠳᠭᠡᠯ ᠬᠢᠬᠥ᠎ᠳ᠋ᠤ ᠠᠭᠤᠯᠵᠠᠬᠤ ᠥᠬᠡᠶ ᠂ ᠳᠡᠭ ᠵᠠᠢ᠎ᠳ᠋ᠤ ᠥᠢᠯᠡᠴᠢᠯᠡᠬᠥᠶᠢ ᠪᠡᠶᠡᠯᠡᠭᠦᠯᠵᠦ ᠂ ᠵᠥᠪᠬᠡᠨ 20 ᠡᠳᠦᠷ ᠣᠷᠴᠢᠮ᠎ᠤᠨ ᠬᠤᠭᠤᠴᠠᠭᠠᠨ᠎ᠳ᠋ᠤ ︽ ᠲᠠᠷᠢᠶᠠᠴᠢᠳ᠎ᠲᠤ ᠠᠰᠢᠭ ᠬᠦᠷᠲᠡᠭᠡᠬᠦ E ᠵᠢᠭᠡᠯᠡᠯᠭᠡ ︾᠎ᠶᠢᠨ ᠪᠠᠯᠠ ᠮᠥᠩᠭᠥ᠎ᠶᠢ 3.24 ᠳ᠋ᠦᠩᠰᠢᠭᠤᠷ ᠲᠥᠭᠥᠷᠢᠭ ᠲᠠᠯᠪᠢᠵᠤ ᠂ ᠵᠢᠱᠢᠯᠲᠡ᠎ᠪᠠᠷ ᠡᠨᠡ ᠵᠢᠯ᠎ᠤᠨ ᠨᠢᠭᠡᠳᠦᠭᠡᠷ ᠤᠯᠠᠷᠢᠯ᠎ᠳ᠋ᠤ 4 ᠳ᠋ᠦᠩᠰᠢᠭᠤᠷ ᠲᠥᠭᠥᠷᠢᠭ ᠲᠠᠯᠪᠢᠬᠤ ᠪᠤᠯᠤᠨ᠎ᠠ ᠃
3 ᠰᠠᠷ᠎ᠠ᠎ᠶᠢᠨ 10᠎ᠤ ᠡᠳᠦᠷ ᠪᠣᠯᠲᠠᠯ᠎ᠠ ᠂ ᠡᠯ᠎ᠡ ᠵᠦᠶᠯ᠎ᠤᠨ ᠵᠢᠭᠡᠯᠡᠯᠭᠡ᠎ᠶᠢ ᠨᠡᠶᠢᠲᠡ 3.23 ᠳ᠋ᠦᠩᠰᠢᠭᠤᠷ ᠲᠥᠭᠥᠷᠢᠭ ᠲᠠᠯᠪᠢᠵᠠᠶ ᠃ ᠡᠭᠦᠨ᠎ᠳ᠋ᠤ ᠲᠦᠭᠡᠮᠡᠯ ᠠᠰᠢᠭ ᠬᠦᠷᠲᠡᠭᠡᠬᠦ ᠰᠢᠰᠲ᠋ᠧᠮ᠎ᠤᠨ ᠵᠢᠵᠢᠭ ᠪᠢᠴᠢᠯ ᠠᠵᠤ ᠠᠬᠤᠶᠢᠯᠠᠯ᠎ᠤᠨ ᠵᠢᠭᠡᠯᠡᠯᠭᠡ᠎ᠶᠢ 0.39 ᠳ᠋ᠦᠩᠰᠢᠭᠤᠷ ᠲᠥᠭᠥᠷᠢᠭ ᠲᠠᠯᠪᠢᠵᠤ ᠂ ᠲᠠᠩᠰᠠᠯᠠᠵᠤ ᠺᠠᠷᠲᠴᠢᠯᠠᠬᠰᠠᠨ ᠶᠠᠳᠠᠭᠤ ᠬᠦᠴᠢᠷᠳᠡᠯᠲᠡᠶ ᠡᠷᠦᠬᠡ᠎ᠶᠢᠨ ᠪᠠᠭ᠎ᠠ ᠲᠣᠭᠠᠨ᠎ᠤ ᠢᠲᠡᠭᠡᠮᠵᠢᠲᠦ ᠵᠢᠭᠡᠯᠡᠯᠭᠡ᠎ᠶᠢ 650 ᠲᠦᠮᠡᠨ ᠲᠥᠭᠥᠷᠢᠭ ᠲᠠᠯᠪᠢᠨ ᠂ ᠲᠠᠷᠢᠶᠠᠯᠠᠩ ᠮᠠᠯ ᠠᠵᠤ ᠠᠬᠤᠶ᠎ᠶᠢᠨ ᠵᠢᠭᠡᠯᠡᠯᠭᠡ᠎ᠶᠢ 2.67 ᠳ᠋ᠦᠩᠰᠢᠭᠤᠷ ᠲᠥᠭᠥᠷᠢᠭ ᠲᠠᠯᠪᠢᠬᠰᠠᠨ ᠪᠠᠢᠨ᠎ᠠ ᠃ ᠮᠠᠯᠴᠢᠨ ᠲᠠᠷᠢᠶᠠᠴᠢᠨ ᠡᠷᠦᠬᠡ᠎ᠶᠢᠨ ᠦᠢᠯᠡᠳᠪᠦᠷᠢᠯᠡᠯ ᠡᠵᠡᠩᠨᠡᠯᠲᠡ᠎ᠪᠠᠨ ᠬᠥᠭᠵᠢᠭᠦᠯᠬᠦ᠎ᠶᠢ ᠳᠡᠮᠵᠢᠬᠦ᠎ᠶᠢᠨ ᠲᠥᠯᠥᠭᠡ ᠂ ᠲᠤᠰ ᠪᠠᠩᠬᠢ 3 ᠰᠠᠷ᠎ᠠ᠎ᠶᠢᠨ ᠡᠬᠢᠨ᠎ᠢᠶᠠᠷ ᠲᠠᠷᠢᠶᠠᠴᠢᠨ ᠡᠷᠦᠬᠡ᠎ᠶᠢᠨ ᠪᠠᠭ᠎ᠠ ᠲᠣᠭᠠᠨ᠎ᠤ ᠢᠲᠡᠭᠡᠮᠵᠢᠲᠦ ᠵᠢᠭᠡᠯᠡᠯᠭᠡ᠎ᠶᠢᠨ ᠲᠣᠭ᠎ᠠ ᠬᠡᠮᠵᠢᠶ᠎ᠡ᠎ᠶᠢ ᠳᠡᠭᠡᠭᠰᠢᠯᠡᠭᠦᠯᠵᠦ ᠂ ᠤᠤᠯ᠎ᠤᠨ ᠬᠠᠮᠤᠭ᠎ᠤᠨ ᠥᠨᠳᠥᠷ ᠬᠡᠮᠵᠢᠶ᠎ᠡ 5 ᠲᠦᠮᠡᠨ ᠲᠥᠭᠥᠷᠢᠭ ᠪᠠᠢᠬᠰᠠᠨ᠎ᠡᠴᠠ 10 ᠲᠦᠮᠡᠨ ᠲᠥᠭᠥᠷᠢᠭ ᠪᠣᠯᠭᠠᠨ ᠳᠡᠭᠡᠭᠰᠢᠯᠡᠭᠦᠯᠥᠨ ᠂ ᠮᠠᠯᠴᠢᠨ ᠲᠠᠷᠢᠶᠠᠴᠢᠨ ᠡᠷᠦᠬᠡ᠎ᠶᠢᠨ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠢᠲᠡᠭᠡᠮᠵᠢᠲᠦ ᠵᠢᠭᠡᠯᠡᠯᠭᠡ᠎ᠶᠢᠨ ᠪᠠᠯᠠ ᠮᠥᠩᠭᠥ᠎ᠶᠢᠨ ᠬᠡᠷᠡᠭᠴᠡᠭᠡ ᠱᠠᠭᠠᠷᠳᠠᠯᠭ᠎ᠠ᠎ᠶᠢ ᠬᠠᠮᠤᠭ᠎ᠤᠨ ᠶᠡᠬᠡ ᠬᠡᠮᠵᠢᠶ᠎ᠡ᠎ᠪᠠᠷ ᠬᠠᠩᠭᠠᠪᠠ ᠃ ᠡᠭᠦᠨ᠎ᠤ ᠬᠠᠮᠲᠤ ᠂ ᠲᠠᠷᠢᠵᠤ ᠲᠡᠵᠢᠭᠡᠬᠦ ᠲᠣᠮᠣ ᠡᠷᠦᠬᠡ᠎ᠶᠢᠨ ᠦᠶᠯᠡᠳᠪᠦᠷᠢᠯᠡᠯ᠎ᠢᠶᠡᠨ ᠬᠥᠭᠵᠢᠭᠦᠯᠬᠦ᠎ᠶᠢ ᠳᠡᠮᠵᠢᠬᠦ᠎ᠶᠢᠨ ᠲᠥᠯᠥᠭᠡ ᠪᠠᠰᠠ ᠦᠬᠡᠷ ᠲᠡᠵᠢᠭᠡᠨ ᠦᠷᠡᠵᠢᠭᠦᠯᠬᠦ ᠵᠢᠭᠡᠯᠡᠯᠭᠡ ᠂ ᠲᠠᠷᠢᠵᠤ ᠲᠡᠵᠢᠭᠡᠬᠦ ᠲᠣᠮᠣ ᠡᠷᠦᠬᠡ᠎ᠶᠢ ᠬᠠᠪᠰᠤᠷᠤᠨ ᠬᠥᠭᠵᠢᠭᠦᠯᠬᠦ ᠵᠢᠭᠡᠯᠡᠯᠭᠡ᠎ᠶᠢ ᠵᠠᠯᠭᠠᠭ᠎ᠠ᠎ᠪᠠᠷ ᠨᠡᠭᠡᠭᠡᠵᠦ ᠂ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠣᠰᠬᠣᠨ᠎ᠤ ᠮᠠᠯᠵᠢᠬᠤ ᠲᠠᠷᠢᠶᠠᠯᠠᠬᠤ ᠡᠷᠦᠬᠡ᠎ᠶᠢᠨ ᠬᠥᠷᠥᠩᠭᠡ ᠢᠲᠡᠭᠡᠮᠵᠢ᠎ᠶᠢᠨ ᠪᠠᠶᠢᠳᠠᠯ᠎ᠢ ᠦᠨᠳᠦᠰᠦᠯᠡᠨ ᠢᠲᠡᠭᠡᠮᠵᠢᠲᠦ ᠵᠢᠭᠡᠯᠡᠯᠭᠡ ᠤᠯᠭᠤᠵᠤ ᠪᠠᠢᠨ᠎ᠠ ᠃
ᠬᠢᠵᠢᠭ᠎ᠤᠨ ᠪᠠᠶᠢᠳᠠᠯ᠎ᠤᠨ ᠭᠠᠬᠠᠶ ᠲᠡᠵᠢᠭᠡᠨ ᠦᠷᠡᠵᠢᠭᠦᠯᠬᠦ ᠠᠵᠤ ᠠᠬᠤᠶᠢᠯᠠᠯ᠎ᠳ᠋ᠤ ᠦᠵᠡᠭᠦᠯᠥᠭᠰᠡᠨ ᠳᠠᠭᠠᠷᠢᠯᠲᠠ᠎ᠶᠢ ᠨᠠᠮᠳᠠᠭᠤᠯᠬᠤ᠎ᠶᠢᠨ ᠲᠥᠯᠥᠭᠡ ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠬᠥᠭᠵᠢᠬᠥᠯᠥᠯᠲᠠᠶᠢᠨ ᠪᠠᠩᠬᠢ᠎ᠶᠢᠨ ᠨᠠᠢᠮᠠᠨᠳ᠋ᠠᠬᠢ ᠰᠠᠯᠪᠤᠷᠢ ᠪᠠᠩᠬᠢ 3 ᠰᠠᠷ᠎ᠠ᠎ᠶᠢᠨ 10᠎ᠤ ᠡᠳᠦᠷ ᠥᠪᠥᠷ ᠮᠣᠩᠭᠣᠯ᠎ᠤᠨ ᠨᠠᠢ᠍ᠮᠠᠨ᠎ᠤ ᠮᠥ ᠶᠤᠧᠠᠨ ᠲᠠᠷᠢᠶᠠᠯᠠᠩ ᠮᠠᠯ ᠠᠵᠤ ᠠᠬᠤᠶ᠎ᠶᠢᠨ ᠬᠢᠵᠠᠭᠠᠷᠲᠤ ᠺᠣᠮᠫᠠᠨᠢ᠎ᠳ᠋ᠤ 7000 ᠲᠦᠮᠡᠨ ᠲᠥᠭᠥᠷᠢᠭ᠎ᠤᠨ ᠲᠠᠷᠢᠶᠠᠯᠠᠩ᠎ᠢ ᠳᠡᠮᠵᠢᠬᠦ ᠵᠢᠭᠡᠯᠡᠯᠭᠡ ᠲᠠᠯᠪᠢᠵᠤ ᠂ ᠭᠠᠬᠠᠶ ᠲᠡᠵᠢᠭᠡᠨ ᠦᠷᠡᠵᠢᠭᠦᠯᠬᠦ᠎ᠳ᠋ᠤ ᠬᠡᠷᠡᠭᠰᠡᠬᠦ ᠲᠡᠵᠢᠭᠡᠯ ᠪᠣᠷᠳᠣᠭ᠎ᠠ᠎ᠶᠢᠨ ᠦᠶᠯᠡᠳᠪᠦᠷᠢᠯᠡᠯ ᠂ ᠮᠠᠯ᠎ᠤᠨ ᠡᠮ᠎ᠤᠨ ᠸᠠᠺᠼᠢᠨ ᠬᠤᠳᠠᠯᠳᠤᠨ ᠠᠪᠬᠤ ᠵᠡᠷᠭᠡ ᠭᠦᠢᠯᠭᠡᠭᠡᠨ᠎ᠤ ᠪᠡᠯᠡ ᠮᠥᠩᠭᠥ᠎ᠶᠢᠨ ᠬᠡᠷᠡᠭᠴᠡᠭᠡ᠎ᠶᠢ ᠬᠠᠩᠭᠠᠵᠤ ᠂ ᠠᠵᠤ ᠠᠬᠤᠶᠢᠯᠠᠯ᠎ᠤᠨ ᠦᠢᠯᠡᠳᠪᠦᠷᠢᠡᠯᠡᠯ᠎ᠢᠶᠡᠨ ᠰᠡᠷᠭᠦᠭᠡᠬᠦ᠎ᠳ᠋ᠤ ᠲᠥᠷᠥ᠎ᠶᠢᠨ ᠪᠣᠳᠣᠯᠭ᠎ᠠ᠎ᠶᠢᠨ ᠴᠢᠨᠠᠷᠲᠠᠶ ᠮᠥᠩᠭᠥᠨ ᠭᠦᠢᠯᠭᠡᠭᠡᠨ᠎ᠤ ᠳᠡᠮᠵᠢᠯᠭᠡ ᠥᠵᠡᠭᠥᠯᠥᠭᠰᠡᠨ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠷᠢᠭᠤᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃