ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-04-23 10:11:35

ᠵᠣᠬᠢᠶᠠᠭ᠍ᠴᠢ᠄ ​ᠪᠤᠤ ᠨᠠᠷᠠᠨᠳᠤᠶᠠᠭ᠎ᠠ ᠣᠩᠱᠢᠭ᠍ᠰᠠᠨ ᠣᠳᠠᠭ᠎ᠠ᠄ 3


ᠲᠠᠷᠢᠶᠠᠴᠢᠳ᠎ᠤᠨ ᠴᠢᠨᠠᠷ ᠰᠠᠢᠳᠠᠢ ᠲᠠᠷᠢᠶᠠᠯᠠᠩ᠎ᠤᠨ ᠬᠡᠷᠡᠭᠰᠡᠯ ᠬᠤᠳᠠᠯᠳᠤᠨ ᠠᠪᠬᠤ᠎ᠶᠢ ᠦᠨᠡᠨ ᠬᠦ ᠪᠠᠲᠤᠯᠠᠵᠤ ᠂ ᠲᠠᠷᠢᠶᠠᠯᠠᠩ᠎ᠤᠨ ᠬᠡᠷᠡᠭᠰᠡᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠤᠯᠠᠮ ᠨᠢᠭᠡ ᠠᠯᠬᠤᠮ ᠴᠡᠭᠴᠡᠯᠡᠨ ᠵᠢᠷᠤᠮᠵᠢᠭᠤᠯᠵᠤ ᠂ ᠲᠠᠷᠢᠶᠠᠯᠠᠩ ᠮᠠᠯ ᠠᠵᠤ ᠠᠬᠤᠶ᠎ᠶᠢᠨ ᠬᠦᠷᠢᠶᠡᠨ᠎ᠳ᠋ᠠᠬᠢ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠎ᠶᠢᠨ ᠲᠥᠯᠥᠭᠡ ᠂ ᠬᠦᠬᠡᠬᠤᠳᠠ ᠬᠠᠪᠤᠷ᠎ᠤᠨ ᠤᠯᠠᠷᠢᠯ᠎ᠤᠨ ᠬᠠᠭᠤᠷᠮᠠᠭ ᠮᠠᠭᠤ ᠲᠠᠷᠢᠶᠠᠯᠠᠩ᠎ᠤᠨ ᠬᠡᠷᠡᠭᠰᠡᠯ᠎ᠳ᠋ᠤ ᠴᠣᠬᠢᠯᠲᠠ ᠥᠭᠬᠦ ᠲᠤᠰᠬᠠᠶ ᠠᠵᠢᠯᠯᠠᠭ᠎ᠠ᠎ᠶᠢ ᠭᠦᠨᠵᠡᠭᠡᠶ ᠦᠷᠨᠢᠭᠦᠯᠵᠦ ᠂ ᠲᠠᠷᠢᠶᠠᠨ ᠦᠷ᠎ᠡ ᠂ ᠲᠠᠷᠢᠶᠠᠨ ᠡᠮ ᠂ ᠪᠣᠷᠲᠣᠭᠣᠷ ᠂ ᠮᠠᠯ᠎ᠤᠨ ᠡᠮ ᠂ ᠲᠡᠵᠢᠭᠡᠯ ᠪᠣᠷᠳᠣᠭ᠎ᠠ ᠂ ᠲᠠᠷᠢᠶᠠᠯᠠᠩ᠎ᠤᠨ ᠮᠠᠰᠢᠨ ᠵᠡᠷᠭᠡ ᠲᠠᠯ᠎ᠠ᠎ᠪᠠᠷ ᠲᠤᠰᠬᠠᠢ ᠵᠦᠢᠯ᠎ᠤᠨ ᠪᠠᠢᠴᠠᠭᠠᠯᠳᠠ ᠦᠷᠨᠢᠭᠦᠯᠪᠠ ᠃

4 ᠰᠠᠷ᠎ᠠ᠎ᠶᠢᠨ 12᠎ᠤᠨ ᠡᠳᠦᠷ ᠂ ᠬᠦᠬᠡᠬᠤᠳᠠ᠎ᠶᠢᠨ ᠲᠠᠷᠢᠶᠠᠯᠠᠩ ᠮᠠᠯ ᠠᠵᠤ ᠠᠬᠤᠶ᠎ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠎ᠶᠢᠨ ᠪᠡᠯᠡᠳᠬᠡᠯ ᠶᠡᠬᠡ ᠠᠩᠭᠢ᠎ᠡᠴᠠ ᠲᠦᠮᠡᠳ ᠵᠡᠭᠦᠨ ᠬᠣᠰᠢᠭᠤᠨ᠎ᠤ ᠰᠠᠭᠠᠯᠢᠴᠢᠨ ᠪᠠᠯᠭᠠᠰᠤ ᠪᠠ ᠴᠠᠭᠠᠨ ᠰᠦᠮ᠎ᠠ ᠪᠠᠯᠭᠠᠰᠤᠨ᠎ᠤ ᠲᠠᠷᠢᠶᠠᠯᠠᠩ᠎ᠤᠨ ᠬᠡᠷᠡᠭᠰᠡᠯ ᠪᠣᠷᠣᠯᠠᠭᠤᠯᠬᠤ ᠬᠤᠳᠠᠯᠳᠤᠭ᠎ᠠ ᠳᠡᠯᠭᠡᠭᠦᠷ᠎ᠲᠤ ᠪᠦᠬᠦ ᠲᠠᠯ᠎ᠠ᠎ᠶᠢᠨ ᠪᠠᠶᠢᠴᠠᠭᠠᠯᠲᠠ ᠬᠢᠪᠠ ᠃ ᠪᠠᠶᠢᠴᠠᠭᠠᠯᠲᠠ᠎ᠶᠢᠨ ᠳᠤᠮᠳᠠ ᠂ ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠯᠠᠩ᠎ᠤᠨ ᠬᠡᠷᠡᠭᠰᠡᠯ᠎ᠤᠨ ᠡᠵᠡᠩᠨᠡᠯᠲᠡ᠎ᠶᠢᠨ ᠡᠭᠦᠳᠡᠨ ᠳᠡᠯᠭᠡᠭᠦᠷ᠎ᠤᠨ ᠡᠵᠡᠩᠨᠡᠯᠲᠡ᠎ᠶᠢᠨ ᠬᠢᠷᠢ ᠬᠡᠮ ᠂ ᠣᠷᠣᠭᠤᠯᠵᠤ ᠪᠣᠷᠣᠯᠠᠭᠤᠯᠬᠤ ᠪᠠᠷᠠᠭᠠᠨ᠎ᠤ ᠡᠬᠡ ᠲᠠᠩᠰᠠ ᠂ ᠲᠠᠷᠢᠶᠠᠯᠠᠩ᠎ᠤᠨ ᠬᠡᠷᠡᠭᠰᠡᠯ᠎ᠢ ᠬᠢᠨᠠᠨ ᠲᠣᠭᠲᠠᠭᠠᠬᠤ ᠂ ᠳᠡᠩᠰᠡᠯᠡᠨ ᠲᠡᠮᠳᠡᠭᠯᠡᠬᠦ ᠂ ᠪᠦᠷᠢᠳᠬᠡᠨ ᠳᠠᠩᠰᠠᠯᠠᠭᠰᠠᠨ ᠪᠠᠶᠢᠳᠠᠯ ᠂ ᠦᠶᠯᠡᠳᠬᠦᠨ᠎ᠤ ᠱᠣᠰᠢᠭ᠎ᠠ ᠲᠡᠮᠳᠡᠭ᠎ᠤᠨ ᠵᠢᠷᠤᠮᠵᠢᠭᠰᠠᠨ ᠪᠠᠶᠢᠳᠠᠯ᠎ᠤᠨ ᠲᠤᠬᠠᠶ ᠪᠠᠶᠢᠴᠠᠭᠠᠯᠲᠠ ᠬᠢᠵᠦ ᠂ ᠵᠢᠷᠬᠢᠶ᠎ᠠ᠎ᠶᠢᠨ ᠬᠤᠶᠠᠷ ᠭᠡᠮᠵᠢᠯᠳᠤ ᠺᠤᠲ ᠵᠡᠷᠭᠡ᠎ᠪᠠᠷ ᠳᠠᠮᠵᠢᠭᠤᠯᠤᠨ ᠪᠣᠭᠣᠳᠠᠯ᠎ᠤᠨ ᠱᠣᠰᠢᠭ᠎ᠠ ᠳᠡᠭᠡᠷᠡᠬᠢ ᠦᠶᠯᠡᠳᠬᠦᠨ᠎ᠤ ᠨᠡᠷᠡᠶᠢᠳᠦᠯ ᠂ ᠳᠠᠷᠢᠬᠤ ᠣᠷᠣᠨ ᠪᠦᠰᠡ ᠂ ᠬᠢᠨᠠᠨ ᠲᠣᠭᠲᠠᠭᠠᠭᠰᠠᠨ ᠳ᠋ᠤᠭᠠᠷ ᠂ ᠡᠭᠦᠯᠳᠡᠷ᠎ᠤᠨ ᠰᠢᠨᠵᠢ ᠪᠠᠶᠢᠳᠠᠯ᠎ᠢ ᠪᠠᠶᠢᠴᠠᠭᠠᠨ ᠬᠡᠮᠵᠢᠭᠰᠡᠨ ᠡᠳᠦᠷ ᠬᠤᠭᠤᠴᠠᠭ᠎ᠠ ᠂ ᠴᠢᠨᠠᠷ᠎ᠢ ᠪᠠᠲᠤᠯᠠᠬᠤ ᠬᠤᠭᠤᠴᠠᠭ᠎ᠠ ᠵᠡᠷᠭᠡ᠎ᠲᠠᠢ ᠬᠠᠷᠭᠤᠭᠤᠯᠵᠤ ᠂ ᠦᠷ᠎ᠡ᠎ᠶᠢᠨ ᠱᠠᠭᠠᠷᠳᠠᠯᠭ᠎ᠠ᠎ᠳ᠋ᠤ ᠨᠡᠶᠢᠴᠡᠬᠦ ᠡᠰᠡᠬᠦ᠎ᠶᠢ ᠪᠠᠶᠢᠴᠠᠭᠠᠨ ᠦᠵᠡᠪᠡ ᠃ ᠪᠠᠶᠢᠴᠠᠭᠠᠬᠤ ᠶᠠᠪᠤᠴᠠ᠎ᠳ᠋ᠤ ᠂ ᠬᠠᠤᠯᠢ ᠬᠡᠷᠡᠭᠵᠢᠭᠦᠯᠬᠦ ᠠᠵᠢᠯᠳᠠᠨ ᠪᠠᠰᠠ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ᠎ᠳ᠋ᠤ ᠬᠠᠤᠯᠢ ᠶᠤᠰᠤᠨ᠎ᠤ ᠡᠭᠦᠷᠭᠡ᠎ᠪᠠᠨ ᠭᠦᠢᠴᠡᠳᠬᠡᠵᠦ ᠂ ᠦᠨᠡᠨᠴᠢ ᠢᠲᠡᠭᠡᠮᠵᠢᠲᠡᠶ ᠡᠵᠡᠩᠨᠡᠵᠦ ᠂ ᠲᠠᠷᠢᠶᠠᠯᠠᠩ᠎ᠤᠨ ᠬᠡᠷᠡᠭᠰᠡᠯ᠎ᠤᠨ ᠶᠠᠰᠤ ᠴᠢᠨᠠᠷ᠎ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ ᠃

4 ᠰᠠᠷ᠎ᠠ᠎ᠶᠢᠨ 14᠎ᠤ ᠡᠳᠦᠷ ᠂ ᠬᠥᠬᠡᠬᠣᠲᠠ᠎ᠶᠢᠨ ᠲᠠᠷᠢᠶᠠᠯᠠᠩ ᠮᠠᠯ ᠠᠵᠤ ᠠᠬᠤᠶ᠎ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠎ᠶᠢᠨ ᠭᠤᠷᠪᠠᠳᠤᠭᠠᠷ ᠶᠡᠬᠡ ᠠᠩᠭᠢ ᠢᠦᠶᠢᠴᠢᠤᠸᠠᠨ ᠲᠣᠭᠣᠷᠢᠭ᠎ᠤᠨ 209 ᠤᠯᠤᠰ᠎ᠤᠨ ᠵᠠᠮ᠎ᠤᠨ ᠬᠣᠶᠠᠷ ᠬᠠᠪᠢ᠎ᠶᠢᠨ ᠪᠤᠱᠤᠭ᠎ᠠ ᠂ ᠺᠧᠤ ᠵᠢᠶᠠ ᠶᠢᠩ ᠂ ᠰᠢᠨ ᠱᠧᠩ ᠲᠣᠰᠬᠣᠨ᠎ᠤ ᠲᠠᠷᠢᠶᠠᠯᠠᠩ᠎ᠤᠨ ᠬᠡᠷᠡᠭᠰᠡᠯ ᠡᠵᠡᠩᠨᠡᠨ ᠪᠣᠷᠣᠯᠠᠭᠤᠯᠬᠤ ᠭᠠᠵᠠᠷ᠎ᠲᠤ ᠬᠠᠤᠯᠢ ᠬᠡᠷᠡᠭᠵᠢᠭᠦᠯᠦᠯᠲᠡ᠎ᠶᠢᠨ ᠪᠠᠶᠢᠴᠠᠭᠠᠯᠲᠠ ᠬᠢᠪᠠ ᠃᠎ᠶᠢᠨ ᠴᠢᠦ ᠱᠢ ᠲᠠᠷᠢᠶᠠᠯᠠᠩ᠎ᠤᠨ ᠬᠡᠷᠡᠭᠰᠡᠯ ᠡᠵᠡᠩᠨᠡᠨ ᠪᠣᠷᠣᠯᠠᠭᠤᠯᠬᠤ ᠭᠠᠵᠠᠷ᠎ᠤᠨ ᠪᠠᠶᠢᠴᠠᠭᠠᠯᠲᠠ᠎ᠳ᠋ᠤ ᠂ ᠬᠠᠤᠯᠢ ᠬᠡᠷᠡᠭᠵᠢᠭᠦᠯᠬᠦ ᠠᠵᠢᠯᠲᠠᠨ ᠲᠠᠷᠢᠶᠠᠴᠢᠳ᠎ᠲᠤ ᠬᠠᠭᠤᠷᠮᠠᠭ ᠮᠠᠭᠤ ᠲᠠᠷᠢᠶᠠᠯᠠᠩ᠎ᠤᠨ ᠬᠡᠷᠡᠭᠰᠡᠯ᠎ᠢ ᠢᠯᠭᠠᠨ ᠲᠠᠨᠢᠬᠤ ᠂ ᠬᠠᠤᠯᠢ᠎ᠪᠠᠷ ᠡᠷᠬᠡ ᠠᠰᠢᠭ᠎ᠢᠶᠡᠨ ᠬᠠᠮᠠᠭᠠᠯᠠᠬᠤ ᠶᠡᠷᠦ᠎ᠶᠢᠨ ᠮᠡᠳᠡᠯᠭᠡ᠎ᠶᠢ ᠤᠬᠠᠭᠤᠯᠤᠨ ᠲᠠᠶᠢᠯᠪᠤᠷᠢᠯᠠᠪᠠ ᠃ ᠪᠠᠶᠢᠴᠠᠭᠠᠯᠲᠠ᠎ᠶᠢᠨ ᠳᠤᠮᠳᠠ ᠣᠯᠵᠤ ᠮᠡᠳᠡᠭᠰᠡᠨ ᠨᠢᠭᠡ ᠪᠦᠯᠦᠭ ᠳᠡᠯᠭᠡᠭᠦᠷ᠎ᠤᠨ ᠲᠠᠩᠰᠠ ᠡᠪᠬᠡᠮᠡᠯ᠎ᠨᠢ ᠪᠦᠷᠢᠨ ᠭᠦᠢᠴᠡᠳ ᠪᠢᠰᠢ ᠂ ᠦᠢᠯᠡᠳᠭᠦᠨ᠎ᠨᠢ ᠡᠮᠬᠢ ᠵᠠᠮᠪᠠᠷᠠᠭ᠎ᠠ ᠦᠭᠡᠢ ᠣᠪᠣᠭᠠᠯᠠᠭᠠᠰᠤᠳᠠᠢ ᠵᠡᠷᠭᠡ ᠠᠰᠠᠭᠤᠳᠠᠯ᠎ᠳ᠋ᠤ ᠴᠢᠭᠯᠡᠭᠦᠯᠦᠨ ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ᠎ᠶᠢᠨ ᠲᠠᠯᠠᠪᠠᠶ᠎ᠳ᠋ᠤ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠠ ᠃

ᠲᠠᠷᠠᠭᠠᠴᠢ᠎ᠪᠠᠷ ᠂ ᠬᠦᠬᠡᠬᠤᠳᠠ᠎ᠶᠢᠨ ᠲᠠᠷᠢᠶᠠᠯᠠᠩ ᠮᠠᠯ ᠠᠵᠤ ᠠᠬᠤᠶ᠎ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠎ᠨᠢ ᠠᠰᠠᠭᠤᠳᠠᠯ ᠣᠷᠣᠰᠢᠵᠤ ᠪᠠᠶᠢᠭ᠎ᠠ ᠡᠵᠡᠩᠨᠡᠯᠲᠡ᠎ᠶᠢᠨ ᠳᠡᠯᠭᠡᠭᠦᠷ᠎ᠤᠳ᠎ᠢ ᠦᠷᠭᠦᠯᠵᠢᠯᠡᠨ ᠪᠠᠶᠢᠴᠠᠭᠠᠵᠤ ᠂ ᠬᠠᠤᠯᠢ ᠬᠡᠷᠡᠭᠵᠢᠭᠦᠯᠬᠦ ᠡᠷᠴᠢᠮ᠎ᠢᠶᠡᠨ ᠴᠢᠩᠭᠠᠷᠠᠭᠤᠯᠤᠨ ᠂ ᠢᠯᠡᠷᠡᠭᠦᠯᠦᠭᠰᠡᠨ ᠠᠰᠠᠭᠤᠳᠠᠯ᠎ᠤᠨ ᠦᠨᠳᠦᠰᠦ ᠰᠤᠷᠪᠤᠯᠵᠢ᠎ᠶᠢ᠎ᠨᠢ ᠡᠷᠢᠵᠦ ᠂ ᠲᠤᠢᠯᠪᠤᠷᠢᠳᠠᠢ ᠪᠠᠢᠴᠠᠭᠠᠨ ᠰᠢᠢᠳᠪᠦᠷᠢᠯᠡᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面