2021-05-09 12:09:39
︽ ᠾᠧ ᠠᠪᠠᠭ᠎ᠠ ᠭᠡᠷ᠎ᠲᠡᠭᠡᠨ ᠪᠠᠢᠨ᠎ᠠ ᠤᠤ ︖ ᠬᠢᠮᠢ᠎ᠶᠢᠨ ᠪᠣᠷᠳᠣᠭᠤᠷ ᠂ ᠲᠠᠷᠢᠶᠠᠨ ᠦᠷ᠎ᠡ᠎ᠶᠢ ᠴᠢᠨᠢ ᠬᠦᠷᠭᠡᠵᠦ ᠢᠷᠡᠭᠰᠡᠨ ︕ ︾
ᠣᠶᠢᠷ᠎ᠠ᠎ᠳ᠋ᠤ ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠳᠥᠷᠤᠯ᠎ᠵᠢ ᠪᠠᠯᠭᠠᠰᠤᠨ᠎ᠤ ᠱᠤᠸᠠᠩ᠎ᠶᠢᠨ ᠭᠠᠴᠠᠭᠠᠨ᠎ᠤ ᠾᠧ ᠲᠢᠶᠧ ᠱᠦᠨ ᠭᠠᠴᠠᠭᠠᠨ᠎ᠤ᠎ᠪᠠᠨ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠰᠠᠶᠢᠨ ᠲᠤᠷᠠᠴᠤᠳ᠎ᠤᠨ ᠬᠦᠷᠭᠡᠵᠦ ᠢᠷᠡᠭᠰᠡᠨ ᠪᠣᠷᠲᠣᠭᠣᠷ ᠪᠠ ᠲᠠᠷᠢᠶᠠᠨ ᠦᠷ᠎ᠡ᠎ᠶᠢ ᠭᠠᠷᠳᠠᠪᠠ ᠃
︽ ᠥᠴᠥᠭᠡᠳᠦᠷ ᠤᠲᠠᠰᠤᠳᠠᠭᠰᠠᠨ ᠴᠢᠨᠢ ᠥᠨᠥᠳᠦᠷ ᠬᠠᠷᠢᠠ ᠬᠦᠷᠭᠡᠭᠡᠳ ᠢᠷᠡᠴᠢᠬᠡᠯᠠ ᠂ ᠦᠨᠡᠬᠡᠷ ᠶᠠᠭᠠᠬᠢᠵᠤ ᠲᠠᠯᠠᠷᠬᠠᠬᠤ᠎ᠪᠠᠨ ᠤᠯᠬᠤ ᠦᠭᠡᠢ ᠪᠠᠢᠨ᠎ᠠ ︕ ︾ ᠬᠡᠵᠥ ᠾᠧ ᠲᠢᠶᠧ ᠱᠦᠨ ᠰᠠᠶᠢᠨ ᠳᠤᠷ᠎ᠠ᠎ᠶᠢᠨ ᠦᠢᠯᠡᠴᠢᠯᠡᠭᠡᠨ᠎ᠤ ᠠᠩᠭᠢᠶᠢᠨᠬᠢᠨᠢ ᠮᠠᠭᠲᠠᠨ᠎ᠠ ᠃
ᠬᠠᠪᠤᠷ᠎ᠡᠴᠠ ᠨᠠᠭᠠᠰᠢ ᠂ ᠱᠤᠸᠠᠩ᠎ᠶᠢᠨ ᠭᠠᠴᠠᠭ᠎ᠠ ᠤᠨᠴᠠᠯᠢᠬᠳᠤ ᠤᠰᠤᠨ ᠲᠤᠲᠤᠷᠭ᠎ᠠ ᠳᠠᠷᠢᠬᠤ ᠪᠣᠳᠠᠲᠤ ᠪᠠᠶᠢᠳᠠᠯ᠎ᠳᠠᠭᠠᠨ ᠰᠠᠭᠤᠷᠢᠯᠠᠵᠤ ᠂ ᠲᠤᠲᠤᠷᠭ᠎ᠠ᠎ᠶᠢᠨ ᠦᠷ᠎ᠡ᠎ᠶᠢ ︽ ᠣᠷᠣᠯᠠᠨ ᠬᠤᠳᠠᠯᠳᠤᠨ ᠠᠪᠴᠤ ᠦᠭᠬᠦ ︾ ᠠᠵᠢᠯᠯᠠᠭ᠎ᠠ ᠥᠷᠨᠢᠭᠦᠯᠵᠦ ᠂ ᠮᠠᠯᠴᠢᠨ ᠲᠠᠷᠢᠶᠠᠴᠢᠨ ︽ ᠵᠠᠬᠢᠶᠠᠯᠠᠭ᠎ᠠ ᠲᠤᠭᠳᠠᠵᠥ ︾ ᠂ ᠰᠠᠶᠢᠨ ᠳᠤᠷ᠎ᠠ᠎ᠶᠢᠨ ᠦᠢᠯᠡᠴᠢᠯᠡᠭᠡᠨ᠎ᠤ ᠠᠩᠭᠢ᠎ᠶᠢᠨ ︽ ᠣᠷᠣᠯᠠᠨ ᠬᠤᠳᠠᠯᠳᠤᠨ ᠠᠪᠴᠤ ᠦᠭᠬᠦ ︾ ᠦᠢᠯᠡᠴᠢᠯᠡᠭᠡᠨ᠎ᠤ ᠵᠠᠭᠪᠤᠷ᠎ᠢ ᠬᠡᠷᠡᠭᠵᠢᠭᠦᠯᠵᠦ ᠂ ᠵᠢᠷᠬᠢᠶ᠎ᠠ᠎ᠪᠠᠷ ᠵᠠᠬᠢᠶᠠᠯᠠᠬᠤ ᠂ ᠤᠲᠠᠰᠤ᠎ᠪᠠᠷ ᠪᠣᠯᠵᠣᠬᠤ ᠂ ᠪᠠᠷᠠᠭ᠎ᠠ᠎ᠶᠢ ᠬᠡᠷᠲᠤᠨᠢ ᠬᠦᠷᠭᠡᠬᠦ ᠦᠢᠯᠡᠴᠢᠯᠡᠭᠡ ᠬᠠᠩᠭᠠᠵᠥ ᠪᠠᠢᠨ᠎ᠠ ᠃ ︽ ᠣᠷᠣᠯᠠᠨ ᠬᠤᠳᠠᠯᠳᠤᠨ ᠠᠪᠬᠤ ︾ ᠬᠡᠯᠪᠡᠷᠢ᠎ᠨᠢ ᠬᠢᠮᠳᠠ ᠦᠨ᠎ᠡ᠎ᠪᠠᠷ ᠴᠢᠨᠠᠷ ᠰᠠᠢᠨ ᠲᠠᠷᠢᠶᠠᠯᠠᠩ᠎ᠤᠨ ᠬᠡᠷᠡᠭᠰᠡᠯ᠎ᠢ ᠬᠤᠳᠠᠯᠳᠤᠨ ᠠᠪᠴᠤ ᠴᠢᠳᠠᠬᠤ᠎ᠪᠠᠷ ᠪᠠᠷᠠᠬᠤ ᠦᠭᠡᠢ ᠪᠠᠰᠠ ᠲᠠᠷᠢᠶᠠᠴᠢᠠ ᠡᠷᠦᠬᠡ᠎ᠶᠢᠨ ᠲᠡᠭᠡᠭᠡᠪᠦᠷᠢ᠎ᠶᠢᠨ ᠵᠠᠷᠤᠳᠠᠯ᠎ᠢ ᠠᠷᠪᠢᠯᠠᠵᠤ ᠂ ᠤᠯᠠᠨ ᠲᠦᠮᠡᠨ᠎ᠳ᠋ᠤ ᠦᠢᠯᠡᠴᠢᠯᠡᠬᠦ ︽ ᠡᠴᠦᠰ᠎ᠤᠨ ᠨᠢᠭᠡ ᠺᠢᠯᠣᠮᠧᠲ᠋ᠷ ︾᠎ᠢ ᠨᠡᠪᠲᠡᠷᠡᠭᠦᠯᠵᠠᠢ ᠃
ᠲᠤᠰ ᠬᠣᠰᠢᠭᠤ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠲᠥᠪ᠎ᠲᠤ ᠲᠦᠰᠢᠭᠯᠡᠨ ᠂ ︽ ᠣᠯᠠᠨ ᠲᠦᠮᠡᠨ᠎ᠳ᠋ᠤ ᠪᠣᠳᠠᠲᠤ ᠶᠠᠪᠤᠳᠠᠯ ᠬᠢᠵᠦ ᠥᠭᠬᠦ ︾᠎ᠶᠢ ᠦᠢᠯᠡᠳᠦᠯᠭᠡᠵᠢᠬᠦᠯᠬᠦ ᠂ ︽ ᠪᠢ ᠲᠠᠨ᠎ᠢ ᠬᠠᠪᠰᠤᠷᠤᠶ᠎ᠠ ︾ ᠰᠢᠷᠢᠰ ᠰᠠᠶᠢᠨ ᠳᠤᠷ᠎ᠠ᠎ᠶᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠪᠣᠳᠠᠲᠠᠶ ᠠᠰᠠᠭᠤᠳᠠᠯ᠎ᠢ ᠰᠢᠶᠳᠪᠦᠷᠢᠯᠡᠬᠦ᠎ᠲᠠᠢ ᠤᠶᠠᠯᠳᠤᠭᠤᠯᠤᠨ ᠂ ᠣᠯᠠᠨ ᠲᠦᠮᠡᠨ᠎ᠤ ᠪᠠᠴᠢᠮ ᠪᠠ ᠬᠦᠴᠢᠷ ᠲᠦᠪᠡᠭ᠎ᠲᠠᠢ ᠠᠰᠠᠭᠤᠳᠠᠯ᠎ᠢ ᠰᠢᠶᠳᠪᠦᠷᠢᠯᠡᠵᠦ ᠂ ᠬᠦᠷᠲᠡᠮᠵᠢ᠎ᠶᠢᠨ ᠲᠥᠷᠥᠭᠳᠡᠯ᠎ᠢ᠎ᠨᠢ ᠨᠡᠮᠡᠭᠳᠡᠬᠦᠯᠵᠤ ᠪᠤᠢ ᠃
ᠪᠠᠶᠠᠨᠬᠤᠰᠢᠭᠤ ᠪᠠᠯᠭᠠᠰᠤᠨ᠎ᠤ ᠤᠰᠤᠨ ᠭᠠᠴᠠᠭ᠎ᠠ ︽ ᠪᠢ ᠴᠢᠮ᠎ᠠ᠎ᠶᠢ ᠬᠠᠪᠰᠤᠷᠤᠶ᠎ᠠ ︾ ᠭᠡᠬᠦ ᠰᠠᠶᠢᠨ ᠳᠤᠷ᠎ᠠ᠎ᠶᠢᠨ ᠦᠢᠯᠡᠴᠢᠯᠡᠭᠡᠨ᠎ᠤ ᠠᠵᠢᠯᠯᠠᠭ᠎ᠠ᠎ᠶᠢ ᠭᠦᠨᠵᠡᠭᠡᠶᠢᠷᠡᠬᠦᠯᠬᠦ᠎ᠶᠢᠨ ᠲᠦᠯᠦᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ ᠰᠠᠶᠢᠨ ᠳᠤᠷ᠎ᠠ᠎ᠶᠢᠨ ᠦᠢᠯᠡᠴᠢᠯᠡᠭᠡᠨ᠎ᠤ ᠠᠩᠭᠢ ᠪᠠᠶᠢᠭᠤᠯᠵᠤ ᠂ ᠰᠠᠶᠢᠨ ᠳᠤᠷᠠᠴᠤᠳ ᠪᠠᠶᠢᠴᠠᠭᠠᠨ ᠵᠠᠰᠠᠬᠤ ᠂ ᠨᠠᠷᠢᠨ ᠲᠠᠶᠢᠯᠪᠤᠷᠢᠯᠠᠬᠤ ᠪᠠ ᠪᠡᠶᠡᠴᠢᠯᠡᠨ ᠵᠢᠭᠠᠬᠤ ᠠᠷᠭ᠎ᠠ᠎ᠪᠠᠷ ᠲᠠᠷᠢᠶᠠᠯᠠᠩ᠎ᠤᠨ ᠮᠠᠰᠢᠨ ᠬᠡᠷᠡᠭᠯᠡᠬᠦ ᠂ ᠠᠷᠠᠴᠢᠯᠠᠨ ᠬᠠᠮᠠᠭᠠᠯᠠᠬᠤ ᠪᠠ ᠪᠠᠶᠢᠴᠠᠭᠠᠨ ᠵᠠᠰᠠᠬᠤ ᠠᠵᠢᠯ᠎ᠢ ᠵᠡᠷᠭᠡᠯᠡᠳᠡᠭᠡ ᠲᠣᠰᠬᠣᠨ᠎ᠤ ᠲᠠᠷᠢᠶᠠᠴᠢᠨ ᠡᠷᠦᠬᠡ ᠂ ᠲᠠᠷᠢᠶᠠᠨ ᠭᠠᠵᠠᠷ᠎ᠲᠤ ᠬᠦᠷᠭᠡᠵᠦ ᠂ ᠬᠠᠪᠤᠷ᠎ᠤᠨ ᠲᠠᠷᠢᠶᠠᠯᠠᠭ᠎ᠠ᠎ᠶᠢᠨ ᠤᠷᠤᠭᠰᠢᠲᠠᠢ ᠶᠠᠪᠤᠭᠳᠠᠬᠤ᠎ᠶᠢ ᠪᠠᠲᠤᠯᠠᠵᠤ ᠪᠤᠢ ᠃
︽ ᠡᠨᠡ ᠳᠥᠷᠪᠡᠨ ᠬᠦᠷᠳᠦᠲᠦ ᠮᠠᠰᠢᠨ᠎ᠢ ᠤᠳᠠᠭᠠᠨ ᠵᠢᠯ ᠬᠡᠷᠡᠭᠯᠡᠵᠥ ᠪᠠᠢᠬᠤ ᠪᠤᠯᠬᠤᠷ ᠵᠢᠯ ᠪᠦᠷᠢ᠎ᠶᠢᠨ ᠬᠠᠪᠤᠷ᠎ᠤᠨ ᠲᠡᠷᠢᠶᠠᠯᠠᠭᠠᠡᠴᠠ ᠡᠮᠤᠨ᠎ᠠ ᠠᠷᠠᠴᠢᠯᠠᠵᠤ ᠬᠠᠮᠠᠭᠠᠯᠠᠳᠠᠭ ᠂ ᠡᠨᠡ ᠦᠶ᠎ᠠ᠎ᠳ᠋ᠤ ᠰᠡᠯᠪᠢᠨ ᠵᠠᠰᠠᠬᠤ ᠠᠵᠢᠯᠴᠢᠳ ᠶᠠᠭᠠᠷᠠᠦ ᠂ ᠬᠡᠷ᠎ᠲᠤ ᠢᠷᠡᠵᠤ ᠵᠠᠰᠠᠵᠦ ᠦᠭᠴᠦ ᠳᠡᠶᠢᠯᠬᠦ ᠥᠬᠡᠶ ᠂ ᠰᠡᠯᠪᠢᠨ ᠵᠠᠰᠠᠬᠤ ᠵᠠᠷᠤᠳᠠᠯ᠎ᠨᠢ ᠪᠠᠰᠠ ᠦᠨ᠎ᠠ᠎ᠲᠠᠢ ᠪᠤᠯᠬᠤᠷ ᠭᠠᠷᠭᠠᠵᠥ ᠲᠡᠢᠯᠬᠦ ᠦᠬᠡᠢ ᠂ ᠡᠨᠡ ᠵᠢᠯ ᠦᠢᠯᠡᠴᠢᠯᠡᠬᠡᠡᠤ ᠰᠠᠢᠠ ᠲᠤᠷᠠᠴᠤᠳ᠎ᠲᠠᠢ ᠤᠲᠠᠰᠤ᠎ᠪᠠᠷ ᠪᠤᠯᠵᠤᠭᠰᠠᠠᠳ᠋ᠤ ᠳᠤᠤᠷ᠎ᠠ᠎ᠨᠢ ᠬᠡᠷ᠎ᠲᠤ ᠢᠷᠡᠭᠡᠳ ︿ ᠠᠷᠠᠴᠢᠯᠠᠨ ᠬᠠᠮᠠᠭᠠᠯᠠᠬᠤ᠎ᠳ᠋ᠤ ᠬᠦᠴᠢᠷ ﹀ ᠠᠰᠠᠭᠤᠳᠠᠯ᠎ᠤᠳ᠎ᠢ ᠰᠢᠢᠳᠪᠦᠷᠢᠯᠡᠨ ᠦᠭᠴᠦ ᠂ ᠰᠠᠳᠬᠢᠯ᠎ᠤᠨ ᠵᠤᠪᠠᠯᠠᠩ᠎ᠢ ᠠᠷᠢᠯᠭᠠᠭᠰᠠᠨ ᠰᠢᠤ ︾ ᠭᠡᠵᠦ ᠤᠰᠤᠨ ᠭᠠᠴᠠᠭᠠᠨ᠎ᠤ ᠮᠠᠯᠴᠢᠨ ᠵᠤᠤ ᠮᠤᠤᠨᠤᠬᠠᠢ ᠶᠠᠷᠢᠨ᠎ᠠ ᠃
3 ᠰᠠᠷ᠎ᠠ᠎ᠡᠴᠠ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠲᠥᠪ ᠂ ᠪᠣᠯᠪᠠᠰᠤᠨ᠎ᠤ ᠦᠢᠯᠡᠳᠦᠯᠭᠡ᠎ᠶᠢᠨ ᠭᠠᠵᠠᠷ ︵ ᠥᠷᠲᠡᠭᠡ ︶ 1250 ᠤᠳᠠᠭ᠎ᠠ ᠰᠠᠶᠢᠨ ᠳᠤᠷ᠎ᠠ᠎ᠶᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ ᠂ ᠬᠣᠰᠢᠭᠤᠨ᠎ᠤ ᠰᠢᠭᠤᠳ ᠬᠠᠷᠢᠶ᠎ᠠ ᠪᠠᠢᠭᠤᠯᠭ᠎ᠠ ᠨᠢᠭᠡᠴᠢ 290 ᠤᠳᠠᠭ᠎ᠠ ᠡᠯ᠎ᠡ ᠵᠦᠢᠯ᠎ᠤᠨ ᠰᠠᠶᠢᠨ ᠳᠤᠷ᠎ᠠ᠎ᠶᠢᠨ ᠦᠢᠯᠡᠴᠢᠯᠡᠭᠡᠨ᠎ᠤ ᠠᠵᠢᠯᠯᠠᠭ᠎ᠠ ᠦᠷᠨᠢᠭᠦᠯᠪᠡ ᠃ ᠲᠤᠰ ᠬᠤᠰᠢᠭᠤ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠠᠵᠢᠯ᠎ᠤᠨ᠎ᠢᠶᠡᠨ ᠬᠥᠳᠡᠯᠭᠡᠬᠦ ᠬᠦᠴᠦᠨ ᠪᠣᠯᠭᠠᠨ ᠂ ᠣᠯᠠᠨ ᠵᠦᠶᠯ᠎ᠤᠨ ᠠᠷᠭ᠎ᠠ᠎ᠪᠠᠷ ᠲᠠᠮᠵᠢᠭᠤᠯᠤᠨ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ ᠂ ᠣᠯᠠᠨ ᠲᠦᠮᠡᠨ᠎ᠳ᠋ᠤ ᠦᠢᠯᠡᠴᠢᠯᠡᠬᠦ ︽ ᠡᠴᠦᠰ᠎ᠤᠨ ᠨᠢᠭᠡ ᠺᠢᠯᠣᠮᠧᠲ᠋ᠷ ︾᠎ᠢ ᠨᠡᠪᠲᠡᠷᠡᠭᠦᠯᠵᠦ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃