ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-03-22 09:27:29

ᠵᠣᠬᠢᠶᠠᠭ᠍ᠴᠢ᠄ ᠪᠤᠤ ᠴᠢᠩ ᠱᠧᠩ ᠣᠩᠱᠢᠭ᠍ᠰᠠᠨ ᠣᠳᠠᠭ᠎ᠠ᠄ 3

ᠲᠠᠷᠢᠶᠠᠯᠠᠬᠤ ᠴᠠᠭ᠎ᠢ ᠰᠠᠭᠠᠲᠠᠭᠠᠬᠤ ᠥᠬᠡᠶ᠎ᠶᠢᠨ ᠲᠥᠯᠥᠭᠡ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠡᠷᠲᠡ ᠲᠥᠯᠥᠪᠯᠡᠵᠦ ᠂ ᠡᠷᠲᠡ ᠪᠠᠶᠢᠷᠢᠯᠠᠭᠤᠯᠥᠨ ᠂ ᠡᠷᠲᠡ ᠬᠥᠳᠡᠯᠦᠯᠴᠡᠵᠦ ᠂ ᠬᠠᠪᠤᠷ᠎ᠤᠨ ᠲᠠᠷᠢᠶᠠᠯᠠᠭ᠎ᠠ᠎ᠶᠢᠨ ᠡᠯ᠎ᠡ ᠵᠦᠢᠯ ‍ᠤᠨ ᠪᠡᠯᠡᠳᠬᠡᠯ ᠠᠵᠢᠯ᠎ᠢ ᠪᠥᠬᠦ ᠲᠠᠯ᠎ᠠ᠎ᠪᠠᠷ ᠰᠠᠶᠢᠲᠤᠷ ᠠᠳᠬᠤᠵᠤ ᠂ ᠲᠠᠷᠢᠶᠠᠯᠠᠩ᠎ᠤᠨ ᠦᠶᠯᠡᠳᠪᠦᠷᠢᠯᠡᠯ᠎ᠳ᠋ᠤ ᠪᠠᠲᠤ ᠪᠠᠬᠢ ᠰᠠᠭᠤᠷᠢ ᠲᠠᠯᠪᠢᠵᠥ ᠪᠠᠢᠨ᠎ᠠ ᠃

ᠮᠠᠯᠴᠢᠨ ᠲᠠᠷᠢᠶᠠᠴᠢᠳ᠎ᠲᠤ ᠪᠣᠯᠪᠠᠰᠤᠷᠠᠯ ᠬᠥ᠋ᠷᠳᠡᠭᠡᠬᠥ ᠰᠢᠨ᠎ᠡ ᠵᠠᠭᠪᠤᠷ᠎ᠢ ᠢᠳᠡᠪᠬᠢᠲᠡᠶ ᠰᠦᠪᠡᠭᠴᠢᠯᠡᠵᠦ ᠂ ︽ ᠡᠭᠦᠯᠡᠨ ᠬᠢᠴᠢᠶᠡᠯ᠎ᠤᠨ ᠲᠠᠩᠬᠢᠮ ︾᠎ᠤᠨ ᠪᠣᠯᠪᠠᠰᠤᠷᠠᠯ᠎ᠢ ᠥᠷᠭᠡᠨ᠎ᠢᠶᠠᠷ ᠬᠦᠷᠳᠡᠬᠡᠪᠡ ᠃ ᠲᠤᠰ ᠬᠤᠰᠢᠭᠤ ᠰᠦᠯᠵᠢᠶᠡᠨ ᠭᠠᠳᠠᠨᠠᠬᠢ ᠪᠣᠯᠪᠠᠰᠤᠷᠠᠯ᠎ᠢ ᠰᠦᠯᠵᠢᠶᠡᠨ ᠳᠡᠭᠡᠷᠡᠬᠢ ᠪᠣᠯᠪᠠᠰᠤᠷᠠᠯ ᠪᠣᠯᠭᠠᠨ ᠲᠣᠬᠢᠷᠠᠭᠤᠯᠵᠥ ᠂ ᠪᠤᠰᠢᠭᠤ ᠭᠠᠷ ᠲᠠᠪᠴᠠᠩ᠎ᠳ᠋ᠤ ᠳᠠᠩᠰᠠᠯᠠᠭᠤᠯᠤᠨ ᠂ 50 ᠭᠠᠷᠤᠶ ᠮᠣᠩᠭᠤᠯ ᠬᠢᠲᠠᠳ ᠬᠡᠯᠡᠨ᠎ᠳ᠋ᠤ ᠨᠡᠪᠳᠡᠷᠡᠭᠰᠡᠨ ᠮᠡᠷᠭᠡᠵᠢᠯᠳᠠᠨ᠎ᠢᠶᠠᠷ ᠪᠦᠷᠢᠯᠳᠦᠭᠰᠡᠨ ᠲᠤᠰᠬᠠᠶ ᠮᠡᠷᠭᠡᠵᠢᠯ᠎ᠤᠨ ᠦᠢᠯᠡᠴᠢᠯᠡᠭᠡᠨ᠎ᠤ ᠳᠤᠭᠤᠶᠢᠯᠠᠩ ᠰᠢᠩᠭᠡᠭᠡᠨ ᠨᠡᠪᠲᠡᠷᠡᠭᠦᠯᠬᠦ ᠬᠡᠯᠪᠡᠷᠢ᠎ᠪᠠᠷ ᠮᠠᠯ ᠠᠵᠤ ᠠᠬᠤᠶ ᠲᠡᠷᠢᠶᠠᠯᠠᠩ᠎ᠤᠨ ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ ᠪᠣᠯᠤᠨ ᠲᠡᠷᠢᠭᠦᠨ᠎ᠤ ᠲᠠᠷᠢᠵᠤ ᠲᠡᠵᠢᠭᠡᠬᠦ ᠮᠡᠷᠭᠡᠵᠢᠯ᠎ᠢ ᠨᠡᠪᠳᠡᠷᠡᠭᠥᠯᠵᠤ ᠂ ᠮᠠᠯᠴᠢᠨ ᠲᠠᠷᠢᠶᠠᠴᠢᠳ᠎ᠢ ᠭᠡᠷ᠎ᠲᠡᠭᠡᠨ ᠰᠠᠭᠤᠵᠥ ᠪᠠᠢᠭᠠᠳ ᠡᠯ᠎ᠡ ᠲᠥᠷᠥᠯ᠎ᠤᠨ ᠬᠡᠷᠡᠭᠯᠡᠭᠡᠨ᠎ᠤ ᠮᠡᠷᠭᠡᠵᠢᠯ ᠡᠵᠡᠮᠰᠢᠭᠦᠯᠬᠦ᠎ᠶᠢᠨ ᠲᠠᠭᠠᠤ ᠲᠡᠳᠡ ᠨᠡᠷ᠎ᠤᠨ ᠲᠤᠯᠭᠠᠷᠠᠵᠥ ᠪᠦᠬᠦᠢ ᠬᠦᠴᠢᠷ ᠠᠰᠠᠭᠤᠳᠠᠯ᠎ᠢ᠎ᠨᠢ ᠰᠦᠯᠵᠢᠶᠡᠨ ᠳᠡᠭᠡᠷ᠎ᠡ ᠬᠠᠷᠢᠭᠤᠯᠵᠥ ᠵᠢᠯᠤᠭᠤᠳᠤᠨ ᠂ ᠰᠤᠷᠤᠯᠴᠠᠪᠠᠯ ᠣᠯᠤᠯᠲᠠ᠎ᠲᠠᠢ ᠪᠠᠶᠢᠬᠤ ᠂ ᠰᠤᠷᠤᠭᠰᠠᠨ᠎ᠢᠶᠡᠨ ᠬᠡᠷᠡᠭᠯᠡᠵᠤ ᠴᠢᠳᠠᠬᠤ᠎ᠶᠢ ᠥᠨᠡᠨ ᠬᠥ ᠪᠠᠳᠤᠯᠠᠵᠠᠢ ᠃ ᠣᠳᠣ ᠪᠣᠯᠲᠠᠯ᠎ᠠ ᠂ ︽ ᠦᠨᠢᠶ᠎ᠠ ᠬᠡᠭᠡᠯᠲᠦᠭᠦᠯᠬᠦ᠎ᠳ᠋ᠤ ᠠᠩᠬᠠᠷᠬᠤ ᠵᠦᠶᠯᠡᠰ ︾ ᠂ ︽ ᠡᠷᠳᠡᠨᠢ ᠰᠢᠰᠢ᠎ᠶᠢ ᠭᠦᠢᠬᠡᠨ ᠪᠤᠯᠠᠵᠤ ᠤᠰᠤᠯᠠᠬᠤ ︾ ᠵᠡᠷᠭᠡ ᠬᠢᠴᠢᠶᠡᠯ ᠲᠡᠢᠯᠤᠮᠵᠢ᠎ᠶᠢ 28 ᠤᠳᠠᠭ᠎ᠠ ᠨᠡᠪᠳᠡᠷᠡᠬᠦᠯᠵᠥ ᠂ ᠸᠢᠳᠢᠣ᠋᠎ᠶᠢᠨ ᠳᠠᠷᠤᠮ᠎ᠤᠨ ᠳᠤᠭ᠎ᠠ 10 ᠲᠦᠮᠡ᠎ᠶᠢ ᠲᠡᠪᠠᠵᠥ ᠥᠷᠭᠡᠨ ᠣᠯᠠᠨ ᠮᠠᠯᠴᠢᠨ ᠲᠠᠷᠢᠶᠠᠴᠢᠳ᠎ᠲᠤ ᠶᠡᠬᠡ᠎ᠪᠠᠷ ᠲᠡᠭᠠᠰᠢᠶᠠᠭᠳᠠᠵᠥ ᠪᠠᠶᠢᠨ᠎ᠠ ᠃

ᠬᠠᠭᠤᠷᠮᠠᠭ ᠪᠠᠷᠠᠭ᠎ᠠ᠎ᠳ᠋ᠤ ᠴᠤᠬᠢᠯᠲᠠ ᠥᠭᠴᠥ ᠬᠠᠪᠤᠷ᠎ᠤᠨ ᠲᠠᠷᠢᠶᠠᠯᠠᠭ᠎ᠠ᠎ᠶᠢᠨ ᠠᠮᠤᠷ ᠲᠥᠪᠰᠢᠨ᠎ᠢ ᠪᠠᠲᠤᠯᠠᠬᠤ ᠠᠵᠢᠯᠯᠠᠭ᠎ᠠ᠎ᠶᠢ ᠴᠢᠩᠭ᠎ᠠ ᠭᠡᠷᠡᠭᠵᠢᠭᠥᠯᠵᠤ ᠪᠠᠢᠨ᠎ᠠ ᠃ ᠣᠶᠢᠷ᠎ᠠ᠎ᠳ᠋ᠤ ᠂ ᠲᠤᠰ ᠬᠤᠰᠢᠭᠤ ᠬᠠᠤᠯᠢ ᠬᠡᠷᠡᠭᠵᠢᠭᠦᠯᠬᠦ ᠠᠵᠢᠯᠲᠠᠨ᠎ᠢ ᠵᠣᠬᠢᠶᠠᠨ ᠪᠠᠶᠢᠭᠤᠯᠵᠤ ᠂ ᠲᠠᠷᠢᠶᠠᠯᠠᠩ᠎ᠤᠨ ᠬᠡᠷᠡᠭᠰᠡᠯ᠎ᠤᠨ ᠵᠠᠬ᠎ᠠ ᠳᠡᠯᠭᠡᠭᠦᠷ ᠪᠠ ᠡᠯ᠎ᠡ ᠰᠤᠮᠤ ᠪᠠᠯᠭᠠᠰᠤ ᠲᠠᠯᠠᠪᠠᠶ᠎ᠳ᠋ᠤ ᠭᠦᠨᠵᠡᠭᠡᠶᠢᠷᠡᠨ ᠂ ᠬᠠᠭᠤᠷᠮᠠᠬ ᠮᠠᠭᠤ ᠪᠠᠷᠠᠭ᠎ᠠ᠎ᠳ᠋ᠤ ᠴᠣᠬᠢᠯᠲᠠ ᠥᠭᠬᠦ ᠠᠵᠢᠯᠯᠠᠭ᠎ᠠ ᠥᠷᠨᠢᠭᠦᠯᠵᠦ ᠂ ᠭᠤᠤᠯᠳᠠᠭᠤ ᠳᠠᠷᠢᠶᠠᠨ ᠦᠷ᠎ᠡ ᠂ ᠲᠠᠷᠢᠶᠠᠨ ᠡᠮ ᠂ ᠪᠣᠷᠲᠣᠭᠤᠷ ᠂ ᠮᠠᠯ᠎ᠤᠨ ᠡᠮ ᠂ ᠲᠡᠵᠢᠭᠡᠯ ᠪᠣᠷᠳᠤᠭ᠎ᠠ ᠂ ᠲᠠᠷᠢᠶᠠᠯᠠᠩ᠎ᠤᠨ ᠮᠠᠰᠢᠨ ᠵᠡᠷᠭᠡ ᠵᠢᠷᠭᠤᠭᠠᠨ ᠲᠥᠷᠥᠯ᠎ᠤᠨ ᠲᠠᠷᠢᠶᠠᠯᠠᠩ᠎ᠤᠨ ᠬᠡᠷᠡᠭᠰᠡᠯ᠎ᠤᠨ ᠲᠣᠭᠤᠷᠢᠨ᠎ᠳ᠋ᠤ ︽ ᠵᠢᠷᠭᠤᠭ᠎ᠠ᠎ᠶᠢ ᠦᠵᠡᠵᠦ ᠬᠤᠶᠠᠷ᠎ᠢ ᠪᠠᠶᠢᠴᠠᠭᠠᠨ ᠨᠢᠭᠡ᠎ᠶᠢ ᠰᠢᠢᠳᠪᠦᠷᠢᠯᠡᠬᠦ ︾ ᠠᠷᠭ᠎ᠠ ᠬᠡᠮᠵᠢᠶ᠎ᠡ᠎ᠶᠢ ᠠᠪᠴᠥ ᠪᠠᠢᠨ᠎ᠠ ᠃ ᠣᠳᠣ ᠪᠣᠯᠲᠠᠯ᠎ᠠ 150 ᠭᠠᠷᠤᠶ ᠬᠠᠤᠯᠢ ᠬᠡᠷᠡᠭᠵᠢᠭᠦᠯᠬᠦ ᠠᠵᠢᠯᠲᠠᠨ 70 ᠭᠠᠷᠤᠢ ᠡᠵᠡᠩᠨᠡᠯᠲᠡ᠎ᠶᠢᠨ ᠡᠷᠦᠬᠡ᠎ᠶᠢ ᠪᠠᠶᠢᠴᠠᠭᠠᠵᠤ ᠂ ᠬᠠᠤᠯᠢ ᠲᠥᠷᠢᠮ᠎ᠡᠴᠠ ᠵᠥᠷᠢᠴᠡᠭᠰᠡᠨ ᠡᠵᠡᠩᠨᠡᠯᠲᠡ᠎ᠶᠢᠨ ᠦᠶᠯᠡ ᠠᠵᠢᠯᠯᠠᠭ᠎ᠠ᠎ᠶᠢ ᠴᠢᠩᠭ᠎ᠠ ᠰᠢᠢᠳᠪᠦᠷᠢᠯᠡᠵᠦ ᠪᠠᠢᠨ᠎ᠠ ᠃

ᠲᠠᠷᠢᠶᠠᠯᠠᠩ᠎ᠤᠨ ᠥᠢᠯᠡᠳᠪᠥᠷᠢᠯᠡᠯ᠎ᠤᠨ ᠬᠡᠷᠡᠭᠰᠡᠯ᠎ᠢ ᠡᠷᠲᠡ ᠨᠥᠬᠡᠴᠡᠯᠡᠨ ᠬᠥᠢᠴᠡᠳ ᠪᠡᠯᠡᠳᠭᠡᠪᠠ ᠃ ᠴᠠᠭᠠᠨ ᠰᠠᠷ᠎ᠠ᠎ᠶᠢᠨ ᠠᠮᠠᠷᠠᠯᠳᠠ ᠥᠩᠭᠡᠷᠡᠮᠡᠭᠴᠡ ᠂ ᠲᠤᠰ ᠬᠤᠰᠢᠭᠤ ᠴᠠᠭ ᠲᠣᠬᠢᠶᠠᠯ᠎ᠢ ᠠᠮᠵᠢᠨ ᠂ ᠲᠠᠷᠢᠶᠠᠯᠠᠩ ᠦᠢᠯᠡᠳᠪᠦᠷᠢᠯᠡᠯ ‍ᠤᠨ ᠡᠯ᠎ᠡ ᠵᠦᠢᠯ᠎ᠤᠨ ᠪᠡᠯᠡᠳᠭᠡᠯ ᠠᠵᠢᠯ᠎ᠤᠨ ᠨᠠᠶᠢᠳᠠᠪᠤᠷᠢᠵᠢᠭᠤᠯᠤᠯᠲᠠ᠎ᠶᠢ ᠪᠥᠬᠦ ᠲᠠᠯ᠎ᠠ᠎ᠪᠠᠷ ᠠᠬᠢᠭᠤᠯᠵᠡᠢ ᠃ ᠲᠤᠰ ᠬᠤᠰᠢᠭᠤᠨ᠎ᠤ ᠳᠠᠷᠢᠶᠠᠯᠠᠩ ᠮᠠᠯ ᠠᠵᠤ ᠠᠬᠤᠢ᠎ᠶᠢᠨ ᠳᠤᠪᠴᠢᠶ᠎ᠠ᠎ᠡᠴᠠ ᠡᠨᠡ ᠵᠢᠯ 430 ᠲᠦᠮᠡᠨ ᠮᠥ ᠲᠡᠷᠢᠮᠠᠯ ᠳᠠᠷᠢᠵᠥ ᠂ 1269.5 ᠲᠦᠮᠡᠨ ᠺᠢᠯᠣᠭᠷᠠᠮ ᠲᠠᠷᠢᠶᠠᠨ ᠦᠷ᠎ᠡ ᠬᠡᠷᠡᠭᠰᠡᠬᠦ᠎ᠪᠠᠷ ᠲᠦᠯᠦᠪᠯᠡᠵᠥ ᠪᠠᠢᠬᠤ ᠪᠠ ᠡᠷᠳᠡᠨᠢ ᠰᠢᠰᠢ 857.5 ᠲᠦᠮᠡᠨ ᠺᠢᠯᠣᠭᠷᠠᠮ ᠂ ᠤᠰᠤᠨ ᠲᠤᠲᠤᠷᠭ᠎ᠠ 112 ᠲᠦᠮᠡᠨ ᠺᠢᠯᠣᠭᠷᠠᠮ ᠂ ᠬᠢᠮᠢ᠎ᠶᠢᠨ ᠪᠣᠷᠲᠣᠭᠤᠷ 7.8 ᠲᠦᠮᠡ ᠲᠤᠨ ᠂ ᠲᠠᠷᠢᠶᠠᠨ ᠡᠮ 586.25 ᠲᠤᠨ ᠬᠡᠷᠡᠭᠰᠡᠬᠦ᠎ᠪᠠᠷ ᠲᠦᠯᠦᠪᠯᠡᠵᠥ ᠂ ᠵᠤᠬᠢᠰᠳᠠᠢ ᠨᠦᠬᠡᠴᠡᠯᠡᠵᠥ ᠲᠠᠯᠪᠢᠭᠰᠠᠨ ᠪᠠᠢᠨ᠎ᠠ ᠃

ᠣᠳᠣ ᠡᠯ᠎ᠡ ᠰᠤᠮᠤ ᠪᠠᠯᠭᠠᠰᠤᠨ᠎ᠤ ᠲᠠᠷᠢᠶᠠᠯᠠᠩ᠎ᠳ᠋ᠤ ᠬᠡᠷᠡᠭᠰᠡᠬᠦ ᠡᠳ᠋ ᠪᠣᠳᠠᠰ᠎ᠤᠨ ᠬᠠᠩᠭᠠᠯᠭ᠎ᠠ ᠭᠦᠢᠴᠡᠳ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ ᠤᠷᠤᠭᠰᠢᠲᠠᠶ ᠶᠠᠪᠤᠭᠳᠠᠵᠤ ᠂ ᠲᠠᠷᠢᠶᠠᠯᠠᠬᠤ ᠴᠠᠭ ᠪᠣᠯᠤᠮᠠᠭᠴᠠ ᠬᠠᠪᠤᠷ᠎ᠤᠨ ᠲᠠᠷᠢᠶᠠᠯᠠᠭ᠎ᠠ᠎ᠶᠢᠨ ᠦᠢᠯᠡᠳᠪᠦᠷᠢᠯᠡᠯ᠎ᠢ ᠪᠥᠬᠦ ᠲᠠᠯ᠎ᠠ᠎ᠪᠠᠷ ᠡᠬᠢᠯᠡᠭᠦᠯᠬᠥ᠎ᠪᠠᠷ ᠪᠡᠯᠡᠭᠡᠨ ᠪᠤᠯᠤᠭᠠᠳ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面