2021-05-03 11:49:10
ᠺᠠᠶᠢᠯᠦ ᠰᠢᠶᠠᠨ ︽ ᠳᠥᠷᠪᠡᠨ ᠶᠡᠭᠡ ᠣᠶ ᠰᠢᠭᠤᠶ ᠡᠪᠡᠰᠦ ᠪᠡᠯᠴᠢᠭᠡᠷ᠎ᠤᠨ ᠢᠨᠵᠧᠨᠧᠷᠢᠩ ︾᠎ᠤᠨ ᠲᠣᠭᠤᠷᠢᠨ᠎ᠳ᠋ᠤ ᠂ ᠬᠠᠪᠤᠷ᠎ᠤᠨ ᠤᠯᠠᠷᠢᠯ᠎ᠤᠨ ᠣᠶᠢᠵᠢᠭᠤᠯᠵᠤ ᠨᠣᠭᠤᠭᠠᠷᠠᠭᠤᠯᠬᠤ ᠠᠵᠢᠯ᠎ᠢ ᠪᠥᠬᠦ ᠬᠦᠴᠦᠨ᠎ᠢᠶᠠᠷ ᠥᠷᠨᠢᠭᠦᠯᠵᠦ ᠂ ᠠᠮᠢ ᠠᠬᠤᠶ᠎ᠶᠢᠨ ᠦᠷ᠎ᠡ ᠪᠦᠲᠦᠮᠵᠢ᠎ᠶᠢ ᠤᠯᠠᠮ ᠨᠢᠭᠡ ᠠᠯᠬᠤᠮ ᠪᠠᠬᠢᠵᠢᠭᠦᠯᠪᠡ ᠃ 4 ᠰᠠᠷ᠎ᠠ᠎ᠶᠢᠨ ᠳᠤᠮᠳᠠᠴᠢ ᠪᠣᠯᠲᠠᠯ᠎ᠠ ᠂ ᠲᠤᠰ ᠰᠢᠶᠠᠨ ᠰᠢᠨ᠎ᠡ᠎ᠪᠠᠷ 1032.76 ᠮᠥ ᠣᠶᠢᠵᠢᠭᠤᠯᠵᠤ ᠂ 1 ᠲᠥᠮᠡ 8934.2 ᠮᠥ ᠤᠢ᠎ᠳᠤ ᠭᠠᠵᠠᠷ᠎ᠢ ᠪᠠᠬᠢᠵᠢᠭᠦᠯᠦᠨ ᠰᠠᠢᠵᠢᠷᠠᠭᠤᠯᠬᠤ᠎ᠶᠢ ᠪᠡᠶᠡᠯᠡᠭᠥᠯᠥᠭᠰᠡᠨ ᠪᠠᠢᠨ᠎ᠠ ᠃
ᠣᠶ ᠰᠢᠭᠤᠶ᠎ᠶᠢᠨ ᠡᠬᠢ ᠪᠠᠶᠠᠯᠢᠭ᠎ᠢ ᠬᠠᠮᠠᠭᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ᠎ᠶᠢᠨ ᠲᠦᠷᠢᠮ᠎ᠤᠨ ᠶᠡᠷᠦᠩᠬᠡᠶ ᠱᠠᠭᠠᠷᠳᠠᠯᠭ᠎ᠠ᠎ᠪᠠᠷ ᠂ ᠲᠤᠰ ᠰᠢᠶᠠᠨ ᠡᠯ᠎ᠡ ᠪᠠᠯᠭᠠᠰᠤ ᠲᠠᠯᠠᠪᠠᠶ ᠣᠶ ᠰᠢᠭᠤᠶ ᠨᠤᠲᠤᠭ ᠪᠡᠯᠴᠢᠭᠡᠷ᠎ᠤᠨ ᠡᠬᠢ ᠪᠠᠶᠠᠯᠢᠭ᠎ᠤᠨ ᠬᠠᠷᠢᠶ᠎ᠠ ᠭᠠᠵᠠᠷ᠎ᠤᠨ ᠬᠠᠮᠢᠶᠠᠷᠤᠯᠲᠠ᠎ᠶᠢᠨ ᠭᠤᠤᠯ ᠴᠣᠭᠴᠠ᠎ᠶᠢᠨ ᠬᠠᠷᠢᠭᠤᠴᠠᠯᠭ᠎ᠠ᠎ᠶᠢ ᠴᠢᠩᠭ᠎ᠠ ᠨᠠᠶᠢᠳᠠᠪᠤᠷᠢᠵᠢᠭᠤᠯᠵᠤ ᠂ ᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ᠎ᠶᠢᠨ ᠪᠥᠲᠥᠭᠡᠨ ᠪᠠᠶᠢᠭᠤᠯᠤᠯᠲᠠ᠎ᠶᠢᠨ ᠡᠭᠦᠷᠭᠡ ᠲᠣᠭᠲᠠᠭᠠᠨ ᠂ ᠨᠢᠭᠡᠳ ᠨᠢᠭᠡ᠎ᠪᠠᠷ ᠬᠢᠨᠠᠨ ᠬᠠᠮᠢᠶᠠᠷᠬᠤ ᠬᠠᠷᠢᠭᠤᠴᠠᠯᠭ᠎ᠠ᠎ᠶᠢ ᠨᠠᠶᠢᠳᠠᠪᠤᠷᠢᠵᠢᠭᠤᠯᠵᠤ ᠂ ᠬᠢᠨᠠᠨ ᠬᠠᠮᠢᠶᠠᠷᠬᠤ ᠡᠬᠡ ᠲᠠᠩᠰᠠ ᠪᠠᠶᠢᠭᠤᠯᠤᠨ ᠂ ᠥᠢᠵᠢᠭᠤᠯᠬᠤ ᠭᠠᠵᠠᠷ ᠂ ᠴᠢᠬᠢ ᠮᠣᠳᠣ ᠂ ᠤᠬᠠᠭᠤᠯᠭ᠎ᠠ ᠵᠡᠷᠭᠡ ᠡᠮᠦᠨᠡᠬᠢ ᠬᠤᠭᠤᠴᠠᠭᠠᠨ᠎ᠤ ᠠᠵᠢᠯ᠎ᠢ ᠤᠷᠢᠳᠴᠢᠯᠠᠨ ᠲᠣᠬᠢᠷᠠᠭᠤᠯᠵᠤ ᠂ ᠬᠠᠪᠤᠷ᠎ᠤᠨ ᠣᠶᠢᠵᠢᠭᠤᠯᠤᠯᠲᠠ᠎ᠶᠢᠨ ᠠᠵᠢᠯ᠎ᠤᠨ ᠡᠯ᠎ᠡ ᠦᠶᠯᠡᠳᠪᠦᠷᠢᠯᠡᠯ᠎ᠤᠨ ᠭᠤᠭᠴᠤᠭ᠎ᠠ᠎ᠶᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠎ᠶᠢ ᠰᠠᠶᠢᠲᠤᠷ ᠠᠳᠬᠤᠬᠤ᠎ᠶᠢ ᠦᠨᠡᠨ ᠬᠦ ᠪᠠᠲᠤᠯᠠᠪᠠ ᠃
ᠰᠢᠶᠠᠨ᠎ᠤ ᠵᠠᠰᠠᠭ᠎ᠤᠨ ᠣᠷᠳᠣᠨ ︽ ᠠᠲᠠᠷ ᠬᠠᠭᠠᠯᠪᠤᠷᠢᠯᠠᠬᠤ᠎ᠶᠢ ᠴᠠᠭᠠᠵᠠᠯᠠᠵᠤ ᠪᠡᠯᠴᠢᠭᠡᠷᠯᠡᠭᠦᠯᠬᠦ᠎ᠶᠢ ᠴᠠᠭᠠᠵᠠᠯᠠᠬᠤ᠎ᠶᠢ ᠪᠥᠬᠦ ᠲᠠᠯ᠎ᠠ᠎ᠪᠠᠷ ᠴᠢᠩᠭᠠᠳᠬᠠᠬᠤ ᠲᠤᠬᠠᠶ ᠠᠯᠪᠠᠨ ᠵᠠᠷ ︾ ᠲᠠᠷᠬᠠᠭᠠᠵᠤ ᠂ ᠡᠯ᠎ᠡ ᠪᠠᠯᠭᠠᠰᠤ ᠲᠠᠯᠠᠪᠠᠶ᠎ᠶᠢᠨ ᠠᠲᠠᠷ ᠬᠠᠭᠠᠯᠪᠤᠷᠢᠯᠠᠬᠤ᠎ᠶᠢ ᠴᠠᠭᠠᠵᠠᠯᠠᠵᠤ ᠪᠡᠯᠴᠢᠭᠡᠷᠯᠡᠭᠦᠯᠬᠦ᠎ᠶᠢ ᠴᠠᠭᠠᠵᠠᠯᠠᠬᠤ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠪᠣᠳᠠᠲᠠᠶᠢᠵᠢᠭᠤᠯᠥᠨ ᠂ ᠳᠣᠲᠣᠭᠠᠳᠤ᠎ᠶᠢ ᠬᠠᠮᠠᠭᠠᠯᠠᠬᠤ ᠂ ᠪᠠᠶᠢᠴᠠᠭᠠᠬᠤ ᠂ ᠰᠢᠭᠦᠬᠦ ᠵᠡᠷᠬᠡ ᠬᠠᠤᠯᠢ ᠴᠠᠭᠠᠵᠠ᠎ᠶᠢᠨ ᠰᠠᠯᠠᠭ᠎ᠠ ᠮᠦᠴᠢᠷ᠎ᠤᠨ 400 ᠭᠠᠷᠤᠢ ᠺᠠᠳ᠋ᠷ ᠴᠠᠭᠳᠠᠭ᠎ᠠ᠎ᠶᠢ ᠰᠤᠩᠭᠤᠨ ᠳᠤᠮᠢᠯᠠᠵᠤ ᠂ ᠪᠠᠯᠭᠠᠰᠤ ᠲᠠᠯᠠᠪᠠᠶ ᠂ ᠭᠠᠴᠠᠭ᠎ᠠ ᠲᠣᠰᠬᠤᠨ᠎ᠳ᠋ᠤ ᠬᠡᠰᠡᠭ ᠬᠤᠪᠢᠶᠠᠨ ᠭᠦᠨᠵᠡᠭᠡᠶᠢᠷᠡᠵᠤ ᠂ ᠣᠶ ᠰᠢᠭᠤᠶ ᠨᠤᠲᠤᠭ ᠪᠡᠯᠴᠢᠭᠡᠷ᠎ᠤᠨ ᠬᠠᠤᠯᠢ ᠲᠣᠭᠲᠠᠭᠠᠯ᠎ᠢ ᠤᠬᠠᠭᠤᠯᠤᠨ ᠲᠠᠶᠢᠯᠪᠤᠷᠢᠯᠠᠵᠤ ᠂ ᠭᠤᠤᠯᠳᠠᠯᠭ᠎ᠠ᠎ᠲᠠᠢ ᠭᠠᠵᠠᠷ᠎ᠲᠤ 500 ᠭᠠᠷᠤᠶ ᠤᠬᠠᠭᠤᠯᠭ᠎ᠠ᠎ᠶᠢᠨ ᠤᠷᠢᠶ᠎ᠠ ᠯᠣᠽᠦ᠋ᠩ ᠡᠯᠭᠦᠪᠡ ᠃ ᠣᠶ ᠰᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠬᠡᠷᠡᠭᠴᠡᠭᠡ᠎ᠪᠠᠨ ᠦᠨᠳᠦᠰᠦᠯᠡᠨ ᠂ ᠲᠠᠷᠠᠬᠠᠶ ᠪᠣᠯᠪᠠᠰᠤᠷᠠᠯ ᠬᠥᠷᠳᠡᠭᠡᠬᠥ ᠠᠷᠭ᠎ᠠ ᠮᠠᠢᠭ᠎ᠢᠶᠠᠷ ᠬᠠᠪᠤᠷ᠎ᠤᠨ ᠤᠯᠠᠷᠢᠯ᠎ᠤᠨ ᠣᠶᠢᠵᠢᠭᠤᠯᠤᠯᠲᠠ᠎ᠶᠢᠨ ᠮᠡᠷᠭᠡᠵᠢᠯ ᠂ ᠵᠢᠮᠢᠰ᠎ᠤᠨ ᠮᠣᠳᠣ ᠵᠠᠰᠠᠬᠤ ᠂ ᠠᠷᠠᠴᠢᠯᠠᠵᠤ ᠬᠠᠮᠢᠶᠠᠷᠬᠤ ᠂ ᠡᠪᠡᠳᠴᠢᠨ ᠬᠤᠷᠣᠬᠠᠶ᠎ᠶᠢᠨ ᠬᠥᠨᠥᠭᠡᠯ᠎ᠢ ᠰᠡᠷᠭᠡᠶᠢᠯᠡᠨ ᠵᠠᠰᠠᠬᠤ ᠵᠡᠷᠭᠡ ᠵᠢᠯᠣᠭᠤᠳᠣᠯᠭ᠎ᠠ ᠪᠣᠯᠪᠠᠰᠤᠷᠠᠯ᠎ᠢ ᠲᠤᠬᠠᠶ᠎ᠶᠢᠨ ᠭᠠᠵᠠᠷ᠎ᠲᠤᠨᠢ 28 ᠲᠠᠯᠠᠪᠠᠶ ᠥᠷᠨᠢᠭᠦᠯᠵᠠᠢ ᠃ ᠡᠭᠦᠨ᠎ᠤ ᠬᠠᠮᠲᠤ ᠂ ᠲᠤᠰᠬᠠᠶ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠶᠢᠭᠤᠯᠵᠤ ᠂ ᠣᠶᠢᠵᠢᠭᠤᠯᠬᠤ ᠠᠵᠢᠯ᠎ᠢ ᠬᠡᠰᠡᠭ ᠬᠤᠪᠢᠶᠠᠨ ᠬᠢᠨᠠᠨ ᠵᠢᠯᠣᠭᠤᠳᠤᠬᠰᠠᠨ ᠪᠠᠢᠨ᠎ᠠ ᠃
ᠡᠪᠡᠰᠦᠨ᠎ᠤ ᠦᠢᠯᠡᠰ᠎ᠤᠨ ᠢᠨᠵᠧᠨᠧᠷᠢᠩ ᠂ ᠵᠠᠭᠤᠨ ᠭᠠᠵᠠᠷ᠎ᠤᠨ ᠨᠣᠮᠢᠨ ᠨᠣᠭᠤᠭᠠᠨ ᠤᠷᠲᠤ ᠬᠤᠩᠭᠢᠯ᠎ᠤᠨ ᠢᠨᠵᠧᠨᠧᠷᠢᠩ ᠂ ᠣᠢ ᠵᠢᠮᠢᠰ᠎ᠤᠨ ᠵᠢᠱᠢᠶ᠎ᠡ ᠦᠵᠡᠭᠦᠯᠬᠦ ᠢᠨᠵᠧᠨᠧᠷᠢᠩ ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠨᠣᠭᠤᠭᠠᠷᠠᠭᠤᠯᠤᠯᠲᠠ ᠭᠤᠶᠤᠵᠢᠭᠤᠯᠤᠯᠲᠠ᠎ᠶᠢᠨ ᠢᠨᠵᠧᠨᠧᠷᠢᠩ᠎ᠢ ᠰᠠᠶᠢᠲᠤᠷ ᠠᠳᠬᠤᠪᠠ ᠃ ᠡᠪᠡᠰᠦᠨ᠎ᠤ ᠦᠢᠯᠡᠰ᠎ᠤᠨ ᠢᠨᠵᠧᠨᠧᠷᠢᠩ᠎ᠨᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ᠎ᠶᠢᠨ ᠪᠦᠲᠦᠭᠡᠨ ᠪᠠᠶᠢᠭᠤᠯᠤᠯᠲᠠ᠎ᠶᠢᠨ ᠠᠵᠢᠯ᠎ᠤᠨ ᠱᠠᠭᠠᠷᠳᠠᠯᠭ᠎ᠠ ᠶᠣᠰᠣᠭᠠᠷ ᠂ ᠰᠢᠶᠤᠤ ᠵᠢᠶᠧ ᠵᠢᠢ ᠪᠠᠯᠭᠠᠰᠤ᠎ᠶᠢᠨ ᠵᠦᠩ ᠺᠧ ᠡᠪᠡᠰᠦ ᠳᠠᠷᠢᠬᠤ ᠰᠠᠭᠤᠷᠢᠨ᠎ᠤ ᠪᠦᠲᠦᠭᠡᠨ ᠪᠠᠶᠢᠭᠤᠯᠤᠯᠲᠠ ᠪᠣᠯᠤᠨ ᠨᠤᠲᠤᠭ ᠪᠡᠯᠴᠢᠭᠡᠷ᠎ᠤᠨ ᠬᠤᠤᠷᠲᠤ ᠡᠪᠡᠰᠦ᠎ᠶᠢ ᠠᠷᠢᠯᠭᠠᠬᠤ ᠡᠭᠦᠷᠭᠡ᠎ᠶᠢ 5 ᠲᠦᠮᠡᠨ ᠮᠦ ᠬᠡᠷᠡᠭᠵᠢᠭᠦᠯᠬᠦ᠎ᠪᠠᠷ ᠲᠥᠯᠥᠪᠯᠡᠵᠦ ᠂ ᠬᠤᠤᠷᠲᠤ ᠡᠪᠡᠰᠦ ᠠᠷᠢᠯᠭᠠᠬᠤ ᠲᠤᠷᠰᠢᠯᠲᠠ᠎ᠶᠢᠨ ᠵᠢᠱᠢᠶ᠎ᠡ ᠦᠵᠡᠭᠦᠯᠬᠦ ᠲᠥᠷᠥᠯ ᠵᠦᠢᠯ᠎ᠢ 6000 ᠮᠦ ᠬᠡᠷᠡᠭᠵᠢᠭᠦᠯᠥᠨ ᠂ ᠨᠤᠲᠤᠭ ᠪᠡᠯᠴᠢᠭᠡᠷ᠎ᠤᠨ ᠠᠮᠢ ᠠᠬᠤᠶ᠎ᠶᠢ ᠰᠡᠷᠭᠦᠭᠡᠨ ᠵᠠᠰᠠᠬᠤ᠎ᠶᠢ ᠲᠦᠷᠭᠡᠳᠬᠡᠨ ᠠᠬᠢᠭᠤᠯᠵᠠᠢ ︔ ᠵᠠᠭᠤᠨ ᠭᠠᠵᠠᠷ᠎ᠤᠨ ᠪᠣᠬᠢᠷᠲᠤᠯ ᠥᠬᠡᠶ ᠣᠷᠳᠣ ᠬᠤᠩᠭᠢᠯ᠎ᠤᠨ ᠢᠨᠵᠧᠨᠧᠷᠢᠩ᠎ᠨᠢ ᠭᠠᠵᠠᠷ ᠣᠷᠣᠨ᠎ᠤ ᠣᠨᠴᠠᠯᠢᠭ᠎ᠢ ᠳᠣᠪᠣᠶᠢᠯᠭᠠᠵᠤ ᠂ ᠰᠢᠶᠤᠤ ᠵᠢᠶᠧ ᠵᠢᠢ ᠪᠠᠯᠭᠠᠰᠤᠨ᠎ᠤ ᠵᠠᠭᠤᠨ ᠭᠠᠵᠠᠷ᠎ᠤᠨ ᠪᠣᠬᠢᠷᠲᠤᠯ ᠥᠬᠡᠶ ᠣᠷᠳᠣ ᠬᠤᠩᠭᠢᠯ᠎ᠤᠨ ᠶᠠᠰᠤ ᠴᠢᠨᠠᠷ᠎ᠤᠨ ᠪᠠᠷᠢᠮᠵᠢᠶ᠎ᠠ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ ᠂ ᠣᠶ ᠰᠢᠭᠤᠶ᠎ᠶᠢᠨ ᠠᠮᠢ ᠠᠬᠤᠶ᠎ᠶᠢᠨ ᠰᠠᠭᠤᠷᠢᠨ ᠂ ᠠᠵᠤ ᠦᠢᠯᠡᠰ᠎ᠤᠨ ᠰᠠᠭᠤᠷᠢᠨ ᠪᠠᠶᠢᠭᠤᠯᠵᠤ ᠂ ᠤᠯᠤᠰ᠎ᠤᠨ ᠭᠠᠵᠠᠷ ᠰᠢᠷᠣᠶ᠎ᠶᠢᠨ ᠨᠣᠭᠤᠭᠠᠷᠠᠭᠤᠯᠤᠯᠲᠠ᠎ᠶᠢᠨ ᠰᠠᠭᠤᠷᠢᠨ ᠪᠠ ᠠᠯᠪᠠᠨ ᠵᠢᠷᠤᠮ᠎ᠤᠨ ᠮᠣᠳᠣ ᠳᠠᠷᠢᠬᠤ ᠰᠠᠭᠤᠷᠢᠨ ᠪᠣᠯᠭᠠᠪᠠ ︔ ᠣᠶ ᠰᠢᠭᠤᠶ ᠵᠢᠮᠢᠰ᠎ᠤᠨ ᠵᠢᠱᠢᠶ᠎ᠡ ᠦᠵᠡᠭᠦᠯᠬᠦ ᠢᠨᠵᠧᠨᠧᠷᠢᠩ᠎ᠨᠢ ᠤᠯᠤᠰ᠎ᠤᠨ 303 ᠵᠠᠮ ᠱᠤᠭᠤᠮ᠎ᠲᠠᠢ ᠤᠶᠠᠯᠳᠤᠭᠤᠯᠤᠨ ᠂ ᠣᠶ ᠰᠢᠭᠤᠶ᠎ᠶᠢᠨ ᠰᠣᠳᠣᠨ ᠢᠨᠵᠧᠨᠧᠷᠢᠩ᠎ᠢ ᠬᠡᠷᠡᠭᠵᠢᠬᠦᠯᠵᠥ ᠂ ᠡᠨᠡ ᠵᠢᠯ ᠬᠠᠢᠳᠠᠩ ᠵᠢᠮᠢᠰ ᠂ ᠠᠭᠠᠯᠢᠬ ᠠᠯᠢᠮ᠎ᠠ᠎ᠶᠢᠨ ᠠᠵᠤ ᠠᠬᠤᠶ᠎ᠶᠢᠨ ᠣᠶ᠎ᠶᠢᠨ ᠰᠠᠭᠤᠷᠢᠨ᠎ᠢ ᠰᠢᠨ᠎ᠡ᠎ᠪᠠᠷ 3187 ᠮᠥ ᠪᠠᠶᠢᠭᠤᠯᠥᠨ ᠂ 1793 ᠮᠥ ᠨᠥᠬᠦᠨ ᠳᠠᠷᠢᠵᠤ ᠂ ᠲᠥᠪᠯᠡᠷᠡᠵᠤ ᠵᠠᠯᠭᠠᠯᠳᠤᠭᠰᠠᠨ ᠣᠶ ᠰᠢᠭᠤᠶ ᠵᠢᠮᠢᠰ᠎ᠤᠨ ᠠᠵᠤ ᠦᠢᠯᠡᠰ᠎ᠤᠨ ᠵᠢᠱᠢᠶ᠎ᠡ ᠦᠵᠡᠭᠦᠯᠬᠦ ᠪᠦᠰᠡ ᠪᠠᠢᠭᠤᠯᠬᠤ᠎ᠪᠠᠷ ᠲᠥᠯᠥᠪᠯᠡᠵᠦ ᠪᠠᠢᠨ᠎ᠠ ︔ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠨᠣᠭᠤᠭᠠᠷᠠᠭᠤᠯᠤᠯᠲᠠ ᠭᠤᠶᠤᠵᠢᠭᠤᠯᠤᠯᠲᠠ᠎ᠶᠢᠨ ᠢᠨᠵᠧᠨᠧᠷᠢᠩ ᠪᠠ ᠣᠶ ᠰᠢᠭᠤᠶ᠎ᠶᠢᠨ ᠭᠤᠤᠯᠳᠠᠯᠭ᠎ᠠ᠎ᠲᠠᠢ ᠢᠨᠵᠧᠨᠧᠷᠢᠩ᠎ᠤᠨ ᠲᠥᠷᠥᠯ ᠵᠦᠶᠯ ︽ ᠦᠬᠡᠷ᠎ᠢ ᠠᠮᠢᠳᠤᠷᠠᠯ᠎ᠤᠨ ᠳᠤᠭᠤᠷᠢᠬ᠎ᠡᠴᠠ ᠭᠠᠷᠭᠠᠵᠤ ᠂ ᠮᠣᠳᠣ᠎ᠶᠢ ᠬᠦᠷᠢᠶᠡᠨ᠎ᠳ᠋ᠤ ᠣᠷᠣᠭᠤᠯᠬᠤ ︾ ᠠᠵᠢᠯ᠎ᠤᠨ ᠠᠬᠢᠴᠠ᠎ᠶᠢ ᠠᠬᠢᠭᠤᠯᠵᠤ ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ 35 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ᠎ᠤ ᠨᠣᠭᠤᠭᠠᠷᠠᠭᠤᠯᠤᠯᠲᠠ ᠭᠤᠶᠤᠵᠢᠭᠤᠯᠤᠯᠲᠠ᠎ᠶᠢ ᠭᠤᠤᠯᠳᠠᠯᠭ᠎ᠠ᠎ᠲᠠᠢ ᠰᠠᠶᠢᠲᠤᠷ ᠬᠢᠵᠦ ᠂ ᠰᠤᠳᠤᠨ ᠣᠶ ᠰᠢᠭᠤᠶᠢᠳᠤ ᠬᠥᠳᠡᠭᠡ ᠲᠣᠰᠬᠤᠨ᠎ᠢ ᠴᠢᠷᠮᠠᠶᠢᠨ ᠡᠭᠦᠳᠴᠦ ᠂ ᠬᠥᠮᠦᠰ᠎ᠤᠨ ᠣᠷᠣᠰᠢᠨ ᠰᠠᠭᠤᠬᠤ ᠣᠷᠴᠢᠨ ᠲᠣᠭᠤᠷᠢᠨ᠎ᠤ ᠶᠠᠰᠤ ᠴᠢᠨᠠᠷ᠎ᠢ ᠳᠠᠰᠤᠷᠠᠯᠲᠠ ᠥᠭᠡᠢ ᠰᠢᠯᠢᠳᠡᠭᠵᠢᠭᠦᠯᠵᠤ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃