2023-03-13 09:46:07
ᠲᠦᠷᠦᠬᠦᠬᠡᠨ᠂ ᠬᠦᠷᠢᠶ᠎ᠡ ᠬᠣᠰᠢᠭᠤᠨ᠎ᠤ ᠲᠠᠷᠢᠶᠠᠯᠠᠩ᠎ᠤᠨ ᠮᠠᠰᠢᠨ ᠪᠠᠭᠠᠵᠢ᠎ᠶᠢᠨ ᠵᠠᠬ᠎ᠠ ᠳᠡᠯᠭᠡᠭᠦᠷ᠎ᠲᠦ ᠲᠠᠷᠢᠶᠠᠯᠠᠩ᠎ᠳᠤ ᠬᠡᠷᠡᠭᠯᠡᠬᠦ ᠮᠠᠰᠢᠨ ᠲᠥᠬᠦᠭᠡᠷᠦᠮᠵᠢ᠎ᠶᠢᠨ ᠲᠥᠷᠥᠯ ᠵᠦᠢᠯ ᠪᠦᠷᠢᠨ᠂ ᠪᠡᠯᠡᠳᠬᠡᠯ ᠪᠠᠷᠠᠭ᠎ᠠ ᠭᠦᠢᠴᠡᠳ ᠪᠠᠢᠬᠤ᠎ᠶᠢ ᠣᠯᠵᠤ ᠬᠠᠷᠠᠯ᠎ᠠ᠃ ᠲᠠᠷᠢᠶᠠᠯᠠᠩ᠎ᠤᠨ ᠮᠠᠰᠢᠨ ᠪᠠᠭᠠᠵᠢ ᠬᠤᠳᠠᠯᠳᠤᠨ ᠠᠪᠬᠤ ᠬᠥᠮᠥᠰ ᠡᠨᠳᠡ ᠠᠷᠤ ᠠᠷᠤ ᠡᠴᠡ ᠪᠠᠨ ᠴᠤᠪᠤᠵᠠᠭᠠᠨ᠂ ᠪᠣᠷᠣᠯᠠᠭᠤᠯᠤᠭ᠍ᠴᠢ ᠲᠡᠳᠡᠨ᠎ᠳᠦ ᠡᠯ᠎ᠡ ᠵᠦᠢᠯ᠎ᠦᠨ ᠲᠠᠷᠢᠶᠠᠯᠠᠩ᠎ᠤᠨ ᠮᠠᠰᠢᠨ᠎ᠤ ᠴᠢᠳᠠᠮᠵᠢ ᠪᠠ ᠬᠡᠷᠡᠭᠯᠡᠬᠥ ᠠᠷᠭ᠎ᠠ ᠵᠡᠷᠭᠡ᠎ᠶᠢ ᠨᠠᠷᠢᠯᠢᠭ ᠲᠣᠳᠣᠷᠬᠠᠢ ᠲᠠᠨᠢᠯᠴᠠᠭᠤᠯᠵᠤ᠂ ᠳᠡᠳᠡᠨ᠎ᠢ ᠬᠠᠪᠰᠤᠷᠤᠨ ᠲᠣᠬᠢᠷᠠᠮᠵᠢᠲᠠᠢ ᠲᠠᠷᠢᠶᠠᠯᠠᠩ᠎ᠤᠨ ᠮᠠᠰᠢᠨ ᠰᠣᠩᠭᠣᠵᠤ᠂ ᠬᠠᠪᠤᠷ᠎ᠤᠨ ᠲᠠᠷᠢᠶᠠᠯᠠᠭ᠎ᠠ᠎ᠳᠦ ᠭᠦᠢᠴᠡᠳ ᠪᠡᠯᠡᠳᠬᠡᠯ ᠬᠢᠵᠦ ᠶᠠᠭᠠᠷᠠᠯᠳᠤᠨ᠎ᠠ᠃

ᠬᠥᠷᠢᠶ᠎ᠡ ᠪᠠᠯᠭᠠᠰᠤᠨ᠎ᠤ ᠲᠠᠷᠢᠶᠠᠴᠢᠨ ᠸᠠᠩ ᠵᠢᠶᠠ ᠸᠸᠢ ᠵᠠᠬ᠎ᠠ ᠳᠡᠯᠭᠡᠭᠥᠷ᠎ᠤᠨ ᠯᠢ ᠬᠤᠸᠠ ᠲᠡᠮᠳᠡᠭᠲᠦ ᠦᠷ᠎ᠡ ᠰᠠᠴᠤᠬᠤ ᠮᠠᠰᠢᠨ᠎ᠤ ᠳᠡᠷᠭᠡᠳᠡ ᠬᠦᠷᠦᠭᠡᠳ ᠴᠢᠳᠠᠮᠵᠢ ᠪᠣᠯᠣᠨ ᠦᠨ᠎ᠡ ᠬᠠᠩᠰᠢ᠎ᠶᠢ ᠨᠢ ᠯᠠᠪᠯᠠᠨ ᠠᠰᠠᠭᠤᠭᠰᠠᠨ ᠳ᠋ᠤ ᠪᠤᠷᠤᠯᠠᠭᠤᠯᠤᠬᠴᠢ ᠡᠴᠡ ᠲᠤᠰ ᠮᠠᠰᠢᠨ ᠲᠤᠬᠠᠢ᠎ᠶᠢᠨ ᠭᠠᠵᠠᠷ᠎ᠤᠨ ᠬᠣᠲᠣᠭᠣᠷ ᠬᠥᠳᠥᠭᠥᠷ ᠭᠠᠵᠠᠷ᠎ᠤᠨ ᠪᠠᠢᠴᠠ᠎ᠳᠤ ᠣᠨᠴᠠᠭᠠᠶ ᠲᠣᠬᠢᠷᠠᠬᠤ ᠪᠦᠭᠡᠳ ᠵᠠᠰᠠᠭ᠎ᠤᠨ ᠣᠷᠳᠣᠨ᠎ᠤ 1300 ᠲᠥᠭᠥᠷᠢᠭ᠎ᠦᠨ ᠨᠥᠬᠥᠪᠦᠷᠢ ᠶᠢ ᠬᠦᠷᠲᠡᠨ᠎ᠡ ᠭᠡᠰᠡᠨ ᠬᠠᠷᠢᠭᠤᠯᠳᠠ ᠵᠢ ᠰᠤᠨᠤᠰᠤᠭᠠᠳ ᠲᠣᠯᠣᠭᠠᠢ᠎ᠪᠠᠨ ᠳᠣᠬᠢᠵᠤ ᠪᠠᠢᠯ᠎ᠠ᠃ ᠲᠡᠷᠡ᠄ 《ᠵᠠᠰᠠᠭ᠎ᠤᠨ ᠣᠷᠳᠣᠨ᠎ᠤ ᠨᠥᠬᠥᠪᠦᠷᠢ᠎ᠶᠢᠨ ᠡᠷᠴᠢᠮ ᠴᠢᠩᠭᠠᠷᠠᠬᠤ ᠵᠢ ᠳᠠᠭᠠᠯᠳᠤᠨ᠂ ᠮᠠᠨ᠎ᠤ ᠬᠥᠳᠡᠭᠡ ᠲᠣᠰᠬᠣᠨ᠎ᠳᠤ ᠲᠠᠷᠢᠶᠠᠯᠠᠩ᠎ᠤᠨ ᠮᠠᠰᠢᠨ ᠬᠤᠳᠠᠯᠳᠤᠨ ᠠᠪᠬᠤ ᠬᠥᠮᠥᠨ ᠶᠠᠪᠤᠬᠤ ᠲᠤᠳᠤᠮ ᠣᠯᠠᠰᠢᠷᠠᠵᠤ ᠪᠠᠢᠨ᠎ᠠ᠂ ᠪᠢ ᠥᠩᠭᠡᠷᠡᠭᠰᠡᠨ ᠵᠢᠯ ᠬᠠᠳᠤᠵᠤ ᠬᠤᠷᠢᠶᠠᠬᠤ ᠮᠠᠰᠢᠨ ᠬᠤᠳᠠᠯᠳᠤᠨ ᠠᠪᠤᠬᠰᠠᠨ᠂ ᠡᠨᠡ ᠵᠢᠯ ᠦᠷ᠎ᠡ ᠰᠠᠴᠤᠬᠤ ᠮᠠᠰᠢᠨ ᠬᠤᠳᠠᠯᠳᠤᠨ ᠠᠪᠬᠤ ᠰᠠᠨᠠᠭ᠎ᠠ ᠲᠠᠢ》 ᠭᠡᠵᠥ ᠬᠡᠯᠡᠵᠤ ᠪᠠᠢᠯ᠎ᠠ᠃
ᠲᠠᠷᠢᠶᠠᠴᠢᠨ ᠲᠦᠮᠡᠨ᠎ᠦ ᠲᠠᠷᠢᠶᠠᠯᠠᠩ ᠦᠢᠯᠡᠳᠪᠦᠷᠢᠯᠡᠯ᠎ᠦᠨ ᠮᠠᠰᠢᠨ ᠬᠤᠳᠠᠯᠳᠤᠨ ᠠᠪᠬᠤ ᠬᠡᠷᠡᠭᠴᠡᠭᠡ᠎ᠶᠢ ᠨᠡᠩ ᠰᠠᠢᠨ ᠬᠠᠩᠭᠠᠵᠤ᠂ ᠲᠠᠷᠢᠶᠠᠯᠠᠩ᠎ᠤᠨ ᠮᠠᠰᠢᠨᠴᠢᠯᠠᠯᠲᠠ᠎ᠶᠢᠨ ᠲᠦᠪᠰᠢᠨ᠎ᠢ ᠳᠡᠭᠡᠭᠰᠢᠯᠡᠭᠦᠯᠬᠥ ᠵᠢᠨ ᠲᠥᠯᠥᠭᠡ᠂ ᠲᠣᠰ ᠬᠣᠰᠢᠭᠤᠨ᠎ᠤ ᠲᠠᠷᠢᠶᠠᠯᠠᠩ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠣᠪᠴᠢᠶ᠎ᠠ ᠮᠡᠷᠭᠡᠵᠢᠯᠲᠡᠳ᠎ᠢ ᠢᠳᠡᠪᠬᠢᠲᠡᠢ ᠵᠣᠬᠢᠶᠠᠨ ᠪᠠᠢᠭᠤᠯᠵᠤ᠂ ᠲᠠᠷᠢᠶᠠᠴᠢᠨ ᠡᠷᠦᠬᠡ᠎ᠶᠢ ᠬᠠᠪᠰᠤᠷᠤᠨ ᠵᠢᠯᠤᠭᠣᠳᠴᠤ ᠲᠠᠷᠢᠶᠠᠯᠠᠩ᠎ᠤᠨ ᠮᠠᠰᠢᠨ᠎ᠢ ᠠᠷᠠᠴᠢᠯᠠᠨ ᠬᠠᠮᠠᠭᠠᠯᠠᠬᠤ᠂ ᠲᠤᠷᠰᠢᠨ ᠲᠣᠬᠢᠷᠠᠭᠤᠯᠬᠤ ᠪᠠ ᠪᠠᠢᠴᠠᠭᠠᠨ ᠵᠠᠰᠠᠬᠤ ᠠᠵᠢᠯ᠎ᠢ ᠰᠠᠢᠲᠤᠷ ᠬᠢᠵᠦ᠂ ᠬᠠᠪᠤᠷ᠎ᠤᠨ ᠲᠠᠷᠢᠶᠠᠯᠠᠭ᠎ᠠ᠎ᠶᠢᠨ ᠲᠠᠷᠢᠶᠠᠯᠠᠩ᠎ᠤᠨ ᠮᠠᠰᠢᠨ ᠪᠠᠭᠠᠵᠢ᠎ᠶᠢ ᠬᠡᠪ᠎ᠤᠨ ᠠᠰᠢᠭ᠍ᠯᠠᠯᠲᠠ᠎ᠳᠤ ᠣᠷᠣᠭᠤᠯᠬᠤ᠎ᠶᠢ ᠪᠠᠲᠤᠯᠠᠬᠤ᠎ᠶᠢᠨ ᠬᠠᠮᠲᠤ ᠨᠥᠬᠥᠪᠦᠷᠢ᠎ᠶᠢᠨ ᠲᠥᠷᠥ᠍᠎ᠶᠢᠨ ᠪᠣᠳᠣᠯᠭ᠎ᠠ᠎ᠶᠢ ᠤᠬᠠᠭᠤᠯᠬᠤ ᠪᠠ ᠬᠥᠲᠥᠯᠥᠨ ᠵᠢᠯᠤᠭᠣᠳᠬᠤ ᠠᠵᠢᠯ᠎ᠢ ᠰᠠᠢᠲᠤᠷ ᠬᠢᠵᠦ᠂ ᠬᠠᠪᠤᠷ᠎ᠤᠨ ᠲᠠᠷᠢᠶᠠᠯᠠᠭ᠎ᠠ᠎ᠶᠢᠨ ᠮᠠᠰᠢᠨ ᠪᠠᠭᠠᠵᠢ᠎ᠶᠢᠨ ᠨᠥᠬᠥᠪᠦᠷᠢ᠎ᠶᠢ ᠴᠠᠭ ᠲᠤᠬᠠᠢ ᠳ᠋ᠤᠨᠢ ᠪᠣᠳᠠᠲᠠᠢᠵᠢᠭᠤᠯᠬᠤ᠎ᠶᠢ ᠪᠠᠲᠤᠯᠠᠵᠤ ᠪᠤᠢ᠃ ᠲᠤᠰ ᠬᠤᠰᠢᠭᠤᠨ᠎ᠤ ᠲᠠᠷᠢᠶᠠᠯᠠᠩ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠲᠠᠷᠢᠮᠠᠯ᠎ᠤᠨ ᠦᠢᠯᠡᠰ᠎ᠦᠨ ᠲᠠᠰᠤᠭ᠎ᠤᠨ ᠳᠡᠳ᠋ ᠳᠠᠷᠤᠭ᠎ᠠ ᠰᠢᠦᠢ ᠾᠧ ᠨᠢᠩ᠎ᠤᠨ ᠲᠠᠨᠢᠯᠴᠠᠭᠤᠯᠬᠤ ᠪᠡᠷ᠂ ᠥᠨᠳᠥᠷ ᠪᠦᠲᠦᠮᠵᠢᠲᠡᠶ ᠮᠠᠰᠢᠨᠴᠢᠯᠠᠯᠲᠠ ᠨᠢ ᠨᠢᠭᠡᠨᠲᠡ ᠲᠤᠰ ᠬᠣᠰᠢᠭᠤᠨ᠎ᠤ ᠬᠠᠪᠤᠷ᠎ᠤᠨ ᠲᠠᠷᠢᠶᠠᠯᠠᠭ᠎ᠠ᠎ᠶᠢᠨ ᠭᠣᠣᠯ ᠬᠦᠴᠦᠨ ᠪᠣᠯᠵᠤ᠂ ᠡᠨᠡ ᠵᠢᠯ ᠪᠠᠷᠤᠭ 2.8 ᠲᠦᠮᠡᠨ ᠢᠵᠢ ᠬᠠᠪᠤᠷ᠎ᠤᠨ ᠲᠠᠷᠢᠶᠠᠯᠠᠭ᠎ᠠ᠎ᠶᠢᠨ ᠮᠠᠰᠢᠨ ᠪᠠᠭᠠᠵᠢ ᠬᠡᠷᠡᠭᠰᠡᠨ᠎ᠡ᠂ ᠡᠭᠥᠨ ᠳ᠋ᠤ 1.6 ᠲᠦᠮᠡᠨ ᠢᠵᠢ ᠵᠢ ᠨᠢ ᠰᠡᠯᠪᠢᠨ ᠵᠠᠰᠠᠵᠤ ᠠᠷᠠᠴᠢᠯᠠᠬᠤ ᠴᠢᠬᠤᠯᠠᠲᠠᠢ ᠪᠠᠢᠵᠤ᠂ ᠣᠲᠣ᠌ ᠪᠣᠯᠲᠠᠯ᠎ᠠ ᠨᠢᠭᠡᠨᠲᠡ ᠲᠦᠮᠡᠨ ᠢᠵᠢ ᠵᠢ ᠰᠡᠯᠪᠢᠨ ᠵᠠᠰᠠᠵᠤ ᠠᠰᠢᠬᠯᠠᠯᠲᠠ ᠳ᠋ᠤ ᠤᠷᠤᠭᠤᠯᠬᠤ ᠪᠡᠷ ᠪᠡᠯᠡᠭᠡᠨ ᠪᠤᠯᠭᠠᠬᠰᠠᠨ ᠪᠠᠢᠨ᠎ᠠ᠃
ᠣᠢᠯᠠᠭᠠᠭᠰᠠᠨ᠎ᠢᠶᠠᠷ᠂ 2023 ᠣᠨ᠎ᠳᠤ ᠬᠦᠷᠢᠶ᠎ᠡ ᠬᠣᠰᠢᠭᠤ 3000 ᠲᠦᠮᠡᠨ ᠲᠥᠭᠥᠷᠢᠭ᠎ᠦᠨ ᠨᠥᠬᠥᠪᠦᠷᠢ ᠮᠥᠩᠭᠥ ᠴᠢᠷᠮᠠᠢᠨ ᠣᠯᠬᠤ᠎ᠪᠠᠷ ᠲᠥᠯᠥᠪᠯᠡᠵᠦ᠂ ᠬᠤᠳᠠᠯᠳᠤᠨ ᠠᠪᠤᠬᠰᠠᠳ᠎ᠲᠦ ᠨᠥᠬᠥᠪᠦᠷᠢ ᠤᠯᠭᠤᠬᠤ ᠣᠨ᠎ᠤ ᠬᠢᠵᠠᠭᠠᠷ ᠳᠤᠳᠤᠷ᠎ᠠ ᠨᠥᠬᠥᠪᠦᠷᠢᠯᠡᠬᠦ ᠶᠣᠰᠣᠲᠠᠢ᠎ᠶᠢ ᠨᠢ ᠪᠦᠬᠦᠨ᠎ᠢ ᠨᠥᠬᠥᠪᠦᠷᠢᠯᠡᠨ᠎ᠡ᠃ ᠡᠨᠡ ᠬᠦ᠌ ᠲᠠᠷᠢᠶᠠᠴᠢᠳ᠎ᠲᠤ ᠠᠰᠢᠭ᠋ ᠬᠦᠷᠲᠡᠭᠡᠬᠦ ᠲᠥᠷᠥ᠍᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠪᠣᠳᠠᠲᠠᠢᠵᠢᠭᠤᠯᠬᠤ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠲᠠᠷᠢᠶᠠᠯᠠᠩ᠎ᠤᠨ ᠮᠠᠰᠢᠨ᠎ᠤ ᠨᠥᠬᠥᠪᠦᠷᠢ᠎ᠶᠢᠨ ᠲᠤᠰᠬᠠᠢ ᠪᠤᠯᠤᠩ᠂ ᠵᠢᠷᠬᠢᠶ᠎ᠡ ᠵᠢᠨ ᠬᠤᠯᠪᠤᠭ᠎ᠠ ᠵᠡᠷᠭᠡ ᠳᠠᠪᠴᠠᠩ᠎ᠢ ᠭᠦᠢᠴᠡᠳ ᠠᠰᠢᠭ᠍ᠯᠠᠨ᠂ ᠨᠥᠬᠥᠪᠦᠷᠢ᠎ᠶᠢᠨ ᠲᠥᠷᠥ᠍᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠡᠷᠴᠢᠮ᠎ᠢᠶᠡᠨ ᠴᠢᠩᠭᠠᠳᠬᠠᠵᠤ᠂ ᠭᠠᠷ ᠤᠲᠠᠰᠤᠨ᠎ᠤ APP ᠳᠡᠭᠡᠷ᠎ᠡ ᠨᠡᠷ᠎ᠡ ᠮᠡᠳᠡᠭᠦᠯᠬᠦ᠎ᠪᠡᠷ ᠭᠤᠶᠤᠴᠢᠯᠠᠬᠤ᠎ᠶᠢ ᠪᠥᠬᠥ ᠲᠠᠯ᠎ᠠ᠎ᠪᠠᠷ ᠳᠡᠯᠭᠡᠷᠡᠭᠦᠯᠦᠨ᠂ ᠲᠠᠷᠢᠶᠠᠴᠢᠨ ᠡᠷᠦᠬᠡ᠎ᠶᠢᠨ APP ᠳᠡᠭᠡᠷ᠎ᠡ ᠮᠠᠰᠢᠨ ᠬᠤᠳᠠᠯᠳᠤᠨ ᠠᠪᠬᠤ᠎ᠶᠢ ᠪᠡᠶᠡᠯᠡᠭᠦᠯᠵᠦ᠂ ᠨᠥᠬᠥᠪᠦᠷᠢ ᠵᠢᠨ ᠭᠦᠢᠴᠡᠳᠬᠡᠬᠦ ᠭᠠᠷᠳᠠᠮ᠎ᠢ ᠠᠯᠢ ᠴᠢᠳᠠᠬᠤ᠎ᠪᠡᠷ ᠳᠥᠭᠥᠮᠴᠢᠯᠡᠨ᠂ ᠮᠠᠯᠴᠢᠨ ᠲᠠᠷᠢᠶᠠᠴᠢᠳ᠎ᠤᠨ ᠮᠠᠰᠢᠨ ᠬᠤᠳᠠᠯᠳᠤᠨ ᠠᠪᠬᠤ ᠢᠳᠡᠪᠬᠢᠵᠢᠯ᠎ᠢ ᠪᠥᠬᠥ ᠬᠥᠴᠥᠨ ᠵᠢᠨᠷ ᠬᠥᠭᠵᠢᠭᠡᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃