ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2023-02-25 11:36:03

ᠵᠣᠬᠢᠶᠠᠭ᠍ᠴᠢ᠄ ᠬᠤᠸᠠᠩ ᠹᠦ᠋ ᠮᠧᠶ ᠱᠢᠶᠠᠨ ᠣᠩᠱᠢᠭ᠍ᠰᠠᠨ ᠣᠳᠠᠭ᠎ᠠ᠄ 3

ᠤᠷᠢᠬᠠᠨ ᠬᠠᠪᠤᠷ ᠬᠦᠷᠴᠦ ᠢᠷᠡᠬᠦᠶ᠎ᠡ ᠤᠯᠠᠭᠠᠨᠴᠠᠪ᠎ᠤᠨ ᠭᠠᠵᠠᠷ ᠪᠣᠯᠭᠠᠨ᠎ᠳᠤ ᠬᠤᠷᠳᠤᠨ ᠮᠣᠷᠢᠨ᠎ᠳᠤ ᠲᠠᠱᠢᠭᠤᠷ ᠲᠠᠯᠪᠢᠵᠤ ᠬᠡᠨ ᠠᠯᠢᠨ ᠲᠠᠢ ᠪᠠᠨ ᠤᠷᠤᠯᠳᠤᠵᠦ ᠪᠠᠢᠭ᠎ᠠ ᠮᠡᠳᠤ ᠶᠠᠭᠠᠷᠠᠯᠲᠠᠢ ᠪᠠᠢᠳᠠᠯ ᠬᠠᠷᠠᠭ᠍ᠳᠠᠨ᠎ᠠ᠃ ᠣᠢᠷ᠎ᠠ᠎ᠶ᠋ᠢᠨ ᠵᠢᠯ᠎ᠳᠤ ᠤᠯᠠᠭᠠᠨᠴᠠᠪ ᠬᠣᠲᠠ ᠳᠠᠭᠠᠭᠤᠯᠤᠬᠴᠢ᠎ᠶ᠋ᠢ ᠴᠢᠩᠭᠠᠳᠬᠠᠨ᠂ ᠬᠡᠯᠬᠢᠶ᠎ᠡ᠎ᠶ᠋ᠢ ᠨᠥᠬᠥᠪᠥᠷᠢᠯᠡᠨ᠂ ᠡᠵᠡᠩᠨᠡᠯᠲᠡ᠎ᠶ᠋ᠢᠨ ᠪᠠᠢᠳᠠᠯ᠎ᠢ ᠬᠥᠭ᠌ᠵᠢᠭᠡᠨ᠂《ᠪᠠᠢᠭᠠᠯᠢᠯᠢᠭ ᠤᠯᠠᠭᠠᠨᠴᠠᠪ 》 ᠲᠠᠷᠢᠶᠠᠯᠠᠩ᠎ᠤᠨ ᠪᠦᠲᠦᠭᠡᠭ᠌ᠳᠡᠬᠦᠨ᠎ᠦ ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠨᠠᠷᠠᠲᠤ ᠲᠡᠮᠳᠡᠭ᠌ᠲᠦ᠍᠎ᠶ᠋ᠢ ᠪᠣᠶ ᠪᠣᠯᠭᠠᠵᠤ᠂ 《ᠨᠤᠬᠠᠢ ᠵᠢᠨ ᠬᠤᠰᠢᠭᠤ᠂ ᠲᠤᠰᠤᠨ ᠨᠤᠭᠤᠭ᠎ᠠ᠂ ᠲᠦᠮᠦᠰᠦ᠂ ᠦᠬᠡᠷ ᠎ᠤᠨ ᠮᠢᠬ᠎ᠠ᠂ ᠬᠣᠨᠢᠨ ᠮᠢᠬ᠎ᠠ᠂ ᠰᠦ ᠵᠢᠨ ᠦᠢᠯᠡᠰ》 ᠵᠡᠷᠭᠡ ᠵᠢᠷᠭᠤᠭᠠᠨ ᠶᠡᠬᠡ ᠳᠠᠪᠠᠭᠤᠯᠢᠭ ᠠᠵᠤ ᠦᠶ᠋ᠯᠡᠰ᠎ᠦᠨ ᠲᠣᠭᠣᠷᠢᠨ᠎ᠳᠤ᠂ ᠵᠢᠷᠭᠤᠭᠠᠨ ᠶᠡᠬᠡ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ 《ᠪᠣᠬᠢᠷᠲᠤᠯ ᠥᠬᠡᠶ》 ᠎ᠪᠠᠷ ᠵᠠᠬ᠎ᠠ ᠳᠡᠯᠭᠡᠭᠦᠷ᠎ᠢ ᠡᠵᠡᠯᠡᠨ᠂ ᠨᠢᠭᠡᠨᠲᠡ ᠠᠩᠬ᠎ᠠ ᠠᠯᠬᠤᠮ᠎ᠤᠨ ᠦᠷ᠎ᠡ ᠪᠦᠲᠦᠮᠵᠢ ᠤᠯᠵᠠᠢ᠃


QQ截图20230225103408.png


ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠵᠢᠡᠷ ᠵᠢᠷᠭᠤᠭᠠᠨ ᠶᠡᠬᠡ ᠠᠵᠤ ᠦᠶ᠋ᠯᠡᠰ᠎ᠦᠨ ᠳᠠᠪᠠᠭᠤᠯᠢᠭ᠎ᠢ ᠪᠠᠳᠠᠷᠠᠭᠤᠯᠪᠡ

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠣᠯ ᠨᠢᠭᠡᠳᠦᠭᠡᠷ ᠦᠢᠯᠡᠳᠪᠦᠷᠢᠯᠡᠯ᠎ᠦᠨ ᠬᠦᠴᠦᠨ ᠮᠥᠨ᠃ ᠤᠯᠠᠭᠠᠨᠴᠠᠪ ᠬᠣᠲᠠ ᠳᠠᠪᠠᠭᠤᠯᠢᠭ ᠠᠵᠤ ᠦᠶ᠋ᠯᠡᠰ᠎ᠦᠨ ᠲᠣᠭᠣᠷᠢᠨ᠎ᠳᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍ ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠬᠥᠲᠥᠯᠦᠨ ᠳᠠᠭᠠᠭᠤᠯᠬᠤ᠎ᠶ᠋ᠢ ᠪᠠᠷᠢᠮᠲᠠᠯᠠᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠷᠱᠢᠯᠲᠠ᠎ᠶ᠋ᠢᠨ ᠵᠢᠱ᠌ᠢᠶ᠎ᠡ ᠦᠵᠡᠭᠦᠯᠬᠦ᠌᠎ᠶ᠋ᠢ ᠥᠨᠳᠥᠷ ᠪᠦᠲᠦᠮᠵᠢᠲᠡᠶ᠎ᠪᠡᠷ ᠥᠷᠨᠢᠭᠦᠯᠵᠦ᠍᠂ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠵᠣᠬᠢᠶᠠᠨ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠰᠠᠳ ᠪᠤᠯᠤᠨ 《ᠭᠤᠷᠪᠠᠨ ᠲᠤᠭᠤᠷᠢᠭ》 ᠎ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠡᠩᠨᠡᠭᠡ᠎ᠶ᠋ᠢ ᠪᠠᠢᠭᠤᠯᠤᠨ ᠬᠦᠴᠦᠷᠬᠡᠭ᠌ᠵᠢᠭᠦᠯᠦᠭ᠌ᠰᠡᠨ᠎ᠡᠴᠡ ᠵᠢᠷᠭᠤᠭᠠᠨ ᠶᠡᠬᠡ ᠠᠵᠤ ᠦᠶ᠋ᠯᠡᠰ᠎ᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠭᠤᠯᠤᠭ᠍ᠳᠠᠴᠠ᠎ᠪᠠᠷ ᠭᠦᠶ᠋ᠴᠡᠳ᠂ ᠵᠠᠬ᠎ᠠ ᠳᠡᠯᠭᠡᠭᠦᠷ᠎ᠦᠨ ᠥᠷᠢᠰᠦᠯᠳᠦᠬᠦ᠌ ᠬᠦᠴᠦᠨ᠎ᠴᠢᠩᠭᠠᠷᠠᠪᠠ᠃

《ᠰᠦ᠎ᠶᠢᠨ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ》 ᠠᠵᠢᠯᠯᠠᠭ᠎ᠠ ᠪᠡᠷ ᠴᠢᠨᠠᠷ ᠰᠠᠢᠲᠠᠶ ᠰᠦ᠎ᠶᠢᠨ ᠢᠷᠡᠯᠲᠡ᠎ᠶ᠋ᠢ ᠪᠣᠶ ᠪᠣᠯᠭᠠᠬᠤ᠂ ᠳᠡᠭᠡᠳᠦ ᠲᠠᠰ᠎ᠤᠨ ᠰᠦ ᠵᠢᠨ ᠦᠢᠯᠡᠳᠬᠦᠨ ᠦᠶ᠋ᠯᠡᠳᠪᠦᠷᠢᠯᠡᠬᠦ᠌᠎ᠪᠡᠷ ᠬᠠᠷᠠᠯᠲᠠ ᠪᠣᠯᠭᠠᠵᠤ᠂ ᠪᠣᠬᠢᠷᠲᠤᠯ ᠥᠬᠡᠶ ᠣᠷᠭᠠᠨᠢᠭ ᠴᠢᠨᠠᠷ ᠰᠠᠢᠲᠠᠶ ᠰᠦ᠎ᠶᠢᠨ ᠢᠷᠡᠯᠲᠡ᠎ᠶ᠋ᠢᠨ ᠰᠠᠭᠤᠷᠢᠨ᠎ᠢ ᠦᠷᠬᠦᠯᠵᠢᠯᠡᠨ ᠠᠬᠢᠭᠤᠯᠵᠦ᠂ ᠵᠠᠭᠤᠨ ᠲᠦᠮᠡᠨ ᠮᠥ᠍ ᠴᠢᠨᠠᠷ ᠰᠠᠢᠲᠠᠶ ᠲᠡᠵᠢᠭᠡᠯ ᠡᠪᠡᠰᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ 9 ᠬᠡᠪᠴᠢᠶᠡᠵᠢᠭᠦᠯᠦᠭ᠌ᠰᠡᠨ ᠲᠡᠵᠢᠭᠡᠨ ᠦᠷᠡᠵᠢᠭᠦᠯᠬᠦ᠌ ᠲᠠᠯᠠᠪᠠᠶ᠎ᠶ᠋ᠢ ᠱᠢᠨ᠎ᠡ᠎ᠪᠡᠷ ᠪᠠᠢᠭᠤᠯᠤᠨ᠂ ᠲᠡᠵᠢᠭᠡᠵᠦ ᠪᠠᠢᠭ᠎ᠠ ᠰᠠᠭᠠᠯᠢ᠎ᠶᠢᠨ ᠦᠨᠢᠶ᠎ᠠ 10 ᠲᠦᠮᠡ᠎ᠶ᠋ᠢ ᠲᠠᠪᠠᠪᠠ; ᠲᠢᠶᠠᠨ ᠮᠥ᠍ ᠰᠢᠨ᠎ᠡ ᠰᠤᠷᠭᠤᠭ ᠰᠦ᠎ᠶᠢᠨ ᠵᠠᠢᠷᠮᠠᠭ᠂ ᠯᠠᠨ ᠭᠡ ᠭᠡ ᠡᠭᠡᠳᠡᠭ᠌ᠰᠡᠨ ᠰᠦ ᠵᠡᠷᠭᠡ ᠤᠨᠴᠠᠯᠢᠬ᠍ᠳᠤ ᠰᠦ ᠵᠢᠨ ᠦᠢᠯᠡᠳᠭᠦᠨ᠎ᠦ ᠦᠶ᠋ᠯᠡᠰ ᠨᠢ ᠲᠠᠯ᠎ᠠ ᠨᠤᠲᠤᠭ᠎ᠤᠨ ᠴᠢᠨᠠᠷ ᠰᠠᠢᠲᠠᠶ ᠤᠨᠴᠠᠯᠢᠬ᠍ᠳᠤ ᠰᠦ ᠵᠢᠨ ᠦᠢᠯᠡᠳᠭᠦᠨ᠎ᠤ ᠠᠯᠳᠠᠷ᠎ᠢ ᠪᠥᠬᠥ᠌ ᠤᠯᠤᠰ᠎ᠲᠤ ᠲᠠᠭᠤᠷᠢᠰᠤᠭᠤᠯᠪᠠ᠃

《ᠲᠥᠮᠥᠰᠥᠨ᠎ᠦ ᠠᠵᠦ ᠦᠢᠯᠡᠰ᠎ᠦᠨ ᠦᠷ᠎ᠡ ᠠᠱᠢᠭ᠎ᠢ ᠳᠡᠭᠡᠭ᠌ᠰᠢᠯᠡᠭᠦᠯᠵᠦ᠍ ᠦᠷᠳᠡᠭ᠎ᠢ ᠨᠡᠮᠡᠭ᠌ᠳᠡᠭᠦᠯᠬᠦ》 ᠠᠵᠢᠯᠯᠠᠭ᠎ᠠ᠎ᠨᠢ ᠳᠠᠭᠠᠭᠤᠯᠤᠭ᠍ᠴᠢ᠎ᠪᠠᠷ ᠬᠥᠲᠥᠯᠬᠦ᠂ ᠰᠤᠳᠤᠯᠤᠨ ᠨᠡᠭᠡᠭᠡᠬᠦ᠌᠎ᠪᠡᠷ ᠲᠤᠯᠭᠠᠭᠤᠷᠢᠯᠠᠬᠤ᠂ ᠰᠠᠭᠤᠷᠢᠨ᠎ᠢᠶᠠᠷ ᠳᠠᠢᠴᠢᠯᠠᠬᠤ᠂ ᠵᠠᠬᠢᠶᠠᠯᠠᠭ᠎ᠠ᠎ᠶ᠋ᠢ ᠵᠣᠯᠭᠠᠭᠤᠯᠬᠤ᠎ᠵᠡᠷᠭᠡ ᠶ᠋ᠢ ᠪᠠᠷᠢᠮᠲᠠᠯᠠᠵᠤ᠂ ᠦᠷ᠎ᠡ᠎ᠶ᠋ᠢᠨ ᠲᠥᠮᠥᠰᠥ᠍ ᠵᠢ ᠬᠦᠴᠦᠷᠭᠡᠭᠵᠢᠭᠦᠯᠦᠨ ᠪᠤᠵᠠᠭᠠᠢᠷᠠᠭᠤᠯᠵᠦ᠂ ᠱᠢᠨ᠎ᠡ ᠰᠣᠷᠭᠣᠭ ᠢᠳᠡᠭᠡᠨ᠎ᠦ ᠲᠥᠮᠥᠰᠥ᠍ ᠵᠢ ᠰᠢᠯᠢᠳᠡᠭᠵᠢᠬᠦᠯᠦᠨ᠂ ᠡᠳ᠋ᠱᠢᠭᠦᠯᠦᠭ᠌ᠰᠡᠨ ᠲᠥᠮᠥᠰᠥ᠎ᠶ᠋ᠢ ᠰᠤᠳᠤᠨ ᠪᠦᠲᠦᠭᠡᠭᠳᠡᠬᠦᠨ ᠪᠤᠯᠭᠠᠵᠦ᠂ ᠲᠥᠮᠥᠰᠥ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠵᠢᠱ᠌ᠢᠢ᠎ᠡ ᠦᠵᠡᠭᠦᠯᠬᠦ᠌ ᠣᠷᠣᠨ᠎ᠢ ᠪᠦᠲᠦᠭᠡᠨ ᠪᠠᠢᠭᠤᠯᠵᠤ᠂ ᠵᠠᠭᠤᠨ ᠳ᠋ᠦᠩᠱᠢᠭᠤᠷ ᠳᠡᠰ᠎ᠤᠨ ᠲᠥᠮᠥᠰᠥ᠎ᠶ᠋ᠢᠨ ᠠᠵᠤ ᠦᠢᠯᠡᠰ᠎ᠢ ᠪᠦᠬᠦ᠌ ᠬᠦᠴᠦᠨ ᠵᠢᠡᠷ ᠴᠤᠭᠴᠠᠯᠠᠪᠠ᠃ 2022 ᠣᠨ᠎ᠳᠤ᠂ ᠤᠯᠠᠭᠠᠨᠴᠠᠪ ᠬᠣᠲᠠ᠎ᠶ᠋ᠢᠨ ᠲᠥᠮᠥᠰᠥ᠍ ᠳᠠᠷᠢᠬᠰᠠᠨ ᠲᠠᠯᠠᠪᠠᠶ 200 ᠭᠠᠷᠤᠢ ᠲᠦᠮᠡᠨ ᠮᠦ᠍᠎ᠳᠦ ᠬᠦᠷᠴᠦ᠍᠂ ᠶᠡᠷᠦᠩᠬᠡᠶ ᠭᠠᠷᠤᠯᠲᠠ ᠨᠢ 300 ᠲᠦᠮᠡᠨ ᠲᠣᠨ᠎ᠳᠤ ᠬᠦᠷᠴᠦ᠍᠂ ᠬᠣᠸ᠋ᠷ ᠥᠬᠡᠢᠳᠡᠭᠦᠯᠦᠨ ᠲᠠᠷᠢᠭᠰᠠᠨ ᠲᠥᠮᠥᠰᠥ᠎ᠶ᠋ᠢᠨ ᠪᠦᠷᠬᠦᠴᠡ᠎ᠶ᠋ᠢᠨ ᠨᠣᠷᠮ᠎ᠠ ᠨᠢ100% ᠎ᠳ᠋ᠤ ᠬᠥᠷᠴᠠᠢ; ᠪᠥᠬᠥ᠌ ᠬᠣᠲᠠ᠎ᠶ᠋ᠢᠨ ᠱᠢᠨ᠎ᠡ ᠰᠣᠷᠭᠣᠭ ᠲᠥᠮᠥᠰᠥ᠎ᠶ᠋ᠢ ᠤᠯᠠᠷᠢᠭᠤᠯᠤᠨ ᠬᠤᠪᠢᠷᠠᠭᠤᠯᠬᠤ ᠵᠢᠯ᠎ᠤᠨ ᠴᠢᠳᠠᠪᠬᠢ 200 ᠲᠦᠮᠡᠨ ᠲᠣᠨ᠎ᠳᠤ ᠬᠦᠷᠴᠦ᠂ 20 ᠲᠦᠮᠡᠨ ᠲᠣᠨ ᠱᠢᠬᠠᠮ ᠦᠶ᠋ᠯᠡᠳᠬᠦᠨ ᠦᠶ᠋ᠯᠡᠳᠪᠦᠷᠢᠯᠡᠨ᠂ ᠪᠥᠬᠥ᠌ ᠵᠢᠯ᠎ᠦᠨ ᠲᠠᠷᠢᠶᠠᠯᠠᠩ ᠮᠠᠯ ᠠᠵᠤ ᠠᠬᠤᠶ᠎ᠶ᠋ᠢᠨ ᠡᠳ᠋ᠰᠢᠭᠦᠯᠬᠦ ᠦᠶ᠋ᠯᠡᠰ᠎ᠦᠨ ᠦᠶ᠋ᠯᠡᠳᠬᠦᠨ᠎ᠦ ᠥᠷᠲᠡᠭ 33 ᠳ᠋ᠦᠩᠱᠢᠭᠤᠷ ᠲᠥᠭᠥᠷᠢᠭ᠎ᠢ ᠳᠠᠪᠠᠵᠤ᠂ ᠦᠶ᠋ᠯᠡᠳᠬᠦᠨ᠎ᠢᠶᠡᠨ ᠭᠣᠸ᠋ᠯᠳᠠᠭᠤ ᠱᠠᠨ ᠰᠢ᠂ ᠱᠠᠨᠰᠢ᠂ ᠴᠦᠩᠴᠢᠩ᠂ ᠰᠧᠴᠤᠸᠠᠨ ᠵᠡᠷᠭᠡ ᠭᠠᠵᠠᠷ᠎ᠲᠤ ᠪᠤᠷᠤᠯᠠᠭᠤᠯᠵᠠᠢ᠃ 2022 ᠤᠨ᠎ᠳᠤ᠂ 《ᠤᠯᠠᠭᠠᠨᠴᠠᠪ᠎ᠤᠨ ᠲᠥᠮᠥᠰᠥ᠍》 ᠪᠥᠬᠥ᠌ ᠤᠯᠤᠰ᠎ᠤᠨ ᠲᠠᠷᠢᠶᠠᠯᠠᠩ᠎ᠤᠨ ᠨᠠᠷᠠᠲᠤ ᠲᠥᠷᠥᠯ ᠲᠡᠮᠳᠡᠭ᠌ᠲᠦ᠍᠎ᠶ᠋ᠢᠨ ᠰᠣᠳᠣᠨ ᠪᠦᠲᠦᠭᠡᠭ᠌ᠳᠡᠬᠦᠨ᠎ᠢ ᠪᠣᠢᠵᠢᠭᠤᠯᠬᠤ ᠲᠥᠯᠥᠪᠯᠡᠭᠡ᠎ᠳᠦ ᠣᠷᠣᠵᠠᠢ᠃

《ᠴᠡᠪᠡᠷ ᠨᠣᠭᠣᠭ᠎ᠠ᠎ᠶ᠋ᠢ ᠪᠡᠭᠡᠵᠢᠩ᠎ᠳᠦ ᠬᠦᠷᠭᠡᠬᠦ》 ᠠᠵᠢᠯᠯᠠᠭ᠎ᠠ᠎ᠳᠤ ᠱᠢᠨ᠎ᠡ ᠰᠣᠷᠭᠣᠭ ᠨᠣᠭᠣᠭ᠎ᠠ᠎ᠶ᠋ᠢ ᠴᠡᠪᠡᠷ ᠨᠣᠭᠣᠭ᠎ᠠ ᠪᠣᠯᠭᠠᠨ ᠬᠤᠪᠢᠷᠠᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠢ ᠢᠳᠡᠱᠢᠨ ᠨᠣᠭᠣᠭ᠎ᠠ᠎ᠶ᠋ᠢᠨ ᠪᠦᠲᠦᠭᠡᠭ᠌ᠳᠡᠬᠦᠨ ᠪᠣᠯᠭᠠᠨ ᠬᠤᠪᠢᠷᠠᠭᠤᠯᠵᠤ᠂ ᠲᠠᠯ᠎ᠠ ᠨᠤᠲᠤᠭ᠎ᠤᠨ ᠪᠣᠬᠢᠷᠲᠤᠯ ᠥᠬᠡᠶ ᠣᠷᠭᠠᠨᠢᠭ ᠢᠳᠡᠭᠡᠨ᠎ᠦ ᠮᠠᠲ᠋ᠧᠷᠢᠶᠠᠯ᠎ᠢ ᠨᠡᠢᠰᠯᠡᠯ᠎ᠦᠨ ᠠᠷᠠᠳ ᠲᠦᠮᠡᠨ᠎ᠦ ᠬᠣᠭᠣᠯᠠᠨ ᠱᠢᠷᠡᠭᠡᠨ᠎ᠦ ᠲᠡᠷᠢᠭᠦᠨ ᠰᠣᠩᠭᠣᠯᠲᠠ ᠪᠤᠯᠭᠠᠪᠠ᠃ 2022 ᠣᠨ᠎ᠳᠤ᠂ ᠪᠥᠬᠥ᠌ ᠬᠣᠲᠠ᠎ᠶ᠋ᠢᠨ ᠢᠳᠡᠱᠢᠨ ᠨᠣᠭᠣᠭ᠎ᠠ ᠳᠠᠷᠢᠬᠰᠠᠨ ᠲᠠᠯᠠᠪᠠᠶ 80 ᠲᠦᠮᠡᠨ ᠮᠸ᠋᠎ᠳᠦ ᠬᠦᠷᠴᠦ᠍᠂ ᠶᠡᠷᠦᠩᠬᠡᠢ ᠤᠨᠠᠯᠳᠠ ᠵᠢᠨ ᠬᠡᠮᠵᠢᠶ᠎ᠡ 230 ᠭᠠᠷᠤᠶ ᠲᠦᠮᠡᠨ ᠲᠣᠨ᠎ᠳᠤ ᠬᠦᠷᠴᠦ᠍᠂ ᠡᠯ᠎ᠡ ᠲᠥᠷᠥᠯ᠎ᠦᠨ ᠢᠳᠡᠱᠢᠨ ᠨᠣᠭᠣᠭ᠎ᠠ ᠪᠠᠨ ᠭᠣᠸ᠋ᠯᠳᠠᠭᠤ ᠪᠡᠭᠡᠵᠢᠩ᠂ ᠱᠠᠩᠬᠠᠶ᠂ ᠦᠬᠠᠨ ᠵᠡᠷᠭᠡ 20 ᠭᠠᠷᠤᠶ ᠲᠣᠮᠣ ᠳᠤᠮᠳᠠ ᠬᠣᠲᠠ᠎ᠳᠤ ᠪᠣᠷᠣᠯᠠᠭᠤᠯᠵᠤ᠂ ᠬᠡᠰᠡᠭ ᠪᠦᠲᠦᠭᠡᠭ᠌ᠳᠡᠬᠦᠨ᠎ᠢᠶᠡᠨ ᠪᠠᠰᠠ ᠺᠣᠷᠢᠶᠠ᠂ ᠶᠠᠫᠣᠨ᠂ ᠮᠣᠩᠭᠣᠯ ᠤᠯᠤᠰ᠂ ᠣᠷᠣᠰ ᠵᠢᠴᠢ ᠵᠡᠭᠦᠨ ᠡᠮᠦᠨᠡᠲᠦ ᠠᠽᠢᠶ᠎ᠠ ᠵᠡᠷᠭᠡ ᠤᠯᠤᠰ ᠪᠠ ᠭᠠᠵᠠᠷ ᠣᠷᠣᠨ᠎ᠳᠤ ᠭᠠᠷᠭᠠᠵᠠᠢ᠃

《ᠮᠢᠬᠠᠨ᠎ᠤ ᠦᠬᠡᠷ᠎ᠦᠨ ᠰᠦᠷᠦᠭ᠎ᠢ ᠥᠷᠭᠡᠳᠭᠡᠨ ᠳᠠᠬᠢᠨ᠎ᠢᠶᠠᠷ ᠨᠡᠮᠡᠭ᠌ᠳᠡᠭᠦᠯᠬᠦ》 ᠠᠵᠢᠯᠯᠠᠭ᠎ᠠ᠎ᠳᠤ᠂ ᠡᠷᠦᠬᠡ ᠲᠡᠵᠢᠭᠡᠨ ᠦᠷᠡᠵᠢᠬᠦᠯᠵᠦ᠂ ᠮᠠᠯᠵᠢᠯ᠎ᠤᠨ ᠲᠠᠯᠠᠪᠠᠶ ᠪᠤᠷᠳᠤᠬᠤ᠂ ᠠᠵᠤ ᠠᠬᠤᠢᠯᠠᠯ ᠡᠳ᠋ᠱᠢᠭᠦᠯᠬᠦ᠌᠎ᠶ᠋ᠢ ᠪᠠᠷᠢᠮᠲᠠᠯᠠᠵᠤ᠂ 2023 ᠣᠨ᠎ᠳᠤ ᠰᠠᠢᠨ ᠡᠭᠦᠯᠳᠡᠷ᠎ᠤᠨ ᠮᠢᠬᠠᠨ᠎ᠤ ᠦᠭᠡᠷ᠎ᠢ 10 ᠲᠦᠮᠡ ᠭᠠᠷᠤᠢ ᠱᠢᠨ᠎ᠡ᠎ᠪᠡᠷ ᠨᠡᠮᠡᠭ᠌ᠳᠡᠭᠦᠯᠵᠦ᠍᠂ ᠠᠩᠬᠢᠰ ᠦᠭᠡᠷ ᠵᠢᠡᠷ ᠭᠣᠸ᠋ᠯ ᠪᠣᠯᠭᠠᠭ᠍ᠰᠠᠨ ᠳᠡᠭᠡᠳᠦ ᠲᠠᠰ᠎ᠤᠨ ᠮᠢᠬᠠᠨ᠎ᠤ ᠦᠬᠡᠷ ᠲᠡᠵᠢᠭᠡᠨ ᠦᠷᠡᠵᠢᠭᠦᠯᠬᠦ᠌ ᠰᠠᠭᠤᠷᠢᠨ᠎ᠢ ᠪᠥᠬᠥ᠌ ᠬᠦᠴᠦᠨ᠎ᠢᠶᠡᠷ᠎ᠪᠥᠲᠥᠭᠡᠨ ᠪᠠᠢᠭᠤᠯᠵᠤ᠂ ᠴᠢᠨᠠᠷ ᠰᠠᠢᠲᠠᠶ《ᠬᠠᠷ᠎ᠠ ᠮᠢᠬ᠎ᠠ ᠦᠭᠡᠬᠦ ᠠᠯᠠᠭᠯᠠᠭᠰᠠᠨ ᠦᠭᠡᠷ᠎ᠦᠨ ᠮᠢᠬ᠎ᠠ》 ᠡᠳ᠋ᠰᠢᠬᠦᠯᠬᠦ ᠦᠶ᠋ᠯᠡᠳᠪᠦᠷᠢ ᠪᠠᠢᠭᠤᠯᠪᠠ᠃ ᠣᠳᠣᠬᠠᠨ᠎ᠳᠤ᠂ ᠵᠢᠩ ᠰᠢ ᠲᠠᠷᠢᠶᠠᠯᠠᠩ ᠮᠠᠯ ᠠᠵᠤ ᠠᠬᠤᠶ᠎ᠶ᠋ᠢᠨ ᠬᠢᠵᠠᠭᠠᠷᠲᠤ ᠺᠣᠮᠫᠠᠨᠢ ᠨᠢᠭᠡᠳᠦᠭᠡᠷ ᠬᠤᠭᠤᠴᠠᠭᠠᠨ᠎ᠤ ᠠᠵᠢᠯ᠎ᠢᠶᠡᠨ ᠨᠢᠭᠡᠨᠲᠡ ᠡᠬᠢᠯᠡᠭᠦᠯᠵᠦ᠍᠂ ᠰᠠᠭᠤᠷᠢ ᠲᠥᠬᠥᠭᠡᠷᠦᠮᠵᠢ᠎ᠶ᠋ᠢᠨ ᠪᠠᠯᠠ ᠣᠷᠣᠭᠤᠯᠤᠯᠲᠠ1.5 ᠳ᠋ᠦᠩᠱᠢᠭᠤᠷ ᠲᠥᠭᠥᠷᠢᠭ᠎ᠲᠦ ᠬᠦᠷᠴᠦ᠍᠂ ᠣᠲᠣ ᠶᠠᠭ ᠮᠢᠬᠠᠠ᠎ᠤ ᠦᠬᠡᠷ ᠲᠡᠵᠢᠭᠡᠨ ᠦᠷᠡᠵᠢᠬᠦᠯᠬᠦ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢᠨ᠂ ᠮᠢᠬᠠᠨ᠎ᠤ ᠦᠬᠡᠷ ᠪᠣᠷᠳᠣᠵᠤ ᠲᠡᠵᠢᠭᠡᠨ ᠦᠷᠡᠵᠢᠭᠦᠯᠬᠦ᠌ ᠰᠠᠭᠤᠷᠢᠨ ᠪᠤᠯᠤᠨ ᠬᠦᠶ᠋ᠲᠡᠨ ᠬᠡᠯᠬᠢᠶᠡᠲᠦ ᠠᠯᠠᠵᠤ ᠨᠢᠲᠤᠯᠵᠤ ᠡᠳ᠋ᠰᠢᠬᠦᠯᠬᠦ ᠦᠶ᠋ᠯᠡᠳᠪᠦᠷᠢ᠎ᠶ᠋ᠢ ᠪᠠᠢᠭᠤᠯᠵᠤ ᠪᠤᠢ᠃

《ᠮᠢᠬᠠᠨ᠎ᠤ ᠬᠣᠨᠢ᠎ᠶ᠋ᠢ ᠡᠭᠦᠯᠳᠡᠷ ᠰᠠᠢᠵᠢᠷᠠᠭᠤᠯᠤᠨ ᠶᠠᠰᠤ ᠴᠢᠨᠠᠷ᠎ᠢ ᠲᠡᠰ ᠲᠡᠪᠰᠢᠭᠦᠯᠬᠦ》ᠠᠵᠢᠯᠯᠠᠭ᠎ᠠ᠎ᠳᠤ᠂ ᠡᠭᠦᠯᠳᠡᠷ ᠰᠠᠢᠵᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠰᠢᠨ᠎ᠡ ᠡᠭᠦᠯᠳᠡᠷ᠎ᠰᠤᠯᠢᠬᠤ ᠵᠢ ᠪᠠᠷᠢᠮᠲᠠᠯᠠᠨ᠂ ᠦᠪᠡᠷ ᠎ᠤᠨ ᠵᠢᠡᠨ ᠦᠷᠡᠵᠢᠬᠦᠯᠵᠦ ᠪᠤᠢᠵᠢᠭᠤᠯᠤᠭᠰᠠᠨ ᠮᠡᠳᠡᠯᠭᠡ ᠵᠢᠨ ᠦᠮᠴᠢᠯᠡᠯ᠎ᠤᠨ ᠡᠷᠭᠡ ᠲᠠᠢ 《ᠳ᠋ᠦ᠋ ᠮᠸᠩ ᠬᠣᠨᠢ》 ᠎ᠶ᠋ᠢᠨ ᠱᠢᠨ᠎ᠡ ᠡᠭᠦᠯᠳᠡᠷ᠎ᠢ ᠢᠳᠡᠪᠬᠢᠲᠡᠶ ᠲᠦᠭᠡᠮᠡᠯᠵᠢᠬᠦᠯᠵᠦ᠂ ᠵᠠᠭᠤᠨ ᠲᠦᠮᠡᠨ ᠰᠠᠢᠨ ᠡᠭᠦᠯᠳᠡᠷ᠎ᠤᠨ ᠳ᠋ᠦ᠋ ᠮᠸᠩ ᠮᠢᠬᠠᠨ᠎ᠤ ᠬᠣᠨᠢ ᠦᠷᠡᠵᠢᠭᠦᠯᠦᠨ ᠪᠣᠢᠵᠢᠭᠤᠯᠬᠤ ᠰᠠᠭᠤᠷᠢᠨ᠎ᠢ ᠪᠥᠲᠥᠭᠡᠨ ᠪᠠᠢᠭᠤᠯᠪᠠ᠃ ᠣᠳᠣᠬᠠᠨ᠎ᠳᠤ᠂ ᠳᠥᠷᠪᠡᠳ ᠬᠣᠱᠢᠭᠤᠨ᠎ᠤ ᠤᠯᠤᠰ᠎ᠤᠨ ᠲᠠᠰ᠎ᠤᠨ ᠭᠤᠤᠯᠳᠠᠯᠭ᠎ᠠ ᠲᠠᠢ ᠮᠢᠬᠠᠨ᠎ᠤ ᠬᠣᠨᠢᠨ᠎ᠤ ᠡᠭᠦᠯᠳᠡᠷ ᠪᠣᠢᠵᠢᠭᠤᠯᠬᠤ ᠲᠠᠯᠠᠪᠠᠶ᠎ᠶ᠋ᠢ ᠨᠢᠭᠡᠨᠳᠡ ᠪᠠᠢᠭᠤᠯᠵᠤ᠂ 8 ᠮᠢᠬᠠᠨ᠎ᠤ ᠬᠣᠨᠢᠨ᠎ᠤ ᠡᠭᠦᠯᠳᠡᠷ᠎ᠦᠨ ᠭᠣᠸ᠋ᠯᠳᠠᠯᠭᠠᠳᠤ ᠰᠦᠷᠦᠭ᠎ᠢ ᠪᠠᠢᠭᠤᠯᠵᠦ᠂ 《ᠳ᠋ᠦ᠋ ᠮᠸᠩ ᠮᠢᠬᠠᠨ᠎ᠤ ᠬᠣᠨᠢ》 ᠶ᠋ᠢᠨ ᠦᠶ᠋ᠯᠡᠳᠪᠦᠷᠢᠯᠡᠯ᠎ᠦᠨ ᠰᠠᠭᠤᠷᠢᠨ ᠪᠤᠯᠤᠨ 《ᠤᠯᠠᠨ ᠬᠤᠷᠠᠭᠠᠯᠠᠬᠤ ᠬᠤᠨᠢ ᠵᠢ ᠬᠠᠱᠢᠶᠠᠯᠠᠨ ᠲᠡᠵᠢᠭᠡᠬᠦ᠌》ᠠᠵᠤ ᠦᠶ᠋ᠯᠡᠰ᠎ᠦᠨ ᠲᠣᠭᠣᠷᠢᠭ᠎ᠭᠠᠷᠭᠠᠵᠦ᠂ 623.2 ᠲᠦᠮᠡᠨ ᠮᠢᠬᠠᠨ᠎ᠤ ᠬᠣᠨᠢ᠎ᠲᠡᠵᠢᠭᠡᠵᠦ᠍᠂ ᠡᠭᠦᠯᠳᠡᠷ ᠰᠠᠢᠵᠢᠷᠠᠭᠤᠯᠤᠭ᠍ᠰᠠᠨ ᠨᠣᠷᠮ᠎ᠠ 100% ᠎ᠳ᠋ᠤ ᠬᠥᠷᠴᠠᠢ᠃

《ᠨᠣᠬᠠᠶ᠎ᠶ᠋ᠢᠨ ᠬᠣᠱᠢᠭᠤ᠎ᠶ᠋ᠢᠨ ᠠᠵᠤ ᠦᠶ᠋ᠯᠡᠰ᠎ᠢ ᠲᠡᠰ ᠲᠡᠪᠰᠢᠬᠦᠯᠬᠦ》 ᠠᠵᠢᠯᠯᠠᠭ᠎ᠠ᠎ᠳᠤ᠂ ᠣᠷᠭᠠᠨᠢᠭ ᠬᠠᠭᠤᠷᠠᠶ᠎ᠪᠠᠷ ᠳᠠᠷᠢᠬᠤ᠎ᠶ᠋ᠢ ᠳᠡᠯᠭᠡᠷᠡᠭᠦᠯᠵᠦ᠍᠂ ᠵᠠᠭᠤᠨ ᠲᠦᠮᠡᠨ ᠮᠥ᠍ ᠨᠣᠬᠠᠶ᠎ᠶ᠋ᠢᠨ ᠬᠣᠱᠢᠭᠤ᠎ᠶ᠋ᠢᠨ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠵᠤ᠂ ᠴᠢᠨᠠᠷ ᠰᠠᠢᠲᠠᠶ ᠨᠣᠬᠠᠶ᠎ᠶ᠋ᠢᠨ ᠬᠣᠱᠢᠭᠤ᠎ᠶ᠋ᠢᠨ ᠱᠢᠷᠢᠰ ᠪᠦᠲᠦᠭᠡᠭᠳᠡᠬᠦᠨ᠎ᠢ ᠭᠦᠨᠵᠡᠭᠡᠶ ᠨᠡᠭᠡᠭᠡᠨ ᠬᠥᠭ᠌ᠵᠢᠭᠦᠯᠵᠦ᠍᠂ ᠡᠷᠡᠭᠦᠯ ᠴᠢᠬᠢᠷᠠᠭ ᠰᠢᠨ᠎ᠡ ᠮᠠᠶᠢᠭ᠎ᠤᠨ《ᠰᠢᠵᠢᠷ ᠠᠯᠳᠠᠨ ᠪᠦᠳᠦᠭᠦᠯᠢᠭ ᠠᠮᠤ》 ᠵᠢ ᠡᠳ᠋ᠰᠢᠬᠦᠯᠪᠡ᠃ 2022 ᠣᠨ᠎ᠳᠤ᠂ ᠪᠥᠬᠥ᠌ ᠬᠣᠲᠠ᠎ᠶ᠋ᠢᠨ ᠨᠣᠬᠠᠶ᠎ᠶ᠋ᠢᠨ ᠬᠣᠱᠢᠭᠤ ᠳᠠᠷᠢᠬᠰᠠᠨ ᠲᠠᠯᠠᠪᠠᠶ 120 ᠲᠦᠮᠡᠨ ᠮᠸ᠋᠎ᠳᠦ ᠬᠦᠷᠴᠦ᠍᠂ 5.8ᠲᠦᠮᠡᠨ ᠲᠣᠨ ᠬᠤᠷᠢᠶᠠᠵᠦ᠂ ᠲᠠᠷᠢᠬᠰᠠᠨ ᠲᠠᠯᠠᠪᠠᠶ ᠪᠠ ᠤᠨᠠᠯᠳᠠ ᠨᠢ ᠪᠥᠬᠥ᠌ ᠤᠯᠤᠰ᠎ᠤᠨ ᠭᠠᠵᠠᠷ ᠣᠷᠣᠨ᠎ᠤ ᠲᠠᠰ᠎ᠤᠨ ᠬᠣᠲᠠ᠎ᠶ᠋ᠢᠨ ᠲᠡᠷᠢᠭᠦᠨ᠎ᠳᠦ ᠣᠷᠣᠵᠠᠢ; ᠮᠤᠨᠢ ᠠᠭᠤᠯᠠ ᠵᠢᠨ ᠰᠢᠯᠢᠳᠡᠭ ᠨᠤᠬᠠᠢ ᠵᠢᠨ ᠬᠤᠰᠢᠭᠤ᠂ ᠱ᠌ᠢ ᠵᠢᠢ ᠠᠮᠤ ᠪᠤᠳᠠᠭᠠᠨ᠎ᠤ ᠬᠤᠳᠠᠯᠳᠤᠭ᠎ᠠ ᠵᠡᠷᠭᠡ ᠡᠳ᠋ᠱᠢᠭᠦᠯᠦᠨ ᠪᠣᠯᠪᠠᠰᠤᠷᠠᠭᠤᠯᠬᠤ ᠳᠠᠭᠠᠭᠤᠯᠤᠬᠴᠢ ᠠᠵᠤ ᠠᠬᠤᠢᠯᠠᠯ᠎ᠢ 10 ᠭᠠᠷᠤᠶ ᠪᠤᠢᠵᠢᠭᠤᠯᠤᠨ ᠬᠥᠭ᠌ᠵᠢᠭᠦᠯᠵᠦ᠍᠂ ᠨᠣᠬᠠᠶ᠎ᠶ᠋ᠢᠨ ᠬᠣᠱᠢᠭᠤ ᠡᠳ᠋ᠱᠢᠭᠦᠯᠦᠨ ᠪᠣᠯᠪᠠᠰᠤᠷᠠᠭᠤᠯᠬᠤ ᠴᠢᠳᠠᠪᠤᠷᠢ17 ᠲᠦᠮᠡᠨ ᠲᠣᠨ᠎ᠳᠤ ᠬᠦᠷᠴᠦ᠂ ᠤᠯᠠᠮᠵᠢᠯᠠᠯᠲᠤ ᠶᠤᠤᠮᠠᠢ ᠵᠢᠨ ᠭᠤᠯᠢᠷ ᠪᠦᠲᠦᠭᠡᠭ᠌ᠳᠡᠬᠦᠨ ᠡᠳ᠋ᠱᠢᠭᠦᠯᠦᠨ ᠪᠣᠯᠪᠠᠰᠤᠷᠠᠭᠤᠯᠬᠤ᠎ᠵᠢ ᠨᠣᠬᠠᠶ᠎ᠶ᠋ᠢᠨ ᠬᠣᠱᠢᠭᠤ ᠵᠢᠨ ᠠᠮᠤ᠂ ᠨᠣᠬᠠᠶ᠎ᠶ᠋ᠢᠨ ᠬᠣᠱᠢᠭᠤ᠎ᠶ᠋ᠢᠨ ᠭᠡᠷᠴᠢᠮᠡᠯ ᠵᠡᠷᠭᠡ ᠱᠢᠷᠢᠰ ᠪᠦᠲᠦᠭᠡᠭ᠌ᠳᠡᠬᠦᠨ ᠪᠣᠯᠭᠠᠨ ᠲᠠᠰ ᠳᠡᠪᠱᠢᠭᠦᠯᠵᠦ᠍᠂ ᠤᠮᠠᠷᠠᠲᠤ ᠣᠷᠣᠨ᠎ᠤ ᠨᠣᠬᠠᠶ᠎ᠶ᠋ᠢᠨ ᠬᠣᠱᠢᠭᠤ᠎ᠶ᠋ᠢᠨ ᠪᠦᠳᠦᠭᠦᠯᠢᠭ ᠠᠮᠤ ᠡᠳ᠋ᠱᠢᠭᠦᠯᠦᠨ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠭᠠᠵᠠᠢ᠃

ᠨᠠᠷᠠᠲᠤ ᠲᠡᠮᠳᠡᠭ᠎ᠢᠶᠡᠷ ᠴᠢᠨᠠᠷ ᠰᠠᠢᠲᠠᠶ ᠲᠠᠷᠢᠶᠠᠯᠠᠩ᠎ᠤᠨ ᠣᠨᠴᠠ ᠭᠠᠷᠤᠯᠲᠠ᠎ᠶ᠋ᠢᠨ ᠦᠶ᠋ᠯᠡᠳᠪᠦᠷᠢᠯᠡᠯ ᠪᠣᠷᠣᠯᠠᠭᠤᠯᠭ᠎ᠠ᠎ᠶ᠋ᠢ ᠰᠠᠢᠵᠢᠷᠠᠭᠤᠯᠬᠤ ᠵᠢ ᠬᠥᠲᠥᠯᠦᠨ ᠳᠠᠭᠠᠭᠤᠯᠪᠡ

ᠤᠯᠠᠭᠠᠨᠴᠠᠪ ᠬᠣᠲᠠ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠪᠠᠷ ᠠᠴᠢᠶᠠᠯᠠᠪᠤᠷᠢ ᠪᠣᠯᠭᠠᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ᠎ᠶᠢᠨ ᠬᠡᠷᠡᠭ᠌ᠯᠡᠭᠡ᠎ᠪᠡᠷ ᠶᠠᠳᠠᠭᠤ᠎ᠶ᠋ᠢ ᠲᠡᠳᠬᠦᠬᠦ᠌ ᠡᠷᠴᠢᠮ᠎ᠢᠶᠡᠨ ᠴᠢᠩᠭᠠᠷᠠᠭᠤᠯᠪᠡ᠃ 2022 ᠣᠨ᠎ᠳᠤ᠂ ᠪᠡᠭᠡᠵᠢᠩ ᠎ᠳᠡᠬᠢ ᠤᠯᠠᠭᠠᠨᠴᠠᠪ᠎ᠤᠨ ᠲᠠᠷᠢᠶᠠᠯᠠᠩ᠎ᠤᠨ ᠣᠨᠴᠠ ᠭᠠᠷᠤᠯᠲᠠ᠎ᠶ᠋ᠢᠨ ᠤᠶᠤᠨᠲᠤ ᠲᠤᠰᠭᠠᠶ ᠬᠤᠳᠠᠯᠳᠤᠭᠠᠨ᠎ᠤ ᠲᠡᠯᠭᠡᠭᠦᠷ ᠭᠠᠷᠭᠠᠬᠤ᠎ᠪᠠᠷ ᠳᠠᠮᠵᠢᠭᠤᠯᠵᠦ᠂ ᠰᠦᠯᠵᠢᠶᠡᠨ ᠳᠡᠭᠡᠷ᠎ᠡ ᠭᠠᠷᠭᠠᠭᠰᠠᠨ 《e ᠬᠠᠶ ᠶᠦᠨ》 SaaS ᠵᠢᠵᠢᠭ ᠫᠷᠤᠭ᠌ᠷᠠᠮ᠎ᠢᠶᠠᠷ ᠠᠴᠢᠶᠠᠯᠠᠪᠤᠷᠢ ᠪᠣᠯᠭᠠᠨ ᠬᠡᠷᠡᠭ᠌ᠯᠡᠭᠡᠨ᠎ᠦ ᠬᠠᠪᠰᠤᠷᠤᠨ ᠲᠡᠳᠬᠦᠬᠦ᠌ ᠲᠥᠷᠥᠯ ᠵᠦᠶ᠋ᠯ᠎ᠢ ᠠᠬᠢᠭᠤᠯᠵᠠᠢ᠃ ᠡᠭᠦᠨ᠎ᠦ ᠬᠠᠮᠳᠤ᠂ ᠲᠣᠰ ᠬᠣᠲᠠ᠎ᠡᠯᠧᠺᠲ᠋ᠷᠣᠨ ᠬᠤᠳᠠᠯᠳᠤᠭᠠᠨ᠎ᠤ ᠲᠠᠪᠴᠠᠩ᠎ᠢ ᠲᠡᠳᠬᠦᠨ ᠬᠥᠭ᠌ᠵᠢᠭᠦᠯᠵᠦ᠍᠂ ᠨᠢᠳᠤᠨᠤᠨ᠎ᠤ 1— 12 ᠰᠠᠷ᠎ᠠ᠎ᠳᠤ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠠᠷᠠᠯᠵᠢᠶᠠᠨ᠎ᠤ ᠦᠷᠳᠡᠭ 113.83 ᠳ᠋ᠦᠩᠱᠢᠭᠤᠷ ᠲᠥᠭᠥᠷᠢᠭ᠎ᠲᠦ ᠬᠦᠷᠴᠡᠶ᠃ ᠡᠨᠡ ᠵᠢᠯ᠎ᠦᠨ 1 ᠳ᠋ᠤᠭᠡᠷ ᠰᠠᠷ᠎ᠠ᠎ᠳᠤ᠂ ᠪᠥᠬᠥ᠌ ᠬᠣᠲᠠ᠎ᠶ᠋ᠢᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠠᠷᠠᠯᠵᠢᠶᠠᠨ᠎ᠤ ᠦᠷᠳᠡᠭ 11.31 ᠳ᠋ᠦᠩᠱᠢᠭᠤᠷ ᠲᠥᠭᠥᠷᠢᠭ᠎ᠲᠦ ᠬᠦᠷᠴᠦ᠍᠂ ᠰᠦᠯᠵᠢᠶ᠎ᠡ᠎ᠪᠡᠷ ᠵᠢᠵᠢᠭ᠌ᠯᠡᠨ ᠬᠤᠳᠠᠯᠳᠤᠭ᠍ᠰᠠᠨ ᠦᠷᠳᠡᠭ 1.6 ᠳ᠋ᠦᠩᠱᠢᠭᠤᠷ ᠲᠥᠭᠥᠷᠢᠭ᠎ᠲᠦ ᠬᠦᠷᠴᠦ᠍᠂ ᠬᠥᠳᠡᠭᠡ ᠲᠣᠰᠭᠣᠨ᠎ᠤ ᠡᠯᠧᠺᠲ᠋ᠷᠣᠨ ᠬᠤᠳᠠᠯᠳᠤᠭᠠᠨ᠎ᠤ ᠰᠦᠯᠵᠢᠶ᠎ᠡ᠎ᠪᠡᠷ ᠵᠢᠵᠢᠭ᠌ᠯᠡᠨ ᠬᠤᠳᠠᠯᠳᠤᠭ᠍ᠰᠠᠨ ᠦᠷᠳᠡᠭ 0.78 ᠳ᠋ᠦᠩᠱᠢᠭᠤᠷ ᠲᠥᠭᠥᠷᠢᠭ᠎ᠲᠦ ᠬᠦᠷᠴᠡᠶ᠃

6 ᠠᠵᠤ ᠦᠶ᠋ᠯᠡᠰ᠎ᠦᠨ ᠬᠡᠯᠬᠢᠶ᠎ᠡ᠎ᠶ᠋ᠢ ᠲᠡᠰ ᠲᠡᠪᠰᠢᠬᠦᠯᠬᠦ ᠶ᠋ᠢᠨ ᠬᠠᠮᠳᠤ᠂ ᠲᠣᠰ ᠬᠣᠲᠠ《ᠤᠯᠠᠭᠠᠨᠴᠠᠪ》 ᠤ᠋ᠨ ᠨᠠᠷᠠᠲᠤ ᠲᠡᠮᠳᠡᠭ᠌ᠲᠦ᠍᠎ᠶ᠋ᠢ ᠳᠡᠯᠭᠡᠷᠡᠭᠦᠯᠬᠦ᠌ ᠡᠷᠴᠢᠮ᠎ᠢᠶᠡᠨ ᠴᠢᠩᠭᠠᠷᠠᠭᠤᠯᠵᠠᠢ᠃ 《ᠪᠠᠢᠭᠠᠯᠢᠯᠢᠭ ᠤᠯᠠᠭᠠᠨᠴᠠᠪ 》 (ᠤᠯᠠᠭᠠᠨᠴᠠᠪ᠎ᠤᠨ ᠦᠨᠦᠷ ᠠᠮᠲᠠ) ᠨᠢ ᠨᠢᠭᠡᠨᠳᠡ 32 ᠡᠵᠡᠩᠨᠡᠯᠲᠡ᠎ᠶ᠋ᠢᠨ ᠭᠣᠸ᠋ᠯ ᠴᠣᠭ᠍ᠴᠠ᠎ᠶ᠋ᠢ ᠰᠣᠩᠭᠣᠵᠤ ᠲᠦᠷᠦᠭᠦᠸ᠋ ᠪᠦᠯᠦᠭ᠎ᠦᠨ ᠨᠠᠷᠠᠲᠤ ᠲᠥᠷᠥᠯ ᠲᠡᠮᠳᠡᠭ᠌ᠲᠦ᠍᠎ᠶ᠋ᠢᠨ ᠡᠷᠬᠡ ᠣᠯᠭᠣᠭ᠍ᠰᠠᠨ ᠠᠵᠤ ᠠᠬᠤᠢᠯᠠᠯ ᠪᠣᠯᠭᠠᠵᠠᠢ; ᠪᠡᠭᠡᠵᠢᠩ᠂ ᠬᠥᠬᠡᠬᠣᠲᠠ᠎ᠳᠤ《ᠪᠠᠢᠭᠠᠯᠢᠯᠢᠭ ᠤᠯᠠᠭᠠᠨᠴᠠᠪ》 ᠤ᠋ᠨ ᠨᠠᠷᠠᠲᠤ ᠲᠡᠮᠳᠡᠭ᠌ᠲᠦ᠍᠎ᠶ᠋ᠢᠨ ᠲᠤᠰᠭᠠᠶ ᠳᠡᠯᠭᠡᠭᠦᠷ ᠪᠠᠢᠭᠤᠯᠵᠤ᠂ 《ᠪᠠᠢᠭᠠᠯᠢᠯᠢᠭ ᠤᠯᠠᠭᠠᠨᠴᠠᠪ》 ᠎ᠤ᠋ᠨ ᠨᠠᠷᠠᠲᠤ ᠲᠡᠮᠳᠡᠭ᠌ᠲᠦ᠍᠎ᠶ᠋ᠢᠨ ᠨᠡᠷ᠎ᠡ ᠠᠯᠳᠠᠷ ᠡᠳᠦᠷ ᠢᠷᠡᠬᠦᠶ᠎ᠡ ᠳᠡᠭᠡᠭ᠌ᠰᠢᠯᠡᠵᠠᠢ᠃

ᠯᠠᠨ ᠭᠡ ᠭᠡ ᠰᠦ᠎ᠶᠢᠨ ᠦᠢᠯᠡᠰ᠎ᠦᠨ ᠬᠢᠵᠠᠭᠠᠷᠲᠤ ᠺᠣᠮᠫᠠᠨᠢ᠎ᠶ᠋ᠢᠨ ᠪᠣᠷᠣᠯᠠᠭᠤᠯᠭ᠎ᠠ᠎ᠶ᠋ᠢᠨ ᠳᠠᠭᠠᠭᠠᠮᠠᠯ ᠶᠠᠨ ᠱᠢᠶᠤᠤ ᠮᠢᠩ ᠄ 《ᠪᠢᠳᠡ〈ᠵᠢᠩ ᠳ᠋ᠦᠩ〉 ᠲᠠᠢ ᠬᠠᠮᠳᠤᠷᠠᠨ ᠠᠵᠢᠯᠯᠠᠭᠰᠠᠨ ᠡᠴᠡ ᠰᠦᠯᠵᠢᠶᠡᠨ ᠳᠡᠭᠡᠷᠡᠬᠢ ᠪᠣᠷᠣᠯᠠᠭᠤᠯᠭ᠎ᠠ᠎ᠶ᠋ᠢᠨ ᠦᠷ᠎ᠡ ᠪᠦᠲᠦᠮᠵᠢ ᠮᠠᠰᠢ ᠰᠠᠢ᠌ᠨ ᠪᠤᠯᠵᠦ᠂ ᠡᠳᠦᠷ ᠪᠦᠷᠢ 60 ᠭᠠᠷᠤᠢ ᠬᠦᠢᠳᠡᠨ ᠬᠡᠯᠬᠢᠶᠡᠲᠦ ᠲᠡᠷᠭᠡ ᠶᠠᠪᠤᠭᠤᠯᠵᠦ᠂ ᠦᠢᠯᠡᠳᠬᠦᠨ᠎ᠢᠶᠡᠨ ᠪᠡᠭᠡᠵᠢᠩ᠂ ᠱᠠᠩᠬᠠᠢ᠂ ᠭᠤᠸᠠᠩᠵᠧᠦ᠂ ᠱᠧᠨᠵᠧᠨ᠂ ᠬᠠᠷᠪᠢᠨ᠂ ᠳ᠋ᠠᠯᠢᠶᠠᠨ ᠵᠡᠷᠭᠡ ᠬᠤᠳᠠ᠎ᠳᠤ ᠪᠣᠷᠣᠯᠠᠭᠤᠯᠵᠤ ᠪᠠᠢᠨ᠎ᠠ᠃ ᠣᠳᠣᠬᠠᠨ᠎ᠳᠤ᠂ ᠪᠡᠭᠡᠵᠢᠩ᠎ᠦᠨ ᠵᠠᠬ᠎ᠠ ᠳᠡᠯᠭᠡᠭᠦᠷ᠎ᠲᠦ ᠭᠣᠸ᠋ᠯᠳᠠᠭᠤ ᠲᠤᠰᠬᠠᠢ ᠲᠡᠯᠭᠡᠭᠦᠷ ᠲᠦ᠍ ᠪᠣᠷᠣᠯᠠᠭᠤᠯᠵᠤ ᠪᠠᠢᠨ᠎ᠠ᠂ ᠯᠠᠨ ᠭᠡ ᠭᠡ ᠡᠭᠡᠳᠡᠭ᠌ᠰᠡᠨ ᠰᠦ ᠪᠡᠭᠡᠵᠢᠩ᠎ᠦᠨ ᠬᠡᠷᠡᠭ᠌ᠯᠡᠭ᠌ᠴᠢᠳ᠎ᠦᠨ ᠪᠠᠬᠠᠷᠬᠠᠯ᠎ᠢ ᠶᠡᠬᠡᠳᠡ ᠲᠠᠲᠠᠵᠤ ᠪᠠᠢᠨ᠎ᠠ᠂ ᠭᠡᠪᠡᠴᠦ᠍ ᠲᠡᠭᠦᠨ᠎ᠦ ᠴᠢᠨᠠᠷ᠎ᠢ ᠪᠠᠲᠤᠯᠠᠬᠤ ᠬᠤᠭᠤᠴᠠᠭ᠎ᠠ ᠨᠢ ᠵᠥᠪᠬᠡᠨ 21 ᠡᠳᠦᠷ ᠪᠤᠯᠬᠤᠷ ᠪᠡᠭᠡᠵᠢᠩ᠎ᠦᠨ ᠬᠡᠷᠡᠭ᠌ᠯᠡᠭ᠌ᠴᠢᠳ᠎ᠲᠦ ᠱᠢᠨ᠎ᠡ ᠰᠣᠷᠭᠣᠭ ᠡᠭᠡᠳᠡᠭ᠌ᠰᠡᠨ ᠰᠦ ᠢᠳᠡᠭᠦᠯᠬᠦ᠌᠎ᠶ᠋ᠢᠨ ᠲᠥᠯᠥᠭᠡ᠂ ᠪᠢᠳᠡ ᠳᠤᠮᠳᠠᠴᠢ᠎ᠪᠠᠷ 3 ᠡᠳᠦᠷ᠎ᠲᠦ ᠨᠢᠭᠡ ᠬᠦᠶ᠋ᠲᠡᠨ ᠬᠡᠯᠬᠢᠶᠡᠲᠦ ᠲᠡᠷᠭᠡ ᠶᠠᠪᠤᠭᠤᠯᠵᠤ ᠪᠠᠢᠨ᠎ᠠ》 ᠭᠡᠵᠦ ᠰᠤᠷᠪᠤᠯᠵᠢᠯᠠᠬᠴᠢ᠎ᠳᠤ ᠲᠠᠨᠢᠯᠴᠠᠭᠤᠯᠤᠨ ᠶᠠᠷᠢᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面