ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2022-04-10 19:38:06

ᠵᠣᠬᠢᠶᠠᠭ᠍ᠴᠢ᠄ ​ ᠲᠡᠭᠦᠰᠪᠢᠯᠢᠭ ᠣᠩᠱᠢᠭ᠍ᠰᠠᠨ ᠣᠳᠠᠭ᠎ᠠ᠄ 3

3 ᠰᠠᠷ᠎ᠠ᠎ᠶᠢᠨ ᠳᠤᠮᠳᠠᠴᠢ᠎ᠠᠴᠠ ᠨᠠᠭᠠᠰᠢ᠂ ᠪᠠᠶᠠᠨᠨᠠᠭᠤᠷ ᠬᠣᠲᠠ᠎ᠶᠢᠨ ᠬᠠᠪᠤᠷ᠎ᠤᠨ ᠪᠣᠭᠣᠳᠠᠶ ᠳᠠᠷᠢᠬᠤ ᠠᠵᠢᠯ ᠬᠠᠮᠤᠭ᠎ᠤᠨ ᠶᠠᠭᠠᠷᠠᠯᠳᠠᠢ ᠬᠤᠭᠤᠴᠠᠭᠠᠨ᠎ᠳᠠᠭᠠᠨ ᠣᠷᠣᠵᠤ᠂ ᠲᠠᠷᠢᠶᠠᠴᠢᠳ ᠲᠠᠷᠢᠶᠠᠯᠠᠭ᠎ᠠ ᠵᠢᠨ ᠴᠠᠭ᠎ᠢ ᠵᠠᠪᠳᠤᠨ ᠪᠣᠭᠣᠳᠠᠶ ᠳᠠᠷᠢᠵᠤ᠂ ᠲᠠᠷᠢᠮᠠᠯ ᠤ᠋ᠨ ᠪᠦᠲᠦᠴᠡ᠎ᠳ᠋ᠡᠬᠡᠨ ᠢᠳᠡᠪᠬᠢᠳᠡᠢ ᠲᠣᠬᠢᠷᠠᠭᠤᠯᠤᠯᠲᠠ ᠬᠢᠵᠦ᠂ ᠠᠮᠤ ᠪᠤᠳᠠᠭᠠᠨ᠎ᠤ ᠤᠨᠠᠯᠲᠠ᠎ᠶᠢ ᠲᠣᠭᠲᠠᠪᠤᠷᠢᠵᠢᠭᠤᠯᠵᠤ ᠠᠮᠤ ᠪᠤᠳᠠᠭᠠᠨ᠎ᠤ ᠤᠨᠠᠯᠳᠡ ᠵᠢ ᠪᠠᠲᠤᠯᠠᠬᠤ᠎ᠪᠠᠷ ᠴᠢᠷᠮᠠᠢᠵᠤ ᠪᠤᠢ᠃

ᠯᠢᠨ ᠾᠧ ᠲᠣᠭᠣᠷᠢᠭ᠎ᠤᠨ ᠭᠠᠨᠵᠤᠤᠷ ᠰᠦᠮ᠎ᠡ ᠪᠠᠯᠭᠠᠰᠤᠨ᠎ᠤ ᠬᠤᠸᠠᠩ ᠶᠠᠩ ᠲᠣᠰᠬᠣᠨ᠎ᠤ ᠪᠣᠭᠣᠳᠠᠶ ᠡᠷᠳᠡᠨᠢ ᠰᠢᠰᠢ᠎ᠵᠢ ᠬᠤᠯᠢᠵᠤ ᠲᠠᠷᠢᠬᠤ ᠪᠠᠷᠢᠮᠵᠢᠶᠠᠵᠢᠭᠤᠯᠤᠭᠰᠠᠨ ᠲᠠᠷᠢᠮᠠᠯ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠎ᠲᠤ᠂ ᠲᠣᠰᠬᠣᠨ᠎ᠤ ᠠᠷᠠᠳ ᠲᠠᠷᠢᠶᠠᠯᠠᠩ᠎ᠤᠨ ᠮᠠᠰᠢᠨ᠎ᠢᠶᠡᠨ ᠵᠢᠯᠣᠭᠣᠳᠴᠤ ᠬᠥᠪᠡᠭᠡ ᠨᠢ ᠬᠠᠷᠠᠭᠳᠠᠬᠤ ᠥᠬᠡᠶ ᠲᠠᠷᠢᠶᠠᠨ ᠭᠠᠵᠠᠷ᠎ᠲᠤ ᠪᠣᠭᠣᠳᠠᠶ ᠪᠠᠨ ᠳᠠᠷᠢᠵᠤ ᠶᠠᠭᠠᠷᠠᠯᠳᠤᠨ᠎ᠠ᠃ ᠲᠣᠰᠬᠣᠨ᠎ᠤ ᠠᠷᠠᠳ ᠸᠸᠨ ᠶᠦᠩ ᠵᠢᠶᠦ᠋ᠨ᠄《ᠡᠨᠡ ᠵᠢᠯ ᠪᠢ 108 ᠮᠦ᠍ ᠲᠠᠷᠢᠶᠠᠨ ᠭᠠᠵᠠᠷ᠎ᠲᠠᠭᠠᠨ ᠪᠦᠷ ᠪᠤᠭᠤᠳᠠᠢ ᠲᠠᠷᠢᠬᠤ᠎ᠪᠠᠷ ᠪᠤᠢ᠃ ᠪᠢᠳᠡᠨ᠎ᠦ ᠪᠣᠭᠣᠳᠠᠶ᠎ᠶᠢᠨ ᠡᠭᠦᠯᠳᠡᠷ ᠰᠠᠢᠨ᠂ ᠤᠨᠠᠯᠲᠠ ᠥᠨᠳᠥᠷ᠂ ᠮᠦ᠍ ᠪᠦᠷᠢ ᠳ᠋ᠡᠬᠡᠨ ᠪᠠᠰᠠ 450 ᠲᠥᠭᠥᠷᠢᠭ᠎ᠦᠨ ᠲᠠᠷᠢᠮᠠᠯ᠎ᠤᠨ ᠨᠥᠬᠥᠪᠥᠷᠢ ᠲᠠᠢ᠃ ᠪᠢᠳᠡ ᠵᠢᠩ ᠪᠦᠷᠢ᠎ᠳᠡᠭᠡᠨ1.8 ᠲᠥᠭᠥᠷᠢᠭ᠎ᠦᠨ ᠦᠨ᠎ᠡ᠎ᠪᠡᠷ ᠠᠵᠤ ᠠᠬᠤᠢᠯᠠᠯ᠎ᠲᠠᠶ ᠵᠠᠬᠢᠶᠠᠯᠠᠭ᠎ᠠ ᠲᠣᠭᠲᠠᠵᠤ᠂ ᠵᠢᠱ᠌ᠢᠯᠲᠡ᠎ᠪᠡᠷ ᠪᠣᠭᠣᠳᠠᠶ᠎ᠶᠢᠨ ᠮᠥ᠍ ᠲᠤᠮᠳᠠᠴᠢ᠎ᠶᠢᠨ ᠴᠡᠪᠡᠷ ᠣᠷᠣᠯᠭ᠎ᠠ 1000 ᠲᠥᠭᠥᠷᠢᠭ᠎ᠢ ᠲᠠᠪᠠᠬᠤ ᠪᠣᠯᠤᠨ᠎ᠠ》 ᠭᠡᠵᠦ ᠶᠠᠷᠢᠨ᠎ᠠ᠃

ᠡᠨᠡ ᠵᠢᠯ᠂ ᠪᠠᠶᠠᠨᠨᠠᠭᠤᠷ ᠬᠣᠲᠠ ᠪᠣᠭᠣᠳᠠᠶ ᠳᠠᠷᠢᠬᠤ ᠲᠠᠯᠠᠪᠠᠶ᠎ᠪᠠᠨ ᠦᠷᠭᠦᠯᠵᠢᠯᠡᠨ ᠨᠡᠮᠡᠭᠳᠡᠭᠦᠯᠵᠦ᠂ 80 ᠲᠦᠮᠡᠨ ᠮᠦ᠍ ᠳ᠋ᠤ ᠬᠦᠷᠭᠡᠬᠦ᠎ᠪᠡᠷ ᠲᠥᠯᠥᠪᠯᠡᠵᠦ᠂ ᠪᠣᠬᠢᠷᠲᠤᠯ ᠥᠬᠡᠶ᠂ ᠣᠷᠭᠠᠨᠢᠭ ᠪᠣᠭᠣᠳᠠᠶ᠎ᠶᠢᠨ ᠦᠢᠯᠡᠳᠪᠦᠷᠢᠯᠡᠯ᠎ᠦᠨ ᠬᠡᠪᠴᠢᠶ᠎ᠡ᠎ᠶᠢ ᠭᠤᠤᠯᠳᠠᠯᠭ᠎ᠠ᠎ᠲᠠᠶ ᠥᠷᠭᠡᠳᠬᠡᠵᠦ᠂ ᠨᠥᠬᠥᠴᠡᠯ᠎ᠲᠡᠶ ᠲᠠᠷᠢᠮᠠᠯ᠎ᠤᠨ ᠡᠷᠦᠬᠡ᠎ᠶᠢᠨ ᠬᠢᠨ᠎ᠤ ᠪᠣᠭᠣᠳᠠᠶ ᠪᠠᠨ ᠬᠤᠷᠢᠶᠠᠬᠰᠠᠨ᠎ᠤ ᠳᠠᠷᠠᠭ᠎ᠠ ᠲᠠᠬᠢᠨ ᠢᠳᠡᠰᠢᠨ ᠨᠤᠭᠤᠭ᠎ᠠ ᠪᠤᠶᠤ ᠲᠡᠵᠢᠭᠡᠯ ᠡᠪᠡᠰᠦ ᠳᠠᠷᠢᠬᠤ᠎ᠶᠢ ᠵᠣᠷᠢᠭᠵᠢᠭᠤᠯᠵᠤ᠂ ᠲᠠᠷᠢᠮᠠᠯ᠎ᠤᠨ ᠦᠷ᠎ᠡ ᠠᠰᠢᠭ᠎ᠢ ᠨᠡᠮᠡᠭᠳᠡᠭᠦᠯᠬᠦ ᠪᠡᠷ ᠪᠤᠢ᠃ ᠪᠠᠶᠠᠨᠨᠠᠭᠤᠷ ᠬᠣᠲᠠ ᠪᠣᠯ ᠤᠯᠤᠰ ᠪᠣᠯᠤᠨ ᠥᠪᠡᠷᠲᠡᠭᠡᠨ ᠵᠠᠰᠠᠬᠤ ᠣᠷᠣᠨ᠎ᠤ ᠠᠮᠤ ᠪᠤᠳᠠᠭ᠎ᠠ ᠲᠣᠰᠣᠨ᠎ᠤ ᠦᠢᠯᠡᠳᠪᠦᠷᠢᠯᠡᠯ᠎ᠦᠨ ᠴᠢᠬᠤᠯᠠ ᠰᠠᠭᠤᠷᠢᠨ ᠪᠠᠢᠵᠦ᠂ ᠡᠨᠡ ᠵᠢᠯ ᠲᠣᠰ ᠬᠣᠲᠠ ᠲᠠᠷᠢᠶᠠᠨ ᠭᠠᠵᠠᠷ᠎ᠤᠨ ᠡᠬᠢ ᠪᠠᠶᠠᠯᠢᠭ ᠵᠢᠡᠨ ᠰᠢᠨᠵᠢᠯᠡᠬᠦ ᠤᠬᠠᠭᠠᠨᠴᠢ᠎ᠪᠠᠷ ᠵᠦᠶ ᠵᠣᠬᠢᠰᠲᠠᠶ ᠠᠰᠢᠭᠯᠠᠵᠤ᠂ ᠲᠠᠷᠢᠶᠠᠨ ᠭᠠᠵᠠᠷ᠎ᠲᠤ 《ᠠᠮᠤ ᠪᠤᠳᠠᠭᠠᠨ᠎ᠤ ᠪᠤᠰᠤ ᠲᠠᠷᠢᠮᠠᠯ ᠲᠠᠷᠢᠬᠤ》᠎ᠵᠢ ᠡᠷᠡᠰ ᠬᠣᠷᠢᠭᠯᠠᠵᠤ᠂ ᠠᠮᠤ ᠪᠤᠳᠠᠭᠠᠨ᠎ᠤ ᠶᠡᠷᠦᠩᠬᠡᠢᠯᠡᠭᠰᠡᠨ ᠦᠢᠯᠡᠳᠪᠦᠷᠢᠯᠡᠯ᠎ᠦᠨ ᠴᠢᠳᠠᠪᠤᠷᠢ᠎ᠶᠢ ᠪᠡᠬᠢᠵᠢᠭᠦᠯᠦᠨ᠂ ᠪᠦᠬᠦ ᠬᠣᠲᠠ᠎ᠶᠢᠨ ᠡᠭᠦᠷᠢᠳᠡ᠎ᠶᠢᠨ ᠦᠨᠳᠦᠰᠦᠨ ᠲᠠᠷᠢᠶᠠᠨ ᠭᠠᠵᠠᠷ᠎ᠢ ᠠᠮᠤ ᠪᠤᠳᠠᠭᠠᠨ᠎ᠤ ᠦᠢᠯᠡᠳᠪᠦᠷᠢᠯᠡᠯ᠎ᠳᠦ ᠭᠤᠤᠯᠳᠠᠯᠭ᠎ᠠ᠎ᠲᠠᠶ ᠬᠡᠷᠡᠭᠯᠡᠵᠦ᠂ ᠠᠮᠤ ᠪᠤᠳᠠᠭ᠎ᠠ ᠵᠢᠨ ᠲᠠᠷᠢᠮᠠᠯ ᠳᠠᠷᠢᠬᠤ ᠲᠠᠯᠠᠪᠠᠶ᠎ᠶᠢ 550 ᠲᠦᠮᠡᠨ ᠮᠥ᠍᠎ᠡᠴᠡ ᠳᠡᠭᠡᠭᠰᠢ᠎ᠳᠦ ᠲᠤᠬᠳᠠᠪᠤᠷᠢᠵᠢᠭᠤᠯᠬᠤ᠎ᠶᠢ ᠪᠠᠲᠤᠯᠠᠵᠤ᠂ ᠠᠮᠤ ᠪᠤᠳᠠᠭᠠᠨ᠎ᠤ ᠤᠨᠠᠯᠲᠠ᠎ᠶᠢ 55 ᠳ᠋ᠦᠩᠰᠢᠭᠤᠷ ᠵᠢᠩ᠎ᠡᠴᠡ ᠳᠡᠭᠡᠭᠰᠢ᠎ᠳᠦ ᠲᠣᠭᠲᠠᠪᠤᠷᠢᠵᠢᠭᠤᠯᠵᠤ᠂ ᠪᠥᠬᠥ ᠬᠣᠲᠠ᠎ᠶᠢᠨ ᠬᠡᠪᠴᠢᠶᠡᠨ᠎ᠳᠦ ᠰᠢᠷ᠎ᠠ ᠪᠤᠷᠴᠠᠭ ᠡᠷᠳᠡᠨᠢ ᠰᠢᠰᠢ᠎ᠵᠢ ᠬᠤᠯᠢᠵᠤ ᠳᠠᠷᠢᠬᠤ ᠮᠡᠷᠭᠡᠵᠢᠯ᠎ᠢ ᠢᠳᠡᠪᠬᠢᠲᠡᠶ ᠳᠡᠯᠭᠡᠷᠡᠭᠦᠯᠵᠦ᠂ ᠳᠡᠯᠭᠡᠷᠡᠭᠦᠯᠦᠭᠰᠡᠨ ᠲᠠᠯᠠᠪᠠᠶ ᠨᠢ 25 ᠲᠦᠮᠡᠨ ᠮᠥ᠍ ᠳ᠋ᠤ ᠬᠦᠷᠦᠭᠰᠡᠨ ᠪᠠᠢᠨ᠎ᠠ᠃

ᠲᠠᠷᠢᠮᠠᠯ᠎ᠤᠨ ᠪᠦᠲᠦᠴᠡ ᠳ᠋ᠡᠬᠡᠨ ᠲᠣᠬᠢᠷᠠᠭᠤᠯᠤᠯᠲᠠ᠎ᠬᠢᠬᠦ ᠲᠠᠯ᠎ᠠ᠎ᠪᠠᠷ᠂ ᠪᠠᠶᠠᠨᠨᠠᠭᠤᠷ ᠬᠣᠲᠠ ᠡᠨᠡ ᠵᠢᠯ ᠠᠮᠤ ᠪᠤᠳᠠᠭ᠎ᠠ᠂ ᠲᠡᠵᠢᠭᠡᠯ ᠡᠪᠡᠰᠦ᠂ ᠬᠢᠲᠠᠳ ᠡᠮ᠎ᠦᠨ ᠮᠠᠲ᠋ᠧᠷᠢᠶᠠᠯ ᠪᠠ ᠲᠦᠬᠦᠭᠡᠷᠦᠮᠵᠢᠲᠦ ᠲᠠᠷᠢᠶᠠᠯᠠᠩ᠎ᠤᠨ ᠲᠠᠯᠠᠪᠠᠶ᠎ᠶᠢ ᠨᠡᠮᠡᠭᠳᠡᠭᠦᠯᠵᠦ᠂ ᠨᠡᠷᠡᠨ ᠬᠤᠸᠠᠷ᠂ ᠡᠳ᠋ᠰᠢᠭᠦᠯᠬᠦ ᠬᠡᠯᠪᠡᠷᠢ᠎ᠶᠢᠨ ᠢᠳᠡᠰᠢᠨ ᠨᠣᠭᠣᠭ᠎ᠠ᠂ ᠬᠠᠷ᠎ᠠ ᠴᠠᠭᠠᠨ ᠬᠡᠮᠬᠡ᠎ᠶᠢᠨ ᠦᠷ᠎ᠡ ᠪᠠ ᠲᠠᠷᠪᠤᠰ᠎ᠤᠨ ᠲᠠᠯᠠᠪᠠᠶ ᠵᠢ ᠲᠤᠬᠳᠠᠪᠤᠷᠢᠵᠢᠭᠤᠯᠬᠤ ᠵᠢ ᠪᠠᠲᠤᠯᠠᠵᠤ᠂ ᠣᠷᠣᠨ ᠨᠤᠲᠤᠭ᠎ᠤᠨ ᠳᠠᠪᠠᠭᠤᠯᠢᠭ ᠣᠨᠴᠠᠯᠢᠭᠲᠤ ᠲᠠᠷᠢᠮᠠᠯ᠎ᠤᠨ ᠲᠠᠩ ᠲᠠᠷᠢᠮᠠᠯ᠎ᠤᠨ ᠬᠡᠪᠴᠢᠶ᠎ᠡ ᠪᠠ ᠦᠷ᠎ᠡ ᠠᠰᠢᠭ᠎ᠢ ᠨᠡᠮᠡᠭᠳᠡᠭᠦᠯᠬᠦ ᠪᠣᠳᠠᠲᠠᠶ ᠰᠠᠨᠠᠯ᠎ᠢ ᠳᠤᠷᠠᠳᠪᠠ᠃ ᠪᠤᠭᠤᠳᠠᠶ ᠲᠠᠷᠢᠬᠤ ᠲᠠᠯᠠᠪᠠᠶ᠎ᠶᠢ 27 ᠲᠦᠮᠡᠨ ᠮᠦ᠍ ᠨᠡᠮᠡᠭᠳᠡᠭᠦᠯᠵᠦ᠂ ᠡᠷᠳᠡᠨᠢ ᠰᠢᠰᠢ ᠲᠠᠷᠢᠬᠤ ᠲᠠᠯᠠᠪᠠᠶ᠎ᠶᠢ 480 ᠲᠦᠮᠡᠨ ᠮᠦ᠍ (25 ᠲᠦᠮᠡᠨ ᠮᠦ᠍ ᠰᠢᠷ᠎ᠠ ᠪᠤᠷᠴᠠᠭ ᠡᠷᠳᠡᠨᠢ ᠰᠢᠰᠢ᠎ᠶᠢ ᠬᠤᠯᠢᠵᠤ ᠲᠠᠷᠢᠬᠤ ᠪᠠᠭᠲᠠᠨ᠎ᠠ) ᠳ᠋ᠤ ᠲᠣᠭᠲᠠᠪᠤᠷᠢᠵᠢᠭᠤᠯᠵᠤ᠂ ᠴᠢᠨᠠᠷ ᠰᠠᠢᠲᠠᠶ ᠲᠡᠵᠢᠭᠡᠯ ᠡᠪᠡᠰᠦ᠎ᠵᠢ 25 ᠲᠦᠮᠡᠨ ᠮᠥ᠍ ᠲᠠᠷᠢᠵᠦ᠂ ᠬᠢᠲᠠᠳ ᠡᠮ᠎ᠦᠨ ᠮᠠᠲ᠋ᠧᠷᠢᠶᠠᠯ᠎ᠢ10 ᠲᠦᠮᠡᠨ ᠮᠦ᠍ ᠲᠠᠷᠢᠵᠦ᠂ ᠲᠦᠬᠦᠭᠡᠷᠦᠮᠵᠢᠳᠦ ᠲᠠᠷᠢᠶᠠᠯᠠᠩ᠎ᠢ ᠰᠢᠨ᠎ᠡ᠎ᠪᠡᠷ 1.5 ᠲᠦᠮᠡᠨ ᠮᠦ᠍ ᠨᠡᠮᠡᠭᠳᠡᠭᠦᠯᠵᠦ᠂ ᠶᠡᠷᠦᠩᠬᠡᠶ ᠲᠠᠯᠠᠪᠠᠶ᠎ᠶᠢ 19 ᠲᠦᠮᠡᠨ ᠮᠦ᠍᠎ᠳᠦ ᠬᠦᠷᠭᠡᠵᠦ᠂ ᠨᠡᠷᠡᠨ ᠬᠤᠸᠠᠷ ᠲᠠᠷᠢᠬᠤ ᠲᠠᠯᠠᠪᠠᠢ ᠵᠢ 350 ᠲᠦᠮᠡᠨ ᠮᠦ᠍ ᠳ᠋ᠤ ᠲᠤᠭᠳᠠᠪᠤᠷᠢᠵᠢᠭᠤᠯᠵᠤ᠂ ᠠᠮᠲᠠᠲᠤ ᠬᠡᠮᠬᠡ᠂ ᠢᠳᠡᠰᠢᠨ ᠨᠣᠭᠣᠭ᠎ᠠ ᠵᠡᠷᠭᠡ ᠥᠨᠳᠥᠷ ᠦᠷ᠎ᠡ ᠠᠰᠢᠬᠳᠤ ᠣᠨᠴᠠᠯᠢᠭᠲᠤ ᠲᠠᠷᠢᠮᠠᠯ᠎ᠤᠨ ᠲᠠᠯᠠᠪᠠᠢ᠎ᠶᠢ 150 ᠲᠦᠮᠡᠨ ᠮᠦ᠍ ᠣᠷᠴᠢᠮ᠎ᠳᠤ ᠲᠣᠭᠲᠠᠪᠤᠷᠢᠵᠢᠭᠤᠯᠬᠤ ᠪᠡᠷ ᠲᠥᠯᠥᠪᠯᠡᠵᠦ ᠪᠠᠢᠨ᠎ᠠ᠃

2022 ᠣᠨ ᠳ᠋ᠤ ᠪᠠᠶᠠᠨᠨᠠᠭᠤᠷ ᠬᠣᠲᠠ᠎ᠶᠢᠨ ᠡᠯ᠎ᠡ ᠱᠠᠲᠤᠨ᠎ᠤ ᠲᠠᠷᠢᠶᠠᠯᠠᠩ᠎ᠤᠨ ᠰᠠᠯᠠᠭ᠎ᠠ ᠮᠥᠴᠢᠷ᠎ᠤᠨ ᠬᠢᠨ ᠡᠷᠲᠡ᠎ᠡᠴᠡ ᠪᠠᠢᠷᠢᠯᠠᠭᠤᠯᠤᠨ ᠲᠣᠬᠢᠷᠠᠭᠤᠯᠵᠤ᠂ ᠵᠠᠬ᠎ᠠ ᠳᠡᠯᠭᠡᠭᠦᠷ᠎ᠦᠨ ᠬᠡᠷᠡᠭᠴᠡᠭᠡ᠎ᠶᠢ ᠨᠠᠷᠢᠯᠢᠬ ᠵᠠᠳᠠᠯᠵᠤ᠂ ᠥᠷᠭᠡᠨ ᠣᠯᠠᠨ ᠲᠠᠷᠢᠶᠠᠴᠢᠳ᠎ᠲᠤ ᠲᠠᠷᠢᠶᠠᠯᠠᠩ᠎ᠤᠨ ᠪᠦᠲᠦᠭᠡᠭᠳᠡᠬᠦᠨ᠎ᠦ ᠬᠠᠩᠭᠠᠯᠭ᠎ᠠ ᠬᠡᠷᠡᠭᠴᠡᠭᠡ᠎ᠶᠢᠨ ᠮᠡᠳᠡᠭᠡ ᠵᠠᠩᠭᠢ᠎ᠶᠢ ᠣᠯᠠᠨ ᠠᠷᠭ᠎ᠠ ᠵᠠᠮ᠎ᠢᠶᠠᠷ ᠳᠠᠮᠵᠢᠭᠤᠯᠵᠤ᠂ ᠲᠠᠷᠢᠶᠠᠯᠠᠬᠤ ᠡᠷᠦᠬᠡ᠎ᠶᠢ ᠵᠢᠯᠣᠭᠣᠳᠤᠨ ᠲᠠᠷᠢᠮᠠᠯ᠎ᠤᠨ ᠪᠦᠲᠦᠴᠡ᠎ᠶᠢ ᠨᠢ ᠰᠢᠨᠵᠢᠯᠡᠬᠦ ᠤᠬᠠᠭᠠᠨᠴᠢ᠎ᠪᠠᠷ ᠲᠣᠬᠢᠷᠠᠭᠤᠯᠪᠠ᠃ ᠪᠠᠶᠠᠨᠨᠠᠭᠤᠷ ᠬᠣᠲᠠ ᠪᠠᠰᠠ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ᠂ ᠪᠣᠬᠢᠷᠲᠤᠯ ᠥᠬᠡᠶ ᠴᠢᠨᠠᠷ ᠰᠠᠢᠲᠠᠶ ᠲᠠᠷᠢᠶᠠᠯᠠᠩ᠎ᠤᠨ ᠪᠦᠲᠦᠭᠡᠭᠳᠡᠬᠦᠨ᠎ᠦ ᠬᠠᠩᠭᠠᠯᠭ᠎ᠠ᠎ᠶᠢ ᠨᠡᠮᠡᠭᠳᠡᠭᠦᠯᠬᠦ᠎ᠶᠢ ᠲᠣᠪᠣᠢᠮ᠎ᠠ ᠪᠠᠢᠷᠢᠨ᠎ᠳᠤ ᠲᠠᠯᠪᠢᠵᠤ᠂ ᠲᠠᠷᠢᠶᠠᠯᠠᠩ᠎ᠤᠨ ᠪᠦᠲᠦᠭᠡᠭᠳᠡᠬᠦᠨ᠎ᠦ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ᠂ ᠨᠠᠷᠠᠲᠤ ᠲᠦᠷᠦᠯ ᠲᠡᠮᠳᠡᠭ᠎ᠢ ᠡᠭᠦᠳᠦᠨ ᠪᠠᠢᠭᠤᠯᠬᠤ᠂ ᠶᠠᠰᠤ ᠴᠢᠨᠠᠷ᠎ᠤᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢ ᠴᠢᠩᠭ᠎ᠠ ᠠᠳᠬᠤᠪᠠ᠃ ᠲᠠᠷᠢᠶᠠᠯᠠᠩ᠎ᠤᠨ ᠥᠪᠡᠷ᠎ᠦᠨ ᠦᠷᠳᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠮᠡᠷᠭᠡᠵᠢᠯ᠎ᠢ ᠳᠡᠯᠭᠡᠷᠡᠭᠦᠯᠬᠦ ᠡᠷᠴᠢᠮ᠎ᠢᠶᠡᠨ ᠴᠢᠨᠠᠬᠰᠢᠳᠠ ᠴᠢᠩᠭᠠᠷᠠᠭᠤᠯᠵᠤ᠂ ᠲᠠᠷᠢᠶᠠᠯᠠᠩ ᠦᠢᠯᠡᠳᠪᠦᠷᠢᠯᠡᠯ᠎ᠦᠨ ᠭᠣᠣᠯᠳᠠᠯᠭ᠎ᠠ᠎ᠶᠢ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠳᠦ ᠲᠦᠰᠢᠭᠯᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠮᠦ᠍ ᠨᠢᠭᠡᠴᠢ᠎ᠶᠢᠨ ᠤᠨᠠᠯᠲᠠ ᠪᠠ ᠦᠷ᠎ᠡ ᠠᠰᠢᠭ᠎ᠢ ᠨᠡᠮᠡᠭᠳᠡᠭᠦᠯᠬᠦ ᠳᠡᠭᠡᠷ᠎ᠡ ᠲᠠᠯᠪᠢᠵᠦ᠂ ᠲᠠᠷᠢᠶᠠᠯᠠᠩ᠎ᠤᠨ ᠪᠦᠲᠦᠴᠡ᠎ᠶᠢ ᠲᠤᠬᠢᠷᠠᠭᠤᠯᠬᠤ ᠠᠵᠢᠯ᠎ᠢ ᠰᠠᠢᠲᠤᠷ ᠬᠢᠬᠦ᠎ᠪᠡᠷ ᠴᠢᠷᠮᠠᠢᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面