ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-03-22 11:21:27

ᠵᠣᠬᠢᠶᠠᠭ᠍ᠴᠢ᠄ ᠪᠤᠤ ᠨᠠᠷᠡᠨᠲᠤᠶᠠᠭ᠎ᠠ ᠣᠩᠱᠢᠭ᠍ᠰᠠᠨ ᠣᠳᠠᠭ᠎ᠠ᠄ 3

ᠬᠠᠪᠤᠷ᠎ᠤᠨ ᠲᠠᠷᠢᠶᠠᠯᠠᠩ᠎ᠤᠨ ᠦᠢᠯᠡᠳᠪᠦᠷᠢᠯᠡᠯ ᠪᠣᠯ ᠪᠥᠬᠥ ᠵᠢᠯ᠎ᠤᠨ ᠲᠠᠷᠢᠶᠠᠯᠠᠩ᠎ᠤᠨ ᠦᠢᠯᠡᠳᠪᠦᠷᠢᠯᠡᠯ᠎ᠢ ᠰᠠᠶᠢᠲᠤᠷ ᠬᠢᠬᠦ ᠠᠩᠬᠠᠨ᠎ᠤ ᠳᠠᠶᠢᠯᠠᠯᠳᠤᠭᠠᠨ ᠮᠥᠨ ᠂ ᠠᠯᠠᠱᠠ ᠠᠶᠢᠮᠠᠭ᠎ᠤᠨ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠣᠪᠴᠢᠶ᠎ᠠ ᠪᠥᠬᠥ ᠵᠢᠯ᠎ᠤᠨ ᠲᠠᠷᠢᠶᠠᠯᠠᠩ᠎ᠤᠨ ᠦᠢᠯᠡᠳᠪᠦᠷᠢᠯᠡᠯ ᠪᠠ ᠠᠮᠤ ᠪᠤᠳᠠᠭᠠᠨ᠎ᠤ ᠠᠮᠤᠷ ᠲᠦᠪᠰᠢᠨ᠎ᠤ ᠰᠠᠶᠢᠨ ᠡᠬᠢᠯᠡᠯᠲᠡ᠎ᠲᠠᠢ ᠪᠣᠯᠬᠤ᠎ᠶᠢ ᠦᠨᠡᠨ ᠬᠦ ᠪᠠᠲᠤᠯᠠᠵᠤ ᠂ ᠠᠶᠢᠮᠠᠭ᠎ᠤᠨ ᠲᠠᠷᠢᠶᠠᠯᠠᠩ ᠮᠠᠯ ᠠᠵᠤ ᠠᠬᠤᠶ᠎ᠶᠢᠨ ᠮᠠᠰᠢᠨ ᠮᠸᠬᠠᠨᠢᠭ᠎ᠤᠨ ᠬᠠᠮᠢᠶᠠᠷᠤᠯᠲᠠ᠎ᠶᠢᠨ ᠶᠡᠷᠦᠩᠬᠡᠶ ᠥᠷᠲᠡᠭᠡ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢᠶᠡᠨ ᠡᠷᠲᠡᠬᠡᠨ ᠪᠠᠢᠷᠢᠯᠠᠭᠤᠯᠵᠠᠢ ᠃

ᠣᠶᠢᠷ᠎ᠠ᠎ᠳ᠋ᠤ ᠂ ᠲᠠᠷᠢᠶᠠᠯᠠᠩ᠎ᠤᠨ ᠮᠠᠰᠢᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠂ ᠬᠣᠷᠰᠢᠶ᠎ᠠ ᠂ ᠲᠠᠷᠢᠶᠠᠯᠠᠩ᠎ᠤᠨ ᠮᠠᠰᠢᠨ᠎ᠤ ᠲᠣᠮᠣ ᠡᠷᠦᠬᠡ᠎ᠪᠠᠷ ᠭᠦᠨᠵᠡᠭᠡᠶᠢᠷᠡᠵᠦ ᠂ ᠲᠠᠷᠢᠶᠠᠯᠠᠩ᠎ᠤᠨ ᠮᠠᠰᠢᠨ ᠂ ᠰᠡᠯᠪᠢᠭ ᠲᠣᠨᠣᠭ ᠨᠥᠭᠡᠴᠡᠯᠡᠬᠦ ᠂ ᠲᠠᠷᠢᠶᠠᠯᠠᠩ᠎ᠤᠨ ᠮᠠᠰᠢᠨ᠎ᠢ ᠠᠷᠠᠴᠢᠯᠠᠨ ᠬᠠᠮᠠᠭᠠᠯᠠᠬᠤ ᠂ ᠲᠣᠬᠢᠷᠠᠭᠤᠯᠤᠨ ᠲᠤᠷᠰᠢᠬᠤ ᠪᠠ ᠪᠠᠶᠢᠴᠠᠭᠠᠨ ᠵᠠᠰᠠᠬᠤ ᠵᠡᠷᠭᠡ ᠪᠠᠶᠢᠳᠠᠯ᠎ᠤᠨ ᠲᠤᠬᠠᠶ ᠠᠬᠤᠢ ᠲᠠᠯᠠᠪᠠᠶ᠎ᠳ᠋ᠤ ᠱᠠᠯᠠᠪᠳᠠᠭᠤᠯᠤᠨ ᠪᠠᠶᠢᠴᠠᠭᠠᠪᠠ ᠃ ᠲᠠᠷᠢᠶᠠᠯᠠᠩ᠎ᠤᠨ ᠮᠠᠰᠢᠨ ᠦᠶᠯᠡᠳᠪᠦᠷᠢᠯᠡᠬᠦ ᠠᠵᠤ ᠠᠬᠤᠶᠢᠯᠠᠯ ᠪᠣᠯᠤᠨ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ᠎ᠤ ᠡᠯ᠎ᠡ ᠲᠥᠷᠥᠯ᠎ᠤᠨ ᠲᠠᠷᠢᠶᠠᠯᠠᠩ᠎ᠤᠨ ᠮᠠᠰᠢᠨ ᠂ ᠰᠡᠯᠪᠢᠭ ᠲᠣᠨᠣᠭ ᠨᠥᠭᠡᠴᠡᠯᠡᠬᠦ ᠠᠵᠢᠯ᠎ᠢ ᠰᠠᠶᠢᠲᠤᠷ ᠬᠢᠬᠦ ᠲᠤᠬᠠᠢ ᠭᠣᠤᠯᠳᠠᠯᠭ᠎ᠠ᠎ᠲᠠᠢ ᠱᠠᠯᠠᠪᠳᠠᠭᠤᠯᠤᠨ ᠪᠠᠢᠴᠠᠭᠠᠵᠤ ᠂ ᠲᠠᠷᠢᠶᠠᠯᠠᠩ᠎ᠤᠨ ᠮᠠᠰᠢᠨ᠎ᠤ ᠬᠣᠷᠰᠢᠶ᠎ᠠ ᠂ ᠲᠠᠷᠢᠶᠠᠯᠠᠩ᠎ᠤᠨ ᠮᠠᠰᠢᠨ᠎ᠤ ᠲᠣᠮᠣ ᠡᠷᠦᠬᠡ᠎ᠳ᠋ᠤ ᠲᠠᠷᠢᠶᠠᠯᠠᠩ᠎ᠤᠨ ᠮᠠᠰᠢᠨ᠎ᠢ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠠᠵᠢᠯ᠎ᠢ ᠴᠠᠭ ᠲᠤᠬᠠᠶ᠎ᠳ᠋ᠤᠨᠢ ᠥᠷᠨᠢᠭᠦᠯᠬᠦ᠎ᠶᠢ ᠰᠠᠨᠠᠭᠤᠯᠵᠤ ᠂ ᠬᠠᠪᠤᠷ᠎ᠤᠨ ᠲᠠᠷᠢᠶᠠᠯᠠᠩ᠎ᠤᠨ ᠦᠢᠯᠡᠳᠪᠦᠷᠢᠯᠡᠯ᠎ᠳ᠋ᠤ ᠬᠡᠷᠡᠭᠰᠡᠬᠦ ᠲᠠᠷᠢᠶᠠᠯᠠᠩ᠎ᠤᠨ ᠮᠠᠰᠢᠨ᠎ᠢᠶᠡᠨ ᠪᠡᠯᠡᠳᠭᠡᠬᠦ ᠠᠵᠢᠯ᠎ᠢ ᠡᠷᠲᠡᠬᠡᠨ ᠰᠠᠶᠢᠲᠤᠷ ᠬᠢᠬᠦ ᠬᠡᠷᠡᠭᠲᠡᠶ ᠭᠡᠵᠡᠢ ᠃ ᠵᠢᠱᠢᠯᠲᠡ᠎ᠪᠠᠷ ᠡᠨᠡ ᠵᠢᠯ 1200 ᠭᠠᠷᠤᠶ ᠲᠷᠠᠺᠲ᠋ᠣᠷ ᠂ 2000 ᠭᠠᠷᠤᠶ ᠢᠵᠢ ᠪᠦᠷᠢᠳᠦᠭᠦᠯᠦᠭᠰᠠᠨ ᠲᠠᠷᠢᠶᠠᠯᠠᠩ᠎ᠤᠨ ᠮᠠᠰᠢᠨ ᠪᠠᠭᠠᠵᠢ᠎ᠶᠢ ᠪᠥᠬᠥ ᠠᠶᠢᠮᠠᠭ᠎ᠤᠨ ᠬᠠᠪᠤᠷ᠎ᠤᠨ ᠲᠠᠷᠢᠶᠠᠯᠠᠭ᠎ᠠ᠎ᠶᠢᠨ ᠦᠢᠯᠡᠳᠪᠦᠷᠢᠯᠡᠯ᠎ᠳ᠋ᠤ ᠤᠷᠤᠭᠤᠯᠬᠤ ᠪᠤᠯᠤᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面