ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-04-23 15:56:29

ᠵᠣᠬᠢᠶᠠᠭ᠍ᠴᠢ᠄ ᠪᠤᠤ ᠴᠢᠩ ᠱᠧᠩ ᠣᠩᠱᠢᠭ᠍ᠰᠠᠨ ᠣᠳᠠᠭ᠎ᠠ᠄ 3

ᠡᠨᠡ ᠵᠢᠯ ᠺᠠᠶᠢᠯᠦ ᠰᠢᠶᠠᠨ ᠵᠢᠷᠭᠤᠭᠠᠨ ᠵᠦᠢᠯ᠎ᠤᠨ ᠠᠷᠭ᠎ᠠ ᠬᠡᠮᠵᠢᠶ᠎ᠡ ᠠᠪᠴᠤ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠰᠠᠶᠢᠲᠤᠷ ᠬᠢᠵᠦ ᠪᠠᠢᠨ᠎ᠠ ᠃

ᠡᠷᠳᠡ ᠲᠥᠯᠥᠪᠵᠢᠭᠥᠯᠥᠨ ᠪᠠᠢᠷᠢᠯᠠᠭᠤᠯᠪᠠ ᠃ ᠲᠤᠰ ᠰᠢᠶᠠᠨ 50 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠵᠢᠱᠢᠶ᠎ᠡ ᠦᠵᠡᠭᠦᠯᠬᠦ ᠤᠷᠤᠨ᠎ᠤ ᠪᠦᠲᠦᠭᠡᠨ ᠪᠠᠶᠢᠭᠤᠯᠤᠯᠲᠠ᠎ᠶᠢᠨ ᠦᠷ᠎ᠡ ᠪᠦᠲᠦᠮᠵᠢ᠎ᠶᠢ ᠪᠠᠬᠢᠵᠢᠭᠦᠯᠬᠦ᠎ᠲᠠᠢ ᠤᠶᠠᠯᠳᠤᠭᠤᠯᠵᠤ ᠂ ᠵᠢᠮᠢᠰ ᠨᠣᠭᠤᠭ᠎ᠠ ᠴᠠᠢ᠎ᠶᠢᠨ ᠣᠷᠭᠠᠨᠢᠭ ᠪᠣᠷᠳᠣᠭᠤᠷ᠎ᠢᠶᠠᠷ ᠬᠢᠮᠢ᠎ᠶᠢᠨ ᠪᠣᠷᠳᠣᠭᠤᠷ᠎ᠢ ᠣᠷᠣᠯᠠᠭᠤᠯᠬᠤ ᠂ ᠵᠡᠭᠦᠨ ᠬᠤᠶᠢᠲᠤ ᠣᠷᠣᠨ᠎ᠤ ᠬᠠᠷ᠎ᠠ ᠬᠥᠷᠥᠰᠥ᠎ᠶᠢ ᠬᠠᠮᠠᠭᠠᠯᠠᠨ ᠠᠰᠢᠬᠯᠠᠬᠤ ᠲᠤᠷᠰᠢᠯᠲᠠ ᠂ ᠪᠣᠬᠢᠷᠲᠤᠯ ᠥᠬᠡᠶ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠂ ᠤᠯᠠᠭᠠᠨ ᠯᠠᠵᠤᠤ᠎ᠶᠢᠨ ᠭᠠᠵᠠᠷ ᠵᠦᠢ᠎ᠶᠢᠨ ᠢᠯᠡᠷᠭᠡᠢᠯᠡᠯᠳᠤ ᠢᠨᠵᠧᠨᠧᠷᠢᠩ ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ᠎ᠶᠢ ᠬᠤᠷᠢᠶᠠᠨ ᠠᠪᠴᠤ ᠠᠰᠢᠬᠯᠠᠬᠤ ᠂ ᠥᠪᠡᠷᠲᠡᠭᠡᠨ ᠵᠠᠰᠠᠬᠤ ᠣᠷᠣᠨ᠎ᠤ ᠣᠳᠣ ᠦᠶ᠎ᠡ᠎ᠶᠢᠨ ᠮᠠᠯ ᠠᠵᠤ ᠠᠬᠤᠶ ᠲᠡᠷᠢᠶᠠᠯᠠᠩ᠎ᠤᠨ ᠠᠵᠤ ᠦᠢᠯᠡᠰ᠎ᠤᠨ ᠬᠦᠷᠢᠶᠡᠯᠡᠩ ᠵᠡᠷᠭᠡ ᠲᠥᠷᠥᠯ ᠵᠦᠢᠯ᠎ᠳ᠋ᠤ ᠲᠥᠰᠢᠭᠯᠡᠨ ᠂ ᠥᠨᠳᠥᠷ ᠥᠷ᠎ᠡ ᠠᠰᠢᠬᠳᠤ ᠠᠵᠤ ᠠᠬᠤᠶ᠎ᠶᠢᠨ ᠲᠠᠷᠢᠮᠠᠯ᠎ᠤᠨ ᠵᠢᠱᠢᠶ᠎ᠡ ᠦᠵᠡᠭᠦᠯᠬᠦ ᠣᠷᠣᠨ ᠂ ᠡᠷᠳᠡᠨᠢ ᠰᠢᠰᠢ᠎ᠶᠢᠨ ᠠᠵᠤ ᠦᠢᠯᠡᠰ᠎ᠤᠨ ᠵᠢᠱᠢᠶ᠎ᠡ ᠦᠵᠡᠭᠦᠯᠬᠦ ᠣᠷᠣᠨ ᠂ ᠤᠯᠠᠭᠠᠨ ᠯᠠᠵᠤᠤ᠎ᠶᠢᠨ ᠪᠠᠷᠢᠮᠵᠢᠶᠠᠵᠢᠭᠰᠠᠨ ᠦᠢᠯᠡᠳᠪᠦᠷᠢᠯᠡᠯ᠎ᠤᠨ ᠰᠠᠭᠤᠷᠢᠨ ᠵᠢᠴᠢ 20 ᠲᠦᠮᠡᠨ ᠮᠥ ᠪᠣᠬᠢᠷᠲᠤᠯ ᠥᠬᠡᠶ ᠥᠨᠳᠥᠷ ᠪᠠᠷᠢᠮᠵᠢᠶᠠᠲᠤ ᠡᠷᠳᠡᠨᠢ ᠰᠢᠰᠢ᠎ᠶᠢᠨ ᠦᠢᠯᠡᠳᠪᠦᠷᠢᠯᠡᠯ᠎ᠤᠨ ᠰᠠᠭᠤᠷᠢᠨ᠎ᠢ ᠪᠠᠢᠭᠤᠯᠵᠤ ᠂ ᠤᠯᠤᠰ᠎ᠤᠨ ᠣᠳᠣ ᠦᠶ᠎ᠡ᠎ᠶᠢᠨ ᠲᠠᠷᠢᠶᠠᠯᠠᠩ᠎ᠤᠨ ᠠᠵᠤ ᠦᠢᠯᠡᠰ᠎ᠤᠨ ᠬᠦᠷᠢᠶᠡᠯᠡᠩ᠎ᠢ ᠴᠢᠷᠮᠠᠶᠢᠨ ᠪᠠᠢᠭᠤᠯᠵᠤ ᠂ ᠵᠢᠱᠢᠶ᠎ᠡ ᠦᠵᠡᠭᠦᠯᠬᠥ᠎ᠪᠠᠷ ᠰᠢᠶᠠᠨ᠎ᠤ᠎ᠪᠠᠨ ᠮᠠᠯ ᠠᠵᠤ ᠠᠬᠤᠶ ᠲᠡᠷᠢᠶᠠᠯᠠᠩ᠎ᠤᠨ ᠴᠢᠨᠠᠷ ᠰᠠᠶᠢᠲᠠᠶ ᠬᠥᠭᠵᠢᠯᠲᠡ᠎ᠶᠢ ᠳᠠᠶᠢᠴᠢᠯᠠᠵᠤ ᠪᠠᠢᠨ᠎ᠠ ᠃

ᠬᠠᠩᠭᠠᠯᠭ᠎ᠠ ᠬᠡᠷᠡᠭᠴᠡᠭᠡ ᠶᠢᠨ ᠲᠣᠬᠢᠷᠠᠭᠤᠯᠤᠯᠲᠠ᠎ᠶᠢ ᠴᠢᠩᠭᠠᠳᠬᠠᠵᠤ ᠪᠠᠢᠨ᠎ᠠ ᠃ ᠪᠥᠬᠥ ᠪᠠᠶᠢᠳᠠᠯ᠎ᠡᠴᠠ ᠦᠵᠡᠪᠡᠯ ᠂ ᠲᠤᠰ ᠰᠢᠶᠠᠨ᠎ᠤ ᠬᠡᠰᠡᠭ ᠲᠠᠷᠢᠶᠠᠴᠢᠨ ᠡᠷᠦᠬᠡ ᠨᠢᠳᠤᠨᠤᠠ ᠡᠪᠤᠯ᠎ᠡᠴᠠ ᠨᠢᠭᠡᠨᠲᠡ ᠲᠠᠷᠢᠶᠠᠯᠠᠩ᠎ᠤᠨ ᠬᠡᠷᠡᠭᠰᠡᠯ ᠬᠤᠳᠠᠯᠳᠤᠨ ᠠᠪᠴᠥ ᠡᠬᠢᠯᠡᠵᠠᠢ ᠂ ᠡᠯ᠎ᠡ ᠡᠵᠡᠩᠨᠡᠯᠲᠡ᠎ᠶᠢᠨ ᠳᠡᠯᠭᠡᠭᠦᠷ ᠥᠩᠭᠡᠷᠡᠭᠰᠡᠨ ᠵᠢᠯ᠎ᠤᠨ ᠪᠣᠷᠣᠯᠠᠭᠤᠯᠭ᠎ᠠ᠎ᠶᠢᠨ ᠪᠠᠶᠢᠳᠠᠯ᠎ᠢᠶᠡᠨ ᠦᠨᠳᠦᠰᠦᠯᠡᠨ ᠂ ᠬᠥᠮᠥᠷᠭᠡ᠎ᠶᠢᠨ ᠬᠠᠳᠠᠭᠠᠯᠠᠬᠳᠠᠴᠠ᠎ᠪᠠᠨ ᠴᠠᠭ ᠲᠤᠬᠠᠶ᠎ᠳ᠋ᠤᠨᠢ ᠨᠥᠬᠥᠪᠥᠷᠢᠯᠡᠵᠤ ᠂ ᠲᠠᠷᠢᠶᠠᠨ ᠦᠷ᠎ᠡ ᠂ ᠬᠢᠮᠢ᠎ᠶᠢᠨ ᠪᠣᠷᠲᠣᠭᠤᠷ ᠂ ᠲᠠᠷᠢᠶᠠᠨ ᠡᠮ ᠵᠡᠷᠭᠡ ᠲᠠᠷᠢᠶᠠᠯᠠᠩ᠎ᠤᠨ ᠬᠡᠷᠡᠭᠰᠡᠯ᠎ᠤᠨ ᠬᠠᠩᠭᠠᠯᠭ᠎ᠠ᠎ᠶᠢ ᠪᠠᠲᠤᠯᠠᠵᠤ ᠪᠠᠢᠨ᠎ᠠ ᠃ ᠣᠳᠤ ᠪᠣᠯᠲᠠᠯ᠎ᠠ ᠂ ᠲᠠᠷᠢᠶᠠᠨ ᠦᠷ᠎ᠡ ᠂ ᠬᠢᠮᠢ᠎ᠶᠢᠨ ᠪᠤᠷᠳᠤᠭᠤᠷ ᠂ ᠲᠡᠷᠢᠶᠠᠠ ᠡᠮ ᠂ ᠲᠡᠷᠢᠶᠠᠯᠠᠩ᠎ᠳ᠋ᠤ ᠬᠡᠷᠡᠭᠯᠡᠬᠦ ᠰᠦᠯᠢᠶᠤᠤ ᠪᠦᠷᠬᠦᠪᠴᠢ᠎ᠶᠢ ᠡᠷᠦᠬᠡ᠎ᠳ᠋ᠤ ᠬᠦᠷᠭᠡᠭᠰᠡᠨ ᠨᠣᠷᠮ᠎ᠠ ᠲᠤᠰ ᠲᠤᠰ 65% ᠂ 68% ᠂ 56% ᠂ 54%᠎ᠳ᠋ᠤ ᠬᠥᠷᠴᠥ ᠂ ᠬᠡᠰᠡᠭ ᠬᠢᠮᠢ᠎ᠶᠢᠨ ᠪᠣᠷᠲᠣᠭᠤᠷ᠎ᠤᠨ ᠦᠨ᠎ᠡ ᠬᠠᠩᠰᠢ ᠨᠢᠭᠡᠨᠲᠡ ᠪᠠᠭᠤᠷᠠᠵᠤ ᠡᠬᠢᠯᠡᠭᠰᠡᠨ ᠪᠠᠢᠨ᠎ᠠ ᠃

ᠲᠠᠷᠢᠶᠠᠯᠠᠩ ᠦᠢᠯᠡᠳᠪᠦᠷᠢᠯᠡᠯ᠎ᠤᠨ ᠬᠡᠷᠡᠭᠰᠡᠯ᠎ᠤᠨ ᠠᠮᠤᠷ ᠲᠦᠪᠰᠢᠨ᠎ᠢ ᠪᠠᠲᠤᠯᠠᠵᠤ ᠪᠠᠢᠨ᠎ᠠ ᠃ 3 ᠰᠠᠷ᠎ᠠ᠎ᠶᠢᠨ 22᠎ᠡᠴᠠ ᠲᠤᠰ ᠰᠢᠶᠠᠨ᠎ᠤ ᠲᠠᠷᠢᠶᠠᠯᠠᠩ ᠮᠠᠯ ᠠᠵᠤ ᠠᠬᠤᠶ᠎ᠶᠢᠨ ᠲᠣᠪᠴᠢᠶ᠎ᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠂ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠲᠠᠢ ᠬᠤᠯᠪᠤᠭᠠᠯᠠᠨ ᠰᠢᠶᠠᠨ᠎ᠤ ᠬᠡᠪᠴᠢᠶᠠᠠ᠎ᠳ᠋ᠠᠬᠢ ᠲᠠᠷᠢᠶᠠᠯᠠᠩ᠎ᠤᠨ ᠬᠡᠷᠡᠭᠰᠡᠯ ᠡᠵᠡᠩᠨᠡᠵᠤ ᠪᠠᠢᠭ᠎ᠠ 244 ᠳᠡᠯᠭᠡᠭᠦᠷ ᠂ ᠪᠣᠷᠳᠤᠭ᠎ᠠ ᠡᠵᠡᠩᠨᠡᠵᠤ ᠪᠠᠢᠭ᠎ᠠ 57 ᠳᠡᠯᠭᠡᠭᠦᠷ ᠂ ᠮᠠᠯ᠎ᠤᠨ ᠡᠮ ᠡᠵᠡᠩᠨᠡᠵᠤ ᠪᠠᠢᠭ᠎ᠠ 50 ᠳᠡᠯᠭᠡᠭᠦᠷ ᠂ ᠲᠠᠷᠢᠶᠠᠯᠠᠩ᠎ᠤᠨ ᠮᠠᠰᠢᠨ ᠪᠠᠭᠠᠵᠢ ᠡᠵᠡᠩᠨᠡᠵᠤ ᠪᠠᠢᠭ᠎ᠠ 37 ᠳᠡᠯᠭᠡᠭᠦᠷ ᠂ ᠲᠠᠷᠢᠶᠠᠯᠠᠩ᠎ᠤᠨ ᠮᠠᠰᠢᠨ ᠰᠡᠯᠪᠢᠨ ᠵᠠᠰᠠᠬᠤ 156 ᠳᠡᠯᠭᠡᠭᠦᠷ ᠵᠢᠴᠢ ᠭᠠᠭ᠋ᠠᠶ ᠂ ᠦᠬᠡᠷ ᠂ ᠬᠤᠨᠢ ᠢᠮᠠᠭ᠎ᠠ ᠨᠢᠲᠤᠯᠬᠤ 9 ᠦᠢᠯᠡᠳᠪᠦᠷᠢ ᠂ ᠰᠦ ᠬᠤᠳᠠᠯᠳᠤᠨ ᠠᠪᠬᠤ 6 ᠥᠷᠲᠡᠭᠡᠨ᠎ᠳ᠋ᠤ ᠬᠠᠤᠯᠢ ᠴᠠᠭᠠᠵᠠ ᠲᠥᠷᠢᠮ ᠲᠣᠭᠲᠠᠭᠠᠯ᠎ᠤᠨ ᠤᠬᠠᠭᠤᠯᠭ᠎ᠠ ᠪᠠ ᠪᠠᠶᠢᠴᠠᠭᠠᠯᠲᠠ ᠬᠢᠵᠥ ᠂ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ ᠦᠢᠯᠡᠳᠴᠦ ᠪᠣᠷᠣᠯᠠᠭᠤᠯᠬᠤ ᠵᠡᠷᠭᠡ ᠬᠠᠤᠯᠢ᠎ᠡᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳ᠋ᠤ ᠡᠷᠡᠰ ᠴᠣᠬᠢᠯᠲᠠ ᠥᠭᠴᠥ ᠂ ᠮᠠᠯᠴᠢᠨ ᠲᠠᠷᠢᠶᠠᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭᠠᠯᠠᠨ ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠠᠶᠤᠯ ᠦᠭᠡᠶ ᠪᠠᠢᠬᠤ᠎ᠶᠢ ᠦᠨᠡᠨ ᠬᠦ ᠪᠠᠲᠤᠯᠠᠵᠤ ᠪᠠᠢᠨ᠎ᠠ ᠃

ᠲᠥᠷᠥᠯ ᠵᠦᠢᠯ᠎ᠤᠨ ᠬᠡᠷᠡᠭᠵᠢᠭᠦᠯᠦᠯᠲᠡ᠎ᠶᠢ ᠲᠦᠷᠭᠡᠳᠬᠡᠵᠤ ᠪᠠᠢᠨ᠎ᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ᠎ᠶᠢ ᠬᠤᠷᠢᠶᠠᠨ ᠠᠪᠴᠤ ᠠᠰᠢᠬᠯᠠᠬᠤ ᠂ ᠵᠢᠮᠢᠰ ᠨᠣᠭᠤᠭ᠎ᠠ ᠴᠠᠶ᠎ᠶᠢᠨ ᠣᠷᠭᠠᠨᠢᠭ ᠪᠣᠷᠲᠣᠭᠤᠷ᠎ᠢᠶᠠᠷ ᠬᠢᠮᠢ᠎ᠶᠢᠨ ᠪᠣᠷᠲᠣᠭᠤᠷ᠎ᠢ ᠣᠷᠣᠯᠠᠭᠤᠯᠬᠤ ᠪᠠ ᠵᠡᠭᠦᠨ ᠬᠤᠶᠢᠲᠤ᠎ᠶᠢᠨ ᠬᠠᠷ᠎ᠠ ᠬᠥᠷᠥᠰᠥ᠎ᠶᠢ ᠬᠠᠮᠠᠭᠠᠯᠠᠨ ᠠᠰᠢᠬᠯᠠᠬᠤ ᠵᠡᠷᠭᠡ ᠲᠥᠷᠥᠯ ᠵᠦᠢᠯ᠎ᠤᠨ ᠬᠡᠷᠡᠭᠵᠢᠭᠦᠯᠦᠯᠲᠠ᠎ᠶᠢ ᠠᠬᠢᠭᠤᠯᠵᠤ ᠪᠠᠢᠨ᠎ᠠ ᠃ ᠣᠳᠣ ᠂ ᠡᠯ᠎ᠡ ᠲᠥᠷᠥᠯ ᠵᠦᠢᠯ᠎ᠤᠨ ᠠᠵᠢᠯ ᠪᠦᠷ ᠡᠬᠢᠯᠡᠵᠥ ᠂ ᠵᠢᠱᠢᠯᠲᠡ᠎ᠪᠠᠷ 6 ᠰᠠᠷ᠎ᠠ᠎ᠶᠢᠨ ᠰᠡᠭᠦᠯᠴᠢ᠎ᠪᠠᠷ 2.51 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶᠢᠭᠤᠯᠤᠯᠲᠠ᠎ᠶᠢ ᠳᠠᠭᠤᠰᠬᠠᠨ᠎ᠠ ︔ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ᠎ᠶᠢ ᠬᠤᠷᠢᠶᠠᠵᠤ ᠠᠰᠢᠬᠯᠠᠬᠤ ᠲᠥᠷᠥᠯ ᠵᠦᠶᠯ᠎ᠢ ᠨᠢᠭᠡᠨᠲᠡ ᠮᠠᠰᠢᠨ᠎ᠢᠶᠠᠷ ᠬᠤᠷᠢᠶᠠᠵᠤ ᠡᠬᠢᠯᠡᠭᠰᠡᠨ ᠪᠥᠭᠡᠳ ᠬᠤᠷᠢᠶᠠᠭᠰᠠᠨ ᠲᠠᠯᠠᠪᠠᠶ 5 ᠲᠦᠮᠡᠨ ᠮᠥ᠎ᠳ᠋ᠤ ᠬᠥᠷᠪᠡ ︔ ᠵᠢᠮᠢᠰ ᠨᠣᠭᠤᠭ᠎ᠠ ᠴᠠᠶ᠎ᠶᠢᠨ ᠣᠷᠭᠠᠨᠢᠭ ᠪᠣᠷᠲᠣᠭᠤᠷ᠎ᠢᠶᠠᠷ ᠬᠢᠮᠢ᠎ᠶᠢᠨ ᠪᠣᠷᠲᠣᠭᠤᠷ᠎ᠢ ᠣᠷᠣᠯᠠᠭᠤᠯᠬᠤ ᠪᠠ ᠵᠡᠭᠦᠨ ᠬᠤᠶᠢᠲᠤ᠎ᠶᠢᠨ ᠬᠠᠷ᠎ᠠ ᠬᠥᠷᠥᠰᠥ᠎ᠶᠢ ᠬᠠᠮᠠᠭᠠᠯᠠᠨ ᠠᠰᠢᠬᠯᠠᠬᠤ ᠲᠥᠷᠥᠯ ᠵᠦᠢᠯ᠎ᠳ᠋ᠤ ᠶᠠᠭ ᠣᠷᠭᠠᠨᠢᠭ ᠪᠣᠷᠲᠣᠭᠤᠷ ᠬᠤᠪᠢᠶᠠᠨ ᠣᠯᠭᠤᠵᠤ ᠪᠠᠢᠨ᠎ᠠ ᠃

ᠮᠡᠷᠭᠡᠵᠢᠯ᠎ᠤᠨ ᠵᠢᠯᠣᠭᠤᠳᠤᠯᠭ᠎ᠠ᠎ᠪᠠᠨ ᠴᠢᠩᠭᠠᠳᠬᠠᠵᠤ ᠪᠠᠢᠨ᠎ᠠ ᠃ ᠮᠠᠯᠴᠢᠨ ᠲᠠᠷᠢᠶᠠᠴᠢᠳ᠎ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠪᠣᠯᠪᠠᠰᠤᠷᠠᠯ ᠬᠦᠷᠳᠡᠬᠡᠬᠦ ᠪᠠ ᠦᠢᠯᠡᠴᠢᠯᠡᠭᠡ ᠬᠦᠷᠳᠡᠬᠡᠬᠦ ᠠᠵᠢᠯ᠎ᠢ ᠰᠠᠶᠢᠲᠤᠷ ᠠᠳᠬᠤᠵᠤ ᠂ ᠡᠯ᠎ᠡ ᠵᠦᠢᠯ᠎ᠤᠨ ᠮᠡᠷᠭᠡᠵᠢᠯ ᠠᠷᠭ᠎ᠠ ᠬᠡᠮᠵᠢᠶ᠎ᠡ᠎ᠶᠢ ᠲᠠᠷᠢᠶᠠᠴᠢᠨ ᠡᠷᠦᠬᠡ ᠂ ᠲᠠᠷᠢᠶᠠᠨ ᠭᠠᠵᠠᠷ᠎ᠲᠤ ᠬᠦᠷᠲᠡᠯ᠎ᠡ ᠳᠡᠯᠭᠡᠷᠡᠭᠦᠯᠦᠨ ᠲᠦᠭᠡᠮᠡᠯᠵᠢᠭᠦᠯᠵᠦ ᠂ ᠮᠠᠯᠴᠢᠨ ᠲᠠᠷᠢᠶᠠᠴᠢᠳ᠎ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ᠎ᠶᠢᠨ ᠬᠡᠮᠵᠢᠶ᠎ᠡ᠎ᠶᠢ ᠦᠨᠡᠨ ᠬᠦ ᠳᠡᠭᠡᠭᠰᠢᠯᠡᠭᠦᠯᠵᠤ ᠪᠠᠢᠨ᠎ᠠ ᠃ ᠣᠲᠣ ᠪᠣᠯᠲᠠᠯ᠎ᠠ ᠂ ᠪᠤᠰᠢᠭᠤ ᠭᠠᠷ ᠂ ᠴᠤᠤᠷᠢᠶ᠎ᠠ ᠵᠡᠷᠭᠡ ᠲᠠᠪᠴᠠᠩ᠎ᠢᠶᠠᠷ 50 ᠭᠠᠷᠤᠶ ᠣᠬᠤᠷ ᠸᠢᠳᠢᠣ᠋ ᠨᠡᠶᠢᠲᠡᠯᠡᠵᠦ ᠂ ᠨᠡᠪᠲᠡᠷᠡᠭᠦᠯᠥᠭᠰᠡᠨ ᠬᠡᠮᠵᠢᠶ᠎ᠡ 3 ᠲᠦᠮᠡ ᠭᠠᠷᠤᠶ ᠤᠳᠠᠭ᠎ᠠ᠎ᠳ᠋ᠤ ᠬᠦᠷᠴᠦ ᠂ ᠮᠠᠯᠴᠢᠨ ᠲᠠᠷᠢᠶᠠᠴᠢᠨ᠎ᠤ ᠮᠠᠯ ᠠᠵᠤ ᠠᠬᠤᠶ ᠲᠡᠷᠢᠶᠠᠯᠠᠩ᠎ᠤᠨ ᠬᠡᠷᠡᠭᠯᠡᠭᠡᠨ᠎ᠤ ᠮᠡᠷᠭᠡᠵᠢᠯ᠎ᠢ ᠡᠵᠡᠮᠰᠢᠬᠦ᠎ᠳ᠋ᠤ ᠬᠦᠴᠦᠲᠡᠶ ᠲᠤᠯᠭᠠᠭᠤᠷᠢᠯᠠᠯ ᠬᠠᠩᠭᠠᠵᠤ ᠪᠤᠢ ᠃ ᠡᠭᠦᠨ᠎ᠤ ᠬᠠᠮᠲᠤ ᠨᠢᠳᠤᠠ ᠡᠮᠤᠨᠡᠬᠢ ᠤᠯᠠᠭᠠᠨ ᠯᠠᠵᠤᠤ᠎ᠶᠢᠨ ᠴᠢᠬᠢ ᠪᠣᠶᠢᠵᠢᠭᠤᠯᠬᠤ ᠪᠣᠳᠠᠲᠤ ᠪᠠᠶᠢᠳᠠᠯ᠎ᠲᠠᠢ ᠤᠶᠠᠯᠳᠤᠭᠤᠯᠤᠨ ᠂ ᠲᠠᠷᠢᠶᠠᠯᠠᠩ᠎ᠤᠨ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠶᠢᠭᠤᠯᠤᠨ ᠮᠠᠯᠴᠢᠨ ᠲᠠᠷᠢᠶᠠᠴᠢᠨ᠎ᠢ ᠵᠢᠯᠣᠭᠤᠳᠴᠤ ᠂ ᠥᠨᠳᠥᠷ ᠥᠷ᠎ᠡ ᠪᠥᠲᠥᠮᠵᠢᠲᠠᠢ ᠴᠢᠬᠢ ᠪᠣᠶᠢᠵᠢᠭᠤᠯᠬᠤ ᠠᠵᠢᠯ᠎ᠢ ᠥᠷᠨᠢᠭᠦᠯᠵᠦ ᠂ ᠡᠨᠡ ᠵᠢᠯ ᠲᠤᠰ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠲᠠᠯᠠᠪᠠᠶ᠎ᠶᠢ ᠵᠢᠱᠢᠯᠲᠡ᠎ᠪᠠᠷ 30 ᠲᠦᠮᠡᠨ ᠮᠥ᠎ᠳ᠋ᠤ ᠬᠦᠷᠭᠡᠬᠦ ᠪᠣᠯᠤᠨ᠎ᠠ ᠃

ᠲᠠᠷᠢᠶᠠᠯᠠᠩ᠎ᠤᠨ ᠮᠠᠰᠢᠨ ᠪᠠᠭᠠᠵᠢ᠎ᠶᠢ ᠪᠠᠶᠢᠴᠠᠭᠠᠨ ᠵᠠᠰᠠᠬᠤ ᠠᠵᠢᠯ᠎ᠢ ᠥᠷᠨᠢᠭᠦᠯᠵᠤ ᠪᠠᠢᠨ᠎ᠠ ᠃ ᠬᠠᠪᠤᠷ᠎ᠤᠨ ᠲᠠᠷᠢᠶᠠᠯᠠᠭ᠎ᠠ᠎ᠶᠢᠨ ᠦᠢᠯᠡᠳᠪᠦᠷᠢᠯᠡᠯ᠎ᠢ ᠪᠠᠲᠤᠯᠠᠬᠤ᠎ᠶᠢᠨ ᠲᠦᠯᠦᠭᠡ ᠂ ᠲᠠᠷᠢᠶᠠᠯᠠᠩ᠎ᠤᠨ ᠮᠠᠰᠢᠨ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠶᠢᠭᠤᠯᠤᠨ ᠭᠠᠴᠠᠭ᠎ᠠ ᠲᠣᠰᠬᠤᠨ ᠪᠠ ᠡᠷᠦᠬᠡ᠎ᠳ᠋ᠤ ᠭᠦᠨᠵᠡᠭᠡᠶᠢᠷᠡᠭᠦᠯᠦᠨ ᠂ ᠲᠡᠷᠭᠡ ᠬᠥᠰᠬᠡ᠎ᠶᠢᠨ ᠣᠨ᠎ᠤ ᠪᠠᠶᠢᠴᠠᠭᠠᠯᠲᠠ ᠬᠢᠯᠬᠡᠬᠦ ᠂ ᠭᠠᠷ ᠤᠲᠠᠰᠤ᠎ᠪᠠᠷ ᠡᠯ᠎ᠡ ᠲᠥᠷᠥᠯ᠎ᠤᠨ ᠲᠠᠷᠢᠶᠠᠯᠠᠩ᠎ᠤᠨ ᠮᠠᠰᠢᠨ᠎ᠢ ᠠᠷᠠᠴᠢᠯᠠᠨ ᠬᠠᠮᠠᠭᠠᠯᠠᠬᠤ ᠂ ᠲᠣᠬᠢᠷᠠᠭᠤᠯᠤᠨ ᠲᠤᠷᠰᠢᠬᠤ ᠂ ᠪᠠᠶᠢᠴᠠᠭᠠᠵᠤ ᠰᠡᠯᠪᠢᠨ ᠵᠠᠰᠠᠬᠤ᠎ᠶᠢ ᠵᠢᠯᠣᠭᠤᠳᠤᠨ ᠬᠠᠪᠰᠤᠷᠴᠤ ᠂ ᠬᠠᠪᠤᠷ᠎ᠤᠨ ᠲᠠᠷᠢᠶᠠᠯᠠᠭ᠎ᠠ᠎ᠡᠴᠠ ᠡᠮᠦᠨᠡᠬᠢ ᠡᠯ᠎ᠡ ᠲᠥᠷᠥᠯ᠎ᠤᠨ ᠲᠠᠷᠢᠶᠠᠯᠠᠩ᠎ᠤᠨ ᠮᠠᠰᠢᠨ ᠪᠠᠭᠠᠵᠢ᠎ᠶᠢᠨ ᠪᠦᠬᠦᠨ᠎ᠢ ᠪᠠᠷᠢᠮᠵᠢᠶ᠎ᠠ᠎ᠳ᠋ᠤ ᠬᠦᠷᠭᠡᠬᠦ᠎ᠶᠢ ᠪᠠᠲᠤᠯᠠᠵᠤ ᠪᠤᠢ ᠃ ᠣᠲᠣ ᠪᠣᠯᠲᠠᠯ᠎ᠠ ᠂ 1000 ᠭᠠᠷᠤᠶ ᠲᠡᠷᠭᠡ ᠬᠥᠰᠬᠡ᠎ᠳ᠋ᠤ ᠤᠨ᠎ᠤ ᠪᠠᠶᠢᠴᠠᠭᠠᠯᠲᠠ ᠬᠢᠪᠠ ᠃ ᠲᠠᠷᠢᠶᠠᠯᠠᠩ᠎ᠤᠨ ᠮᠠᠰᠢᠨ᠎ᠤ ᠵᠢᠯᠣᠭᠤᠴᠢ᠎ᠲᠠᠢ ︽ ᠲᠠᠷᠢᠶᠠᠯᠠᠩ᠎ᠤᠨ ᠮᠠᠰᠢᠨ᠎ᠤ ᠵᠢᠯᠣᠭᠤᠴᠢ᠎ᠶᠢᠨ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶᠢᠨ ᠪᠢᠴᠢᠭ ︾ ᠳᠡᠭᠡᠷ᠎ᠡ ᠭᠠᠷ᠎ᠤᠨ ᠥᠰᠥᠭ ᠵᠢᠷᠤᠬᠤ᠎ᠶᠢᠨ ᠬᠠᠮᠳᠤ 17 ᠲᠠᠷᠢᠶᠠᠯᠠᠩ᠎ᠤᠨ ᠮᠠᠰᠢᠨ᠎ᠤ ᠵᠠᠬ᠎ᠠ ᠳᠡᠯᠭᠡᠭᠦᠷ᠎ᠤᠨ ᠰᠡᠯᠪᠢᠭ ᠲᠣᠨᠤᠭ᠎ᠤᠨ ᠳᠡᠯᠭᠡᠭᠥᠷ ᠵᠢᠴᠢ 24 ᠰᠡᠯᠪᠢᠨ ᠵᠠᠰᠠᠬᠤ ᠴᠡᠭ᠎ᠢ ᠪᠠᠢᠴᠠᠭᠠᠠ ᠴᠡᠭᠴᠡᠯᠡᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面