2023-02-23 09:44:41
ᠡᠩᠭᠡᠷ ᠤ᠋ᠨ ᠴᠠᠰᠤ ᠡᠬᠢᠯᠡᠨ ᠴᠤᠬᠤᠷᠳᠠᠵᠤ᠂ ᠤᠯᠠᠭᠠᠨᠬᠠᠳᠠ ᠵᠢᠨ ᠦᠷᠬᠡᠨ ᠠᠭᠤᠳᠠᠮ ᠲᠠᠯ᠎ᠠ ᠨᠤᠳᠤᠭ ᠠᠮᠢᠯᠠᠯ ᠪᠢᠯᠬᠠᠭᠰᠠᠨ ᠡᠰᠡᠨᠢᠯᠳᠤ ᠬᠠᠪᠤᠷ ᠵᠢᠡᠨ ᠤᠭᠳᠤᠨ ᠠᠪᠤᠯ᠎ᠠ᠃ ᠪᠥᠬᠥ᠌ ᠣᠷᠣᠨ ᠤ᠋ ᠰᠦᠯ ᠰᠠᠢᠲᠠᠶ ᠲᠡᠵᠢᠭᠡᠯ ᠡᠪᠡᠰᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠪᠣᠯᠤᠭ᠍ᠰᠠᠨ ᠤ᠋ ᠬᠤᠪᠢ ᠳ᠋ᠤ᠂ ᠤᠯᠠᠭᠠᠨᠬᠠᠳᠠ ᠬᠣᠲᠠ ᠶ᠋ᠢᠨ ᠡᠪᠡᠰᠦᠨ ᠤ᠋ ᠦᠶ᠋ᠯᠡᠰ ᠤ᠋ᠨ ᠡᠬᠢ ᠪᠠᠶᠠᠯᠢᠭ ᠡᠯᠪᠡᠭ ᠪᠠᠢᠵᠤ᠂ 3206 ᠲᠦᠮᠡᠨ ᠮᠥ᠍ ᠵᠢᠨ ᠪᠠᠢᠭᠠᠯᠢ ᠵᠢᠨ ᠪᠡᠯᠴᠢᠭᠡᠷ᠂ 317 ᠲᠦᠮᠡᠨ ᠮᠥ᠍ ᠵᠢᠨ ᠲᠠᠷᠢᠮᠠᠯ ᠡᠪᠡᠰᠦᠨ ᠤ᠋ ᠭᠠᠵᠠᠷ ᠲᠠᠢ ᠶᠤᠮ ᠃ ᠣᠢᠷ᠎ᠠ ᠶ᠋ᠢᠨ ᠵᠢᠯ ᠳ᠋ᠦ᠂ ᠤᠯᠠᠭᠠᠨᠬᠠᠳᠠ ᠬᠣᠲᠠ ᠰᠦ ᠶ᠋ᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠳ᠋ᠤ ᠰᠠᠭᠤᠷᠢᠯᠠᠨ ᠡᠪᠡᠰᠦᠨ ᠤ᠋ ᠦᠶ᠋ᠯᠡᠰ ᠤ᠋ᠨ ᠡᠬᠢ ᠪᠠᠶᠠᠯᠢᠭ ᠤ᠋ᠨ ᠳᠠᠯᠳᠠ ᠬᠦᠴᠦᠨ ᠢ᠋ ᠭᠦᠨᠵᠡᠭᠡᠶ ᠠᠭᠤᠳᠠᠯᠵᠤ ᠂ ᠮᠠᠯ ᠪᠡᠯᠴᠢᠭᠡᠷ ᠢ᠋ ᠨᠢᠭᠡ ᠴᠣᠭ᠍ᠴᠠᠵᠢᠭᠤᠯᠤᠭ᠍ᠰᠠᠨ᠂ ᠲᠡᠵᠢᠭᠡᠨ ᠦᠷᠡᠵᠢᠭᠦᠯᠬᠦ᠌ ᠦᠶ᠋ᠯᠡᠰ ᠪᠠ ᠡᠳ᠋ᠱᠢᠭᠦᠯᠬᠦ᠌ ᠦᠶ᠋ᠯᠡᠰ ᠤ᠋ᠨ ᠬᠥᠭ᠌ᠵᠢᠯᠲᠡ ᠵᠢ ᠳᠠᠢᠴᠢᠯᠠᠭ᠍ᠰᠠᠨ ᠱᠢᠨ᠎ᠡ ᠵᠠᠮ ᠢ᠋ᠶ᠋ᠠᠷ ᠡᠷᠡᠰ ᠭᠤᠢᠪᠢᠰᠢ ᠥᠬᠡᠶ ᠵᠠᠮᠨᠠᠭᠰᠠᠭᠠᠷ ᠢᠷᠡᠵᠠᠢ᠃

ᠨᠤᠲᠤᠭ ᠪᠡᠯᠴᠢᠭᠡᠷ ᠢ᠋ ᠰᠡᠷᠬᠦᠭᠡᠬᠦ ᠵᠢᠨ ᠲᠠᠭᠠᠤ ᠮᠠᠯᠴᠢᠳ ᠤ᠋ᠨ ᠣᠷᠣᠯᠭ᠎ᠠ ᠵᠢ ᠨᠡᠮᠡᠭᠳᠡᠬᠦᠯᠦᠨ᠎ᠠ᠂ ᠠᠮᠢ ᠠᠬᠤᠢ ᠵᠢ ᠬᠠᠮᠠᠭᠠᠯᠠᠬᠤ ᠪᠠ ᠠᠵᠤ ᠠᠬᠤᠢ ᠶ᠋ᠢ ᠬᠥᠭ᠌ᠵᠢᠬᠦᠯᠬᠦ ᠵᠢᠨ ᠬᠣᠭᠣᠷᠣᠨᠳᠣᠬᠢ ᠵᠥᠷᠢᠴᠡᠯ ᠢ᠋ ᠬᠡᠷᠬᠢᠨ ᠱᠢᠢᠳᠪᠦᠷᠢᠯᠡᠬᠦ᠌ ᠪᠢᠯᠡ? 2008 ᠣᠨ ᠤ᠋ 5 ᠰᠠᠷ᠎ᠠ ᠳ᠋ᠤ ᠠᠷᠤ ᠬᠣᠷᠴᠢᠨ ᠬᠣᠱᠢᠭᠤ ᠡᠩ ᠲᠠᠷᠢᠬᠦᠨ ᠳ᠋ᠤ ᠤᠰᠤ ᠠᠷᠪᠢᠯᠠᠬᠤ ᠪᠣᠷᠣ ᠴᠠᠷᠭᠠᠰᠤ ᠶ᠋ᠢᠨ ᠲᠥᠷᠥᠯ ᠵᠦᠶ᠋ᠯ ᠢ᠋ ᠲᠤᠷᠱᠢᠨ ᠬᠡᠷᠡᠭᠵᠢᠬᠦᠯᠤᠬᠡᠳ ᠠᠮᠵᠢᠯᠲᠠ ᠣᠯᠵᠤ᠂ ᠮᠠᠯ ᠪᠡᠯᠴᠢᠭᠡᠷ ᠤ᠋ᠨ ᠲᠡᠩᠴᠡᠬᠦᠷᠢ ᠵᠢᠨ ᠵᠥᠷᠢᠴᠡᠯ ᠳ᠋ᠦ ᠲᠦᠪᠡᠭᠳᠡᠵᠦ ᠪᠠᠢᠭᠰᠠᠨ ᠠᠷᠤ ᠬᠣᠷᠴᠢᠨ ᠬᠣᠱᠢᠭᠤᠨ ᠤ᠋ ᠬᠥᠮᠦᠰ ᠤ᠋ᠨ ᠰᠡᠳᠭᠢᠴᠡ ᠵᠢᠨᠡᠭᠡᠭᠡᠭᠳᠡᠬᠦᠯᠵᠦ᠂ ᠬᠥᠮᠦᠨ ᠤ᠋ ᠬᠦᠴᠦ᠍ ᠪᠡᠷ ᠡᠪᠡᠰᠦ ᠳᠠᠷᠢᠬᠤ ᠠᠵᠢᠯ ᠡᠬᠢᠯᠡᠭᠰᠡᠨ ᠶᠤᠮ ᠃
ᠠᠷᠤ ᠬᠣᠷᠴᠢᠨ ᠬᠣᠱᠢᠭᠤᠨ ᠤ᠋ ᠱᠤᠤ ᠪᠠᠯᠭᠠᠰᠤ ᠵᠢᠨ ᠤᠳᠠᠨᠲᠣᠬᠣᠶ ᠭᠠᠴᠠᠭᠠᠨ ᠤ᠋ ᠮᠠᠯᠴᠢᠨ ᠬᠠᠢ ᠯᠦᠩ ᠪᠣᠯ ᠬᠣᠱᠢᠭᠤᠨ ᠤ᠋ ᠪᠠᠨ ᠲᠦᠷᠤᠬᠦᠤ ᠪᠦᠯᠦᠭ ᠤ᠋ᠨ ᠡᠪᠡᠰᠦ ᠳᠠᠷᠢᠭ᠍ᠰᠠᠨ ᠮᠠᠯᠴᠢᠳ ᠤ᠋ᠨ ᠨᠢᠭᠡ ᠶᠤᠮᠰᠠᠨ᠃ 2013 ᠣᠨ ᠳ᠋ᠤ ᠬᠠᠢ ᠯᠦᠩ 500 ᠮᠦ᠍ ᠪᠤᠷᠤ ᠴᠠᠷᠭᠠᠰᠤ ᠲᠠᠷᠢᠭᠰᠠᠨ ᠳ᠋ᠤ ᠮᠦ᠍ ᠪᠦᠷᠢ ᠶ᠋ᠢᠨ ᠤᠨᠠᠯᠲᠠ ᠨᠢ 800 ᠺᠢᠯᠣᠭ᠌ᠷᠠᠮ ᠳ᠋ᠤ ᠬᠦᠷᠴᠦ᠍᠂ ᠲᠤᠬᠠᠶ ᠶ᠋ᠢᠨ ᠵᠢᠯ ᠳ᠋ᠦ 60 ᠲᠦᠮᠡ ᠱᠢᠬᠠᠮ ᠲᠥᠭᠥᠷᠢᠭ ᠤ᠋ᠨ ᠡᠪᠡᠰᠦ ᠬᠤᠳᠠᠯᠳᠤᠪᠠ᠃ ᠡᠪᠡᠰᠤ ᠲᠠᠷᠢᠵᠤ ᠠᠮᠵᠢᠯᠲᠠ ᠣᠯᠤᠭ᠍ᠰᠠᠨ ᠤ᠋ ᠳᠠᠷᠠᠭ᠎ᠠ ᠂ ᠲᠡᠷᠡ ᠭᠠᠴᠠᠭᠠᠨ ᠤ᠋ ᠪᠠᠨ ᠮᠠᠯᠴᠢᠳ ᠢ᠋ ᠳᠠᠢᠴᠢᠯᠠᠨ ᠡᠪᠡᠰᠤ ᠳᠠᠷᠢᠵᠤ ᠂ ᠮᠠᠯᠴᠢᠳ ᠤ᠋ᠨ ᠣᠷᠣᠯᠭ᠎ᠠ ᠵᠢ ᠨᠡᠮᠡᠭ᠌ᠳᠡᠭᠦᠯᠦᠭ᠌ᠰᠡᠨ ᠢ᠋ᠶ᠋ᠡᠷ ᠪᠠᠷᠠᠬᠤ ᠥᠬᠡᠶ ᠪᠠᠰᠠ ᠲᠤᠬᠠᠶ ᠶ᠋ᠢᠨ ᠭᠠᠵᠠᠷ ᠤ᠋ᠨ ᠠᠮᠢ ᠠᠬᠤᠶ ᠣᠷᠴᠢᠨ ᠲᠣᠭᠣᠷᠢᠨ ᠢ᠋ ᠰᠠᠢᠵᠢᠷᠠᠭᠤᠯᠪᠠ᠃
ᠬᠠᠢ ᠯᠦᠩ ᠪᠤᠯ ᠵᠦᠪᠬᠡᠨ ᠠᠷᠤ ᠬᠤᠷᠴᠢᠨ ᠬᠤᠰᠢᠭᠤᠨ ᠤ᠋ ᠡᠪᠡᠰᠤ ᠲᠠᠷᠢᠵᠤ ᠡᠪᠡᠰᠤᠨ ᠤ᠋ ᠦᠢᠯᠡᠰ ᠢ᠋ ᠬᠦᠭᠵᠢᠬᠦᠯᠦᠭᠰᠡᠨ ᠦᠯᠢᠬᠡᠷ ᠵᠢᠱ᠌ᠢᠶᠠ ᠵᠢᠨ ᠨᠢᠬᠡ ᠶᠤᠮᠰᠠᠨ ᠃ ᠲᠤᠰ ᠬᠣᠱᠢᠭᠤ ᠰᠦᠯ ᠰᠠᠢᠲᠠᠶ ᠡᠯᠡᠰᠦᠷᠬᠡᠭ ᠭᠠᠵᠠᠷ ᠤ᠋ᠨ ᠲᠡᠵᠢᠭᠡᠯ ᠡᠪᠡᠰᠦᠨ ᠤ᠋ ᠠᠵᠤ ᠦᠶ᠋ᠯᠡᠰ ᠢ᠋ ᠶᠡᠬᠡ ᠪᠡᠷ ᠬᠥᠭ᠌ᠵᠢᠭᠦᠯᠵᠦ᠍ ᠂ ᠤᠷᠢᠳ ᠬᠤᠵᠢᠳ 《ᠳᠤᠮᠳᠠᠳᠤ ᠤᠯᠤᠰ ᠤ᠋ᠨ ᠡᠪᠡᠰᠦᠨ ᠤ᠋ ᠬᠤᠳᠠ》 ᠂ 《ᠪᠥᠬᠥ᠌ ᠤᠯᠤᠰ ᠤ᠋ᠨ ᠪᠤᠷᠤ ᠴᠠᠷᠭᠠᠰᠤ ᠶ᠋ᠢᠨ ᠲᠠᠷᠢᠮᠠᠯ ᠤ᠋ᠨ ᠪᠠᠷᠢᠮᠵᠢᠶᠠᠵᠢᠭᠤᠯᠤᠭ᠍ᠰᠠᠨ ᠵᠢᠱ᠌ᠢᠶ᠎ᠡ ᠦᠵᠡᠭᠦᠯᠬᠦ᠌ ᠲᠣᠭᠣᠷᠢᠭ》 ᠵᠡᠷᠭᠡ ᠢᠷᠠᠭᠤ ᠠᠯᠳᠠᠷ ᠢ᠋ ᠭᠥᠷᠳᠡᠵᠦ᠍ ᠂ ᠰᠦᠯ ᠰᠠᠢᠲᠠᠶ ᠲᠡᠵᠢᠭᠡᠯ ᠡᠪᠡᠰᠦᠨ ᠤ᠋ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠲᠠᠯ᠎ᠠ ᠪᠠᠷ ᠪᠥᠬᠥ᠌ ᠤᠯᠤᠰ ᠤ᠋ᠨ ᠬᠡᠪᠴᠢᠶ᠎ᠡ ᠪᠡᠷ ᠬᠠᠮᠤᠭ ᠤ᠋ᠨ ᠶᠡᠬᠡ᠂ ᠮᠠᠱᠢᠨᠴᠢᠯᠠᠯᠲᠠ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠡᠮᠵᠢᠶ᠎ᠠ ᠪᠡᠷ ᠬᠠᠮᠤᠭ ᠤ᠋ᠨ ᠥᠨᠳᠥᠷ ᠲᠦᠪᠰᠢᠨ ᠳ᠋ᠤ ᠬᠦᠷᠴᠠᠢ᠃
ᠤᠳᠤ ᠠᠷᠤ ᠬᠣᠷᠴᠢᠨ ᠬᠣᠱᠢᠭᠤ ᠪᠠᠷ ᠬᠣᠱᠢᠭᠤᠴᠢ ᠪᠤᠯᠭᠠᠭᠰᠠᠨ ᠲᠡᠵᠢᠬᠡᠯ ᠡᠪᠡᠰᠦᠨ ᠤ᠋ ᠦᠶ᠋ᠯᠡᠰ ᠨᠢᠭᠡᠨᠲᠡ ᠤᠯᠠᠭᠠᠨᠬᠠᠳᠠ ᠬᠣᠲᠠ ᠶ᠋ᠢᠨ ᠮᠠᠯ ᠠᠵᠤ ᠠᠬᠤᠶᠲᠠᠷᠢᠶᠠᠯᠠᠩ ᠤ᠋ᠨ ᠬᠠᠩᠭᠠᠯᠭ᠎ᠠ ᠶ᠋ᠢᠨ ᠲᠠᠯ᠎ᠠ ᠶ᠋ᠢᠨ ᠪᠦᠲᠦᠴᠡ ᠶ᠋ᠢᠨ ᠴᠢᠨᠠᠷᠲᠠᠶ ᠥᠭᠡᠷᠡᠴᠢᠯᠡᠯᠲᠡ ᠵᠢ ᠠᠬᠢᠭᠤᠯᠬᠤ ᠴᠢᠬᠤᠯᠠ ᠭᠠᠷᠳᠠᠴᠠ ᠪᠣᠯᠤᠭ᠍ᠰᠠᠨ ᠪᠥᠭᠡᠳ ᠪᠠᠰᠠ ᠮᠠᠯ ᠠᠵᠤ ᠠᠬᠤᠶᠲᠠᠷᠢᠶᠠᠯᠠᠩ ᠤ᠋ᠨ ᠦᠢᠯᠡᠳᠪᠤᠷᠢᠯᠡᠯ ᠢ᠋ ᠠᠬᠢᠭᠤᠯᠵᠤ ᠦᠷ᠎ᠡ ᠠᠱᠢᠭ ᠢ᠋ ᠨᠡᠮᠡᠭ᠌ᠳᠡᠭᠦᠯᠬᠦ᠌ ᠪᠠ ᠮᠠᠯᠴᠢᠨ ᠲᠠᠷᠢᠶᠠᠴᠢᠨ ᠤ᠋ ᠣᠷᠣᠯᠭ᠎ᠠ ᠵᠢ ᠨᠡᠮᠡᠭ᠌ᠳᠡᠭᠦᠯᠬᠦ᠌ ᠴᠢᠬᠤᠯᠠ ᠲᠤᠯᠭᠠᠭᠤᠷᠢᠯᠠᠯ ᠪᠣᠯᠤᠭ᠍ᠰᠠᠨ ᠪᠠᠢᠨ᠎ᠠ ᠃
ᠲᠥᠯᠥᠪᠵᠢᠭᠦᠯᠭᠡ ᠪᠡᠷ ᠬᠥᠲᠥᠯᠥᠨ ᠳᠠᠭᠠᠭᠤᠯᠵᠤ ᠡᠪᠡᠰᠦ ᠳᠠᠷᠢᠵᠤ ᠦᠶ᠋ᠯᠡᠰ ᠪᠤᠰᠭᠠᠨᠠ᠃ ᠤᠯᠠᠭᠠᠨᠬᠠᠳᠠ ᠬᠣᠲᠠ ᠠᠵᠤ ᠦᠶ᠋ᠯᠡᠰ ᠤ᠋ᠨ ᠪᠠᠢᠷᠢᠱᠢᠭᠤᠯᠤᠯᠲᠠ ᠪᠠᠨ ᠱᠢᠯᠢᠳᠡᠭ᠌ᠵᠢᠭᠦᠯᠵᠤ᠂ ᠳᠠᠷᠢᠬᠤ ᠳ᠋ᠤ ᠲᠣᠬᠢᠷᠠᠮᠵᠢᠲᠠᠶ ᠪᠣᠯ ᠳᠠᠷᠢᠬᠤ ᠵᠢ ᠪᠠᠷᠢᠮᠲᠠᠯᠠᠨ᠂ ᠠᠷᠤ ᠬᠣᠷᠴᠢᠨ ᠬᠣᠱᠢᠭᠤᠨ ᠤ᠋ ᠲᠠᠷᠢᠮᠠᠯ ᠡᠪᠡᠰᠤ ᠵᠢᠨ ᠭᠤᠤᠯ ᠣᠷᠣᠨ ᠢ᠋ ᠦᠷᠭᠦᠯᠵᠢᠯᠡᠨ ᠬᠦᠴᠦᠷᠬᠡᠭ᠌ᠵᠢᠭᠦᠯᠵᠦ᠍ ᠂ ᠬᠤᠢᠳᠦ ᠬᠡᠰᠡᠭ ᠤ᠋ᠨ ᠮᠠᠯᠵᠢᠬᠤ ᠬᠣᠱᠢᠭᠤᠨ ᠤ᠋ ᠰᠦᠯ ᠰᠠᠢᠲᠠᠶ ᠡᠪᠡᠰᠦ ᠳᠠᠷᠢᠬᠤ ᠲᠥᠪᠯᠡᠷᠡᠭ᠌ᠰᠡᠨ ᠣᠷᠣᠨ ᠢ᠋ ᠪᠣᠢᠵᠢᠭᠤᠯᠤᠨ ᠪᠤᠵᠠᠭᠠᠢᠷᠠᠭᠤᠯᠵᠤ᠂ ᠣᠩᠨᠢᠭᠤᠳ ᠬᠣᠱᠢᠭᠤ᠂ ᠠᠸ᠋ᠬᠠᠨ ᠬᠣᠱᠢᠭᠤ ᠵᠡᠷᠭᠡ ᠬᠣᠷᠴᠢᠨ ᠤ᠋ ᠡᠯᠡᠰᠦᠷᠬᠡᠭ ᠭᠠᠵᠠᠷ ᠤ᠋ᠨ ᠬᠥᠪᠡᠭᠡ ᠳᠠᠭᠠᠤ ᠬᠠᠭᠤᠷᠠᠶ ᠪᠠᠷ ᠳᠠᠷᠢᠬᠤ ᠴᠠᠷᠭᠠᠰᠤ ᠪᠠ ᠬᠢᠶᠠᠭ ᠡᠪᠡᠰᠦᠨ ᠤ᠋ ᠠᠵᠤ ᠦᠶ᠋ᠯᠡᠰ ᠤ᠋ᠨ ᠪᠦᠰᠡ ᠵᠢ ᠪᠥᠲᠥᠭᠡᠨ ᠪᠠᠢᠭᠤᠯᠵᠦ᠂ ᠠᠷᠤ ᠬᠣᠷᠴᠢᠨ ᠬᠣᠱᠢᠭᠤ ᠂ ᠪᠠᠭᠠᠷᠢᠨ ᠪᠠᠷᠠᠭᠤᠨ ᠬᠣᠱᠢᠭᠤ᠂ ᠬᠡᠱᠢᠭ᠌ᠲᠡᠨ ᠬᠣᠱᠢᠭᠤ ᠪᠠᠷ ᠭᠤᠤᠯ ᠪᠣᠯᠭᠠᠭ᠍ᠰᠠᠨ ᠲᠡᠵᠢᠭᠡᠯ ᠡᠪᠡᠰᠦᠨ ᠤ᠋ ᠠᠵᠤ ᠦᠶ᠋ᠯᠡᠰ ᠤ᠋ᠨ ᠪᠦᠯᠦᠭᠵᠢᠯ ᠢ᠋ ᠪᠣᠶ ᠪᠣᠯᠭᠠᠨ᠂ ᠳᠤᠮᠳᠠᠳᠤ ᠤᠯᠤᠰ ᠤ᠋ᠨ ᠴᠤᠷ ᠤ᠋ᠨ ᠭᠠᠭ᠍ᠴᠠ ᠬᠤᠤᠰ ᠱᠢᠯᠢᠳᠡᠭ ᠰᠦᠯ ᠰᠠᠢᠲᠠᠶ ᠴᠠᠷᠭᠠᠰᠤ᠂ ᠴᠢᠨᠠᠷ ᠰᠠᠢᠲᠠᠶ ᠨᠣᠬᠠᠶ ᠶ᠋ᠢᠨ ᠬᠣᠱᠢᠭᠤ ᠶ᠋ᠢᠨ ᠲᠡᠵᠢᠭᠡᠯ ᠡᠪᠡᠰᠦᠨ ᠤ᠋ ᠰᠠᠭᠤᠷᠢᠨ ᠢ᠋ ᠪᠥᠲᠥᠭᠡᠨ ᠪᠠᠢᠭᠤᠯᠵᠤ ᠪᠠᠢᠨ᠎ᠠ᠃
ᠤᠳᠤ ᠤᠯᠠᠭᠠᠨᠬᠠᠳᠠ ᠬᠣᠲᠠ ᠶ᠋ᠢᠨ ᠲᠡᠵᠢᠭᠡᠯ ᠡᠪᠡᠰᠦᠨ ᠤ᠋ ᠤᠨᠠᠯᠳᠠ 700 ᠲᠦᠮᠡᠨ ᠲᠣᠨ ᠢ᠋ ᠳᠠᠪᠠᠵᠦ᠂ ᠴᠠᠷᠭᠠᠰᠤ ᠪᠠ ᠨᠣᠬᠠᠶ ᠶ᠋ᠢᠨ ᠬᠣᠱᠢᠭᠤ ᠶ᠋ᠢᠨ ᠭᠠᠷᠤᠯᠲᠠ ᠪᠡᠷ ᠪᠥᠬᠥ᠌ ᠣᠷᠣᠨ ᠳ᠋ᠤ ᠲᠦᠷᠤᠬᠦᠯᠡᠵᠤ᠂ ᠬᠥᠬᠡ ᠳᠠᠷᠤᠰᠢ ᠶ᠋ᠢᠨ ᠡᠷᠳᠡᠨᠢ ᠱᠢᠰᠢ ᠶ᠋ᠢ ᠬᠤᠷᠢᠶᠠᠵᠤ ᠲᠠᠷᠤᠰᠢᠭᠤᠯᠬᠤ ᠬᠡᠮᠵᠢᠶ᠎ᠠ ᠪᠡᠷ ᠪᠥᠬᠥ᠌ ᠣᠷᠣᠨ ᠳ᠋ᠤ ᠲᠡᠳ᠋ᠯᠡᠵᠤ ᠪᠤᠢ᠃ ᠬᠣᠢᠱᠢᠳᠠ ᠶ᠋ᠢᠨ 3 ᠵᠢᠯ ᠳ᠋ᠦ᠂ ᠤᠯᠠᠭᠠᠨᠬᠠ ᠬᠣᠲᠠ ᠲᠡᠵᠢᠭᠡᠯ ᠡᠪᠡᠰᠦ ᠳᠠᠷᠢᠵᠤ ᠠᠱᠢᠭ᠍ᠯᠠᠬᠤ《ᠠᠷᠪᠠ ᠵᠠᠭᠤ ᠮᠢᠩᠭ᠎ᠠ》ᠶ᠋ᠢᠨ ᠢᠨᠵᠧᠨᠧᠷᠢᠩ ᠢ᠋ ᠭᠤᠤᠯᠳᠠᠯᠭ᠎ᠠ ᠲᠠᠢ ᠬᠡᠷᠡᠭ᠌ᠵᠢᠭᠦᠯᠵᠦ᠍᠂ ᠵᠢᠯ ᠪᠤᠯᠭᠠᠨ ᠲᠡᠵᠢᠭᠡᠯ ᠡᠪᠡᠰᠦ ᠶ᠋ᠢᠨ ᠲᠠᠯᠠᠪᠠᠶ ᠵᠢ ᠱᠢᠨ᠎ᠡ ᠪᠡᠷ 78 ᠲᠦᠮᠡᠨ ᠮᠥ᠍ ᠦᠷᠬᠡᠳᠬᠡᠬᠦ ᠪᠤᠶᠤ ᠰᠠᠢᠵᠢᠷᠠᠭᠤᠯᠵᠤ᠂ 2025 ᠣᠨ ᠪᠣᠯᠬᠤ ᠳ᠋ᠤ ᠲᠡᠵᠢᠭᠡᠯ ᠡᠪᠡᠰᠦ ᠳᠠᠷᠢᠬᠤ ᠪᠠ ᠠᠱᠢᠭ᠍ᠯᠠᠬᠤ ᠲᠠᠯᠠᠪᠠᠶ ᠵᠢ 486 ᠲᠦᠮᠡᠨ ᠮᠦ᠍ ᠳ᠋ᠦ ᠬᠦᠷᠭᠡᠨ᠂ ᠲᠡᠵᠢᠭᠡᠯ ᠡᠪᠡᠰᠦ ᠶ᠋ᠢᠨ ᠤᠨᠠᠯᠲᠠ ᠵᠢ 1000 ᠲᠦᠮᠡᠨ ᠲᠣᠨ ᠢ᠋ ᠳᠠᠪᠠᠭᠤᠯᠵᠤ᠂ ᠡᠪᠡᠰᠦᠨ ᠤ᠋ ᠠᠵᠤ ᠦᠶ᠋ᠯᠡᠰ ᠢ᠋ ᠦᠷᠭᠦᠯᠵᠢᠯᠡᠨ ᠪᠤᠵᠠᠭᠠᠢᠷᠠᠭᠤᠯᠵᠤ ᠱᠢᠯᠢᠳᠡᠭ᠌ᠵᠢᠭᠦᠯᠬᠦ ᠪᠤᠯᠤᠨ᠎ᠠ ᠃
ᠰᠢᠷᠬᠡᠭ ᠡᠪᠡᠰᠦ ᠳ᠋ᠦᠩᠱᠢᠭᠤᠷ ᠲᠥᠭᠥᠷᠢᠭ ᠤ᠋ᠨ ᠠᠵᠤ ᠦᠶ᠋ᠯᠡᠰ ᠢ᠋ ᠳᠠᠢᠴᠢᠯᠠᠨ᠎ᠠ !ᠠᠵᠤ ᠦᠢᠯᠡᠰᠵᠢᠭ᠌ᠰᠡᠨ ᠡᠵᠡᠩᠨᠡᠯᠲᠡ ᠢ᠋ᠢ ᠴᠢᠩᠭᠠᠳᠭᠠᠵᠤ᠂ ᠠᠵᠤ ᠠᠬᠤᠶ ᠢ᠋ᠢᠨ ᠦᠷ᠎ᠡ ᠠᠱᠢᠭ ᠢ᠋ ᠳᠡᠭᠡᠭ᠌ᠰᠢᠯᠡᠭᠦᠯᠬᠦ᠌ ᠢ᠋ᠢᠨ ᠲᠥᠯᠥᠭᠡ᠂ ᠤᠯᠠᠭᠠᠨᠬᠠᠳᠠ ᠬᠣᠲᠠ ᠣᠲᠣ ᠢ᠋ᠢᠨ ᠪᠠᠢᠭ᠎ᠠ ᠤᠣ ᠶᠠ ᠪᠦᠯᠦᠭ᠌ᠯᠡᠯ᠂ ᠥᠪᠥᠷ ᠮᠣᠩᠭᠣᠯ ᠤ᠋ᠨ ᠼᠤᠤ ᠳ᠋ᠦ᠋ ᠪᠦᠯᠦᠭ᠌ᠯᠡᠯ᠂ ᠪᠡᠭᠡᠵᠢᠩ ᠤ᠋ᠨ ᠯᠢᠦᠶ ᠲᠢᠶᠠᠨ ᠶᠤᠸᠠᠨ ᠺᠤᠮᠫᠠᠨᠢ ᠵᠡᠷᠭᠡ ᠳᠠᠭᠠᠭᠤᠯᠤᠭᠴᠢ ᠠᠵᠤ ᠠᠬᠤᠢᠯᠠᠯ ᠳ᠋ᠤ ᠲᠦᠱᠢᠭ᠌ᠯᠡᠨ 《ᠳᠠᠭᠠᠭᠤᠯᠤᠭᠴᠢ ᠠᠵᠤ ᠠᠬᠤᠢᠯᠠᠯ + ᠲᠤᠰᠬᠠᠢ ᠬᠣᠷᠱᠢᠶᠠ + ᠮᠠᠯᠵᠢᠬᠤ ᠲᠠᠷᠢᠶᠠᠯᠠᠬᠤ ᠡᠷᠦᠬᠡ》 ᠢ᠋ᠢᠨ ᠮᠠᠯ ᠪᠡᠯᠴᠢᠭᠡᠷ ᠤ᠋ᠨ ᠬᠣᠯᠪᠣᠭᠠᠲᠤ ᠴᠣᠭ᠍ᠴᠠ ᠢ᠋ᠢ ᠶᠡᠬᠡ ᠪᠡᠷ ᠬᠥᠭ᠌ᠵᠢᠭᠦᠯᠵᠦ᠍᠂ ᠲᠡᠵᠢᠭᠡᠨ ᠦᠷᠡᠵᠢᠭᠦᠯᠬᠦ᠌ ᠠᠵᠤ ᠠᠬᠤᠢᠯᠠᠯ ᠬᠢᠭᠡᠳ ᠡᠪᠡᠰᠦ ᠳᠠᠷᠢᠬᠤ ᠭᠤᠤᠯ ᠴᠣᠭ᠍ᠴᠠ ᠢ᠋ᠢᠨ ᠬᠤᠷᠱᠢᠨ ᠡᠵᠡᠩᠨᠡᠬᠦ᠌᠂ ᠮᠠᠯᠵᠢᠬᠤ ᠡᠷᠦᠬᠡ ᠬᠣᠭᠣᠷᠣᠨᠳᠣ ᠪᠠᠨ ᠬᠣᠯᠪᠣᠭᠠᠯᠠᠨ ᠬᠠᠮᠲᠤ ᠪᠠᠷ ᠪᠠᠢᠭᠤᠯᠬᠤ ᠢ᠋ᠢ ᠵᠣᠷᠢᠭ᠍ᠵᠢᠭᠤᠯᠤᠨ ᠬᠥᠲᠥᠯᠥᠨ ᠵᠢᠯᠣᠭᠣᠳᠴᠤ᠌᠂ ᠨᠢᠭ᠍ᠲᠠᠷᠬᠠᠰᠠᠨ ᠬᠡᠯᠪᠡᠷᠢ ᠢ᠋ᠢᠨ ᠠᠱᠢᠭ ᠲᠤᠰᠠ ᠢ᠋ᠢᠨ ᠬᠤᠯᠪᠤᠭᠠᠨ ᠤ᠋ ᠲᠣᠭ᠍ᠲᠠᠴᠠ ᠢ᠋ᠢ ᠪᠠᠢᠭᠤᠯᠤᠨ᠂ 2025 ᠣᠨ ᠪᠣᠯᠬᠤ ᠳ᠋ᠤ ᠱᠢᠨ᠎ᠡ ᠪᠡᠷ ᠬᠣᠲᠠ ᠢ᠋ᠢᠨ ᠲᠠᠰ ᠡᠴᠡ ᠳᠡᠭᠡᠭ᠌ᠰᠢᠬᠢ ᠲᠠᠭᠠᠭᠤᠯᠤᠭᠴᠢ ᠠᠵᠤ ᠠᠬᠤᠢᠯᠠᠯ ᠢ᠋ 5 ᠡᠴᠡ ᠳᠡᠭᠡᠭ᠌ᠰᠢ᠂ ᠵᠢᠱ᠌ᠢᠶ᠎ᠡ ᠦᠵᠡᠭᠦᠯᠬᠦ᠌ ᠲᠤᠰᠬᠠᠢ ᠬᠣᠷᠱᠢᠶᠠ ᠵᠢ 30 ᠡᠴᠡ ᠳᠡᠭᠡᠭ᠌ᠰᠢ᠂ ᠲᠡᠵᠢᠭᠡᠯ ᠡᠪᠡᠰᠦᠨ ᠤ᠋ ᠠᠵᠤ ᠦᠶ᠋ᠯᠡᠰ ᠤ᠋ᠨ ᠵᠢᠱ᠌ᠢᠶ᠎ᠡ ᠦᠵᠡᠭᠦᠯᠬᠦ᠌ ᠬᠣᠯᠪᠣᠭᠠᠲᠤ ᠴᠣᠭ᠍ᠴᠠ ᠢ᠋ᠢ 10 ᠡᠴᠡ ᠳᠡᠭᠡᠭ᠌ᠰᠢ ᠪᠣᠢᠵᠢᠭᠤᠯᠬᠤ ᠪᠡᠷ ᠪᠤᠢ᠃
ᠡᠨᠡ ᠬᠤᠶᠠᠷ ᠵᠢᠯ ᠳ᠋ᠤ ᠤᠯᠠᠭᠠᠨᠬᠠᠳᠠ ᠬᠣᠲᠠ ᠲᠥᠷᠥᠯ ᠲᠡᠮᠳᠡᠭ᠌ᠵᠢᠭᠦᠯᠦᠨ ᠪᠠᠢᠭᠤᠯᠬᠤ ᠢ᠋ᠢ ᠳᠣᠪᠣᠢᠯᠭᠠᠵᠤ᠂ ᠡᠪᠡᠰᠦᠨ ᠤ᠋ ᠦᠶ᠋ᠯᠡᠰ ᠤ᠋ᠨ ᠬᠥᠭ᠌ᠵᠢᠯᠲᠡ ᠢ᠋ᠢᠨ ᠳᠠᠪᠠᠭᠤᠯᠢᠭᠳᠤ ᠣᠷᠣᠨ ᠢ᠋ ᠪᠥᠲᠥᠭᠡᠨ ᠪᠠᠢᠭᠤᠯᠬᠤ ᠳ᠋ᠤ ᠰᠠᠭᠤᠷᠢᠯᠠᠨ᠂ 《ᠳᠤᠮᠳᠠᠳᠤ ᠤᠯᠤᠰ ᠤ᠋ᠨ ᠡᠪᠡᠰᠦᠨ ᠤ᠋ ᠲᠥᠪ》 ᠤ᠋ᠨ ᠲᠥᠷᠥᠯ ᠲᠡᠮᠳᠡᠭ ᠢ᠋ ᠠᠯᠳᠠᠷᠱᠢᠭᠤᠯᠵᠤ᠂ 《ᠤᠯᠠᠭᠠᠨᠬᠠᠳᠠ ᠢ᠋ᠢᠨ ᠴᠠᠷᠭᠠᠰᠤ》᠂ 《ᠤᠯᠠᠭᠠᠨᠬᠠᠳᠠ ᠢ᠋ᠢᠨ ᠨᠣᠬᠠᠶ ᠢ᠋ᠢᠨ ᠬᠣᠱᠢᠭᠤ》 ᠢ᠋ᠢ ᠤᠯᠠᠭᠠᠨᠬᠠᠳᠠ ᠢ᠋ᠢᠨ ᠮᠠᠯ ᠤ᠋ᠨ ᠠᠱᠢᠭ ᠱᠢᠮᠡᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠣᠷᠣᠨ ᠪᠦᠰᠡ ᠢ᠋ᠢᠨ ᠨᠡᠢᠲᠡ ᠢ᠋ᠢᠨ ᠬᠡᠷᠡᠭ᠌ᠯᠡᠭᠡᠨ ᠤ᠋ ᠲᠥᠷᠥᠯ ᠲᠡᠮᠳᠡᠭ ᠲᠦ᠍ ᠣᠷᠣᠭᠤᠯᠬᠤ ᠢ᠋ᠢ ᠠᠬᠢᠭᠤᠯᠵᠤ᠂ 2025 ᠣᠨ ᠪᠣᠯᠬᠤ ᠳ᠋ᠤ ᠡᠪᠡᠰᠦᠨ ᠤ᠋ ᠪᠦᠲᠦᠭᠡᠭ᠌ᠳᠡᠬᠦᠨ ᠤ᠋ ᠬᠠᠮᠲᠤ ᠢ᠋ᠢᠨ ᠲᠠᠸᠠᠷ ᠤ᠋ᠨ ᠲᠡᠮᠳᠡᠭ ᠢ᠋ 6 ᠡᠴᠡ ᠳᠡᠭᠡᠭ᠌ᠰᠢ ᠬᠦᠷᠬᠡᠬᠦ ᠪᠠᠷ ᠴᠢᠷᠮᠠᠢᠵᠤ ᠪᠠᠢᠨ᠎ᠠ᠃ ᠡᠭᠦᠨ ᠤ᠋ ᠬᠠᠮᠲᠤ᠂ ᠲᠠᠸᠠᠷᠴᠢᠯᠠᠬᠤ ᠬᠡᠮᠵᠢᠶ᠎ᠡ ᠢ᠋ᠢ ᠳᠡᠭᠡᠭ᠌ᠰᠢᠯᠡᠭᠦᠯᠤᠨ ᠬᠡᠰᠡᠭᠯᠡᠭᠰᠡᠨ ᠡᠪᠡᠰᠤ᠂ ᠡᠪᠡᠰᠤᠨ ᠲᠤᠭᠤᠰᠬ᠎ᠠ᠂ ᠡᠪᠡᠰᠤᠨ ᠨᠤᠨᠳᠠᠭ ᠤ᠋ᠨ ᠲᠤᠰᠭᠠᠢᠵᠢᠭ᠍ᠰᠠᠨ ᠬᠡᠪᠴᠢᠶᠡᠵᠢᠭ᠌ᠰᠡᠨ ᠦᠢᠯᠡᠳᠪᠦᠷᠢᠯᠡᠯ ᠢ᠋ ᠠᠬᠢᠭᠤᠯᠵᠤ᠂ ᠬᠠᠷᠠᠭᠠᠨ᠎ᠠ ᠢ᠋ᠢ ᠡᠳ᠋ᠰᠢᠭᠦᠯᠬᠦ ᠶ᠋ᠢ ᠶᠡᠬᠡ ᠪᠡᠷ ᠬᠥᠭ᠌ᠵᠢᠭᠦᠯᠦᠨ᠂ ᠴᠢᠳᠠᠮᠵᠢᠲᠤ ᠲᠡᠵᠢᠭᠡᠯ ᠡᠪᠡᠰᠦ᠂ ᠢᠰᠭᠡᠭ᠌ᠰᠡᠨ ᠡᠪᠡᠰᠦ ᠵᠡᠷᠭᠡ ᠡᠯ᠎ᠡ ᠲᠥᠷᠥᠯ ᠤ᠋ᠨ ᠡᠪᠡᠰᠦᠨ ᠤ᠋ ᠪᠦᠲᠦᠭᠡᠭ᠌ᠳᠡᠬᠦᠨ ᠢ᠋ ᠨᠡᠭᠡᠭᠡᠨ ᠬᠥᠭ᠌ᠵᠢᠭᠦᠯᠬᠦ᠌ ᠢ᠋ᠢ ᠳᠡᠮᠵᠢᠵᠦ᠍᠂ ᠢᠳᠡᠬᠡᠨ ᠪᠠ ᠡᠮ ᠳ᠋ᠤ ᠬᠡᠷᠡᠭ᠌ᠯᠡᠬᠦ᠌ ᠡᠪᠡᠰᠦᠨ ᠤ᠋ ᠠᠵᠤ ᠦᠢᠯᠡᠰ᠂ ᠨᠤᠲᠤᠭ ᠪᠡᠯᠴᠢᠭᠡᠷ ᠤ᠋ᠨ ᠠᠮᠢ ᠠᠬᠤᠶ ᠢ᠋ᠢᠨ ᠠᠵᠤ ᠦᠢᠯᠡᠰ᠂ ᠨᠤᠲᠤᠭ ᠪᠡᠯᠴᠢᠭᠡᠷ ᠢ᠋ ᠲᠣᠭᠣᠷᠢᠨ ᠦᠵᠡᠬᠦ᠌ ᠵᠢᠭᠤᠯᠴᠢᠯᠠᠯ ᠤ᠋ᠨ ᠦᠢᠯᠡᠰ ᠵᠡᠷᠭᠡ ᠠᠵᠤ ᠦᠢᠯᠡᠰ ᠤ᠋ᠨ ᠬᠥᠭ᠌ᠵᠢᠯᠲᠡ ᠢ᠋ᠢ ᠳᠠᠢᠴᠢᠯᠠᠨ᠂ ᠡᠪᠡᠰᠦᠨ ᠤ᠋ ᠪᠦᠲᠦᠭᠡᠭ᠌ᠳᠡᠬᠦᠨ ᠤ᠋ ᠲᠠᠸᠠᠷ ᠤ᠋ᠨ ᠨᠣᠷᠮ᠎ᠠ ᠪᠣᠯᠤᠨ ᠨᠡᠮᠡᠯᠲᠡ ᠥᠷᠲᠡᠭ ᠢ᠋ ᠳᠡᠭᠡᠭ᠌ᠰᠢᠯᠡᠭᠦᠯᠵᠤ ᠪᠠᠢᠨ᠎ᠠ ᠃
ᠰᠢᠨ᠎ᠠ ᠰᠤᠷᠭᠤᠭ ᠲᠡᠵᠢᠭᠡᠯ ᠡᠪᠡᠰᠦ ᠨᠢ ᠲᠡᠵᠢᠭᠡᠨ ᠦᠷᠡᠵᠢᠭᠦᠯᠬᠦ᠌ ᠦᠶ᠋ᠯᠡᠰ ᠤ᠋ᠨ ᠬᠥᠭ᠌ᠵᠢᠯᠲᠡ ᠢ᠋ᠢ ᠠᠬᠢᠭᠤᠯᠵᠤ᠂ ᠤᠯᠠᠭᠠᠨᠬᠠᠳᠠ ᠬᠣᠲᠠ 《ᠳᠠᠷᠢᠬᠤ᠂ ᠲᠡᠵᠢᠭᠡᠬᠦ᠌᠂ ᠡᠳ᠋ᠰᠢᠬᠦᠯᠬᠦ》 ᠵᠢᠨ ᠪᠣᠬᠢᠷᠲᠤᠯ ᠥᠬᠡᠶ ᠡᠷᠬᠢᠯᠳᠡᠳᠦ ᠠᠵᠤ ᠦᠶ᠋ᠯᠡᠰ ᠤ᠋ᠨ ᠬᠡᠯᠬᠢᠶ᠎ᠡ ᠢ᠋ᠢ ᠪᠦᠷᠢᠯᠳᠦᠭᠦᠯᠵᠦ᠍᠂ ᠨᠢᠭᠡ ᠪᠦᠯᠦᠭ ᠣᠷᠭᠠᠨᠢᠭ ᠪᠣᠬᠢᠷᠲᠤᠯ ᠥᠬᠡᠶ ᠪᠦᠲᠦᠭᠡᠭᠳᠡᠭᠦᠨ ᠨᠢ ᠨᠢᠭᠡᠨᠲᠡ ᠤᠯᠤᠰ ᠤ᠋ᠨ ᠭᠠᠵᠠᠷ ᠵᠦᠶ ᠢ᠋ᠢᠨ ᠢᠯᠡᠷᠬᠡᠢᠯᠡᠯᠳᠤ ᠲᠠᠸᠠᠷ ᠤ᠋ᠨ ᠲᠡᠮᠳᠡᠭ ᠵᠢᠡᠷ ᠪᠦᠷᠢᠳᠬᠡᠬᠦᠯᠪᠡ᠃
ᠡᠪᠡᠰᠦᠨ ᠤ᠋ ᠦᠶ᠋ᠯᠡᠰ ᠪᠥᠬᠥ᠌ ᠬᠡᠯᠬᠢᠶ᠎ᠡ ᠵᠢᠨ ᠬᠦᠭᠵᠢᠯᠳᠡ ᠵᠢ ᠲᠠᠢᠴᠢᠯᠠᠨᠠ᠃ ᠤᠯᠠᠭᠠᠨᠬᠠᠳᠠ ᠬᠣᠲᠠ ᠡᠪᠡᠰᠦᠨ ᠤ᠋ ᠦᠶ᠋ᠯᠡᠰ ᠤ᠋ᠨ ᠡᠬᠢ ᠪᠠᠶᠠᠯᠢᠭ ᠤ᠋ᠨ ᠳᠠᠪᠠᠭᠤᠯᠢᠭ ᠪᠠ ᠮᠠᠯ ᠠᠵᠤ ᠠᠬᠤᠶ ᠢ᠋ᠢᠨ ᠬᠥᠭ᠌ᠵᠢᠯᠲᠡ ᠢ᠋ᠢᠨ ᠰᠠᠭᠤᠷᠢ ᠡᠴᠡ ᠭᠠᠷᠳᠠᠨ ᠳᠠᠷᠢᠬᠤ ᠪᠠᠷ ᠲᠡᠵᠢᠭᠡᠬᠦ᠌ ᠢ᠋ᠢ ᠳᠠᠢᠴᠢᠯᠠᠵᠤ᠂ ᠲᠡᠵᠢᠭᠡᠬᠦ᠌ ᠪᠡᠷ ᠡᠳ᠋ᠰᠢᠬᠦᠯᠬᠦ ᠢ᠋ᠢ ᠠᠬᠢᠭᠤᠯᠵᠤ᠂ ᠲᠡᠵᠢᠭᠡᠯ ᠡᠪᠡᠰᠦ ᠳᠠᠷᠢᠬᠤ᠂ ᠮᠠᠯ ᠠᠵᠤ ᠠᠬᠤᠶ ᠵᠢ ᠬᠦᠭᠵᠢᠬᠦᠯᠬᠦ᠂ ᠡᠪᠡᠰᠦᠨ ᠪᠤᠷᠳᠤᠭ᠎ᠠ ᠡᠳ᠋ᠱᠢᠭᠦᠯᠬᠦ᠌᠂ ᠴᠠᠭᠠᠨ ᠢᠳᠡᠭᠡᠨ᠂ ᠮᠢᠬᠠᠨ ᠤ᠋ ᠢᠳᠡᠭᠡᠨ ᠪᠤᠯᠪᠠᠰᠤᠷᠠᠭᠤᠯᠬᠤ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠢ᠋ᠢᠨ ᠬᠥᠭ᠌ᠵᠢᠯᠲᠡ ᠢ᠋ᠢ ᠠᠬᠢᠭᠤᠯᠪᠠ᠃ ᠪᠥᠬᠥ᠌ ᠬᠣᠲᠠ ᠪᠡᠷ ᠢ᠋ᠢᠡᠨ ᠡᠪᠡᠰᠦᠨ ᠤ᠋ ᠦᠶ᠋ᠯᠡᠰ ᠢ᠋ ᠬᠥᠭ᠌ᠵᠢᠭᠦᠯᠬᠦ᠌ ᠪᠡᠷ ᠲᠠᠮᠵᠢᠨ ᠲᠡᠵᠢᠭᠡᠪᠤᠷᠢ ᠵᠢᠨ ᠦᠶ᠋ᠯᠡᠰ ᠤ᠋ᠨ ᠰᠦᠷᠦᠭᠵᠢᠯ ᠢ᠋ ᠥᠷᠭᠡᠳᠭᠡᠨ ᠬᠡᠮᠵᠢᠶ᠎ᠡ ᠢ᠋ᠢ ᠨᠡᠮᠡᠭ᠌ᠳᠡᠭᠦᠯᠬᠦ᠌ ᠢ᠋ᠢ ᠳᠠᠢᠴᠢᠯᠠᠵᠤ᠂ ᠰᠦᠯ ᠰᠠᠢᠲᠠᠶ ᠲᠡᠵᠢᠭᠡᠯ ᠡᠪᠡᠰᠦ ᠢ᠋ᠢ ᠲᠤᠬᠠᠶ ᠢ᠋ᠢᠨ ᠭᠠᠵᠠᠷ ᠲᠤᠨᠢ ᠬᠤᠪᠢᠷᠠᠭᠤᠯᠤᠨ ᠥᠷᠲᠡᠭ ᠢ᠋ ᠨᠢ ᠨᠡᠮᠡᠭ᠌ᠳᠡᠭᠦᠯᠬᠦ᠌ ᠢ᠋ᠢ ᠠᠬᠢᠭᠤᠯᠵᠤ᠂ 2025 ᠣᠨ ᠪᠣᠯᠬᠤ ᠳ᠋ᠤ ᠰᠠᠭᠠᠯᠢ ᠢ᠋ᠢᠨ ᠮᠠᠯ ᠢ᠋ 50 ᠲᠦᠮᠡ᠂ ᠮᠢᠬᠠᠨ ᠤ᠋ ᠦᠬᠡᠷ ᠢ᠋ 400 ᠲᠦᠮᠡ᠂ ᠮᠢᠬᠠᠨ ᠤ᠋ ᠬᠤᠨᠢ ᠢ᠋ᠢ 1500 ᠲᠦᠮᠡ ᠳ᠋ᠤ ᠬᠦᠷᠭᠡᠨ᠂ ᠲᠣᠮᠣ ᠬᠡᠯᠪᠡᠷᠢ ᠢ᠋ᠢᠨ ᠮᠠᠯᠵᠢᠯ ᠤ᠋ᠨ ᠲᠠᠯᠠᠪᠠᠶ ᠳ᠋ᠤ ᠦᠭᠬᠦ ᠲᠤᠬᠠᠢ ᠵᠢᠨ ᠭᠠᠵᠠᠷ ᠤ᠋ᠨ ᠲᠡᠵᠢᠭᠡᠯ ᠡᠪᠡᠰᠦ ᠢ᠋ᠢᠨ ᠬᠠᠩᠭᠠᠯᠭ᠎ᠠ ᠢ᠋ᠢᠨ ᠨᠣᠷᠮ᠎ᠠ ᠢ᠋ᠢ 85% ᠵᠢ ᠲᠠᠪᠠᠭᠤᠯᠬᠤ ᠪᠡᠷ ᠪᠤᠢ᠃ ᠲᠡᠵᠢᠭᠡᠵᠤ ᠡᠳ᠋ᠱᠢᠭᠦᠯᠬᠦ᠌ ᠢ᠋ᠢ ᠨᠢᠭᠡ ᠴᠣᠭ᠍ᠴᠠᠵᠢᠭᠤᠯᠬᠤ ᠢ᠋ᠢ ᠶᠡᠬᠡ ᠪᠡᠷ ᠠᠬᠢᠭᠤᠯᠵᠤ᠂ ᠮᠠᠯ ᠠᠵᠤ ᠠᠬᠤᠢᠲᠠᠷᠢᠶᠠᠯᠠᠩ ᠤ᠋ᠨ ᠳᠠᠭᠠᠭᠤᠯᠤᠭᠴᠢ ᠠᠵᠤ ᠠᠬᠤᠢᠯᠠᠯ᠂ ᠵᠠᠭᠤᠨ ᠬᠦᠴᠦᠷᠬᠡᠭ ᠠᠵᠤ ᠠᠬᠤᠢᠯᠠᠯ ᠢ᠋ ᠪᠣᠢᠵᠢᠭᠤᠯᠬᠤ ᠪᠠ ᠣᠷᠣᠭᠤᠯᠤᠨ ᠠᠪᠴᠢᠷᠠᠵᠤ᠂ ᠲᠤᠰᠬᠠᠢ ᠬᠣᠷᠱᠢᠶᠠ ᠪᠤᠯᠤᠨ ᠭᠡᠷ ᠪᠦᠯᠢ ᠢ᠋ᠢᠨ ᠮᠠᠯᠵᠢᠯ ᠤ᠋ᠨ ᠲᠠᠯᠠᠪᠠᠢ ᠢ᠋ᠢᠨ ᠦᠪᠡᠷ ᠢ᠋ᠢᠡᠨ ᠢᠳᠡᠭᠡᠨ ᠪᠤᠯᠪᠠᠰᠤᠷᠠᠭᠤᠯᠬᠤ ᠭᠠᠵᠠᠷ ᠪᠠᠢᠭᠤᠯᠬᠤ ᠢ᠋ᠢ ᠵᠣᠷᠢᠭ᠍ᠵᠢᠭᠤᠯᠤᠨ᠂ ᠰᠦ ᠢ᠋ᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ᠂ ᠮᠢᠬᠠᠨ ᠤ᠋ ᠦᠬᠡᠷ ᠬᠣᠨᠢ ᠢᠮᠠᠭ᠎ᠠ ᠢ᠋ᠢ ᠨᠠᠷᠢᠯᠢᠭ ᠡᠳ᠋ᠱᠢᠭᠦᠯᠬᠦ᠌ ᠠᠵᠤ ᠦᠢᠯᠡᠰ ᠤ᠋ᠨ ᠬᠥᠭ᠌ᠵᠢᠯᠲᠡ ᠢ᠋ᠢ ᠰᠠᠢᠲᠤᠷ ᠠᠳᠭᠤᠵᠤ᠂ ᠲᠤᠬᠠᠶ ᠢ᠋ᠢᠨ ᠭᠠᠵᠠᠷ ᠲᠤᠨᠢ ᠡᠳ᠋ᠱᠢᠭᠦᠯᠦᠨ ᠤᠨᠳᠤᠤᠰᠢᠭᠤᠯᠬᠤ ᠨᠣᠷᠮ᠎ᠠ ᠢ᠋ᠢ ᠳᠡᠭᠡᠭ᠌ᠰᠢᠯᠡᠭᠦᠯᠵᠤ ᠪᠠᠢᠨ᠎ᠠ᠃ ᠤᠳᠤ ᠤᠯᠠᠭᠠᠨᠬᠠᠳᠠ ᠬᠣᠲᠠ ᠢᠯᠢ᠂ ᠲᠢᠶᠠᠨᠵᠢᠨ ᠤ᠋ ᠢᠳᠡᠭᠡᠨ᠂ ᠱᠢᠨ ᠰᠢ ᠸᠠᠩ ᠂ ᠱᠢᠨ ᠤᠣ ᠬᠣᠩ ᠶᠧ ᠵᠡᠷᠭᠡ ᠣᠷᠣᠨ ᠤ᠋ ᠳᠣᠲᠣᠨ᠎ᠠ ᠭᠠᠳᠠᠨᠠᠬᠢ 9 ᠠᠵᠤ ᠠᠬᠤᠢᠯᠠᠯ ᠲᠠᠶ ᠬᠠᠮᠲᠤᠷᠠᠨ ᠠᠵᠢᠯᠯᠠᠬᠤ ᠰᠠᠨᠠᠮᠵᠢ ᠲᠣᠭ᠍ᠲᠠᠵᠤ᠂ ᠶᠡᠷᠦᠩᠬᠡᠶ ᠪᠠᠯᠠ ᠣᠷᠣᠭᠤᠯᠤᠯᠲᠠ ᠨᠢ 75 ᠳ᠋ᠦᠩᠱᠢᠭᠤᠷ ᠲᠥᠭᠥᠷᠢᠭ ᠤ᠋ᠨ ᠰᠦ ᠢ᠋ᠢᠨ ᠦᠶ᠋ᠯᠡᠰ ᠢ᠋ ᠬᠥᠭ᠌ᠵᠢᠭᠦᠯᠦᠨ ᠮᠠᠨᠳᠤᠭᠤᠯᠬᠤ ᠠᠵᠤ ᠦᠢᠯᠡᠰ ᠤ᠋ᠨ ᠬᠡᠯᠬᠢᠶ᠎ᠡ ᠢ᠋ᠢ ᠤᠷᠲᠤᠳᠬᠠᠵᠤ ᠠᠵᠤ ᠦᠢᠯᠡᠰ ᠤ᠋ᠨ ᠬᠡᠯᠬᠢᠶ᠎ᠡ ᠢ᠋ᠢ ᠨᠥᠬᠥᠪᠥᠷᠢᠯᠡᠬᠦ᠌ 12 ᠲᠥᠷᠥᠯ ᠵᠦᠶ᠋ᠯ ᠢ᠋ ᠪᠠᠢᠭᠤᠯᠤᠭᠰᠠᠨ ᠪᠠ ᠪᠤᠯᠤᠮᠵᠢᠳᠤ ᠰᠤᠳᠤᠯᠭᠠᠨ ᠤ᠋ ᠮᠡᠳᠡᠬᠦᠯᠦᠯᠳᠡ ᠵᠢ ᠨᠢᠬᠡᠨᠳᠡ ᠴᠣᠬᠣᠯᠠᠪᠣᠷᠢᠯᠠᠵᠤ᠂ 4 ᠲᠥᠷᠥᠯ ᠵᠦᠶ᠋ᠯ ᠢ᠋ ᠡᠨᠡ ᠬᠠᠪᠤᠷ ᠪᠠᠷᠢᠯᠭ᠎ᠠ ᠡᠬᠢᠯᠡᠭᠦᠯᠵᠤ ᠪᠥᠲᠥᠭᠡᠨ ᠪᠠᠢᠭᠤᠯᠬᠤ ᠪᠤᠯᠤᠨ᠎ᠠ ᠃
《〈ᠰᠢᠷᠬᠡᠭ ᠡᠪᠡᠰᠦ〉 ᠡᠴᠡ 〈ᠴᠣᠮᠣ ᠰᠦ〉 〈ᠬᠡᠰᠡᠭ ᠮᠢᠬ᠎ᠠ〉 ᠬᠦᠷᠲᠡᠯ᠎ᠡ᠂ ᠤᠯᠠᠭᠠᠨᠬᠠᠳᠠ ᠬᠣᠲᠠ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠢ᠋ᠢᠨ ᠬᠥᠭ᠌ᠵᠢᠯᠲᠡ ᠢ᠋ᠢᠨ ᠪᠠᠢᠷᠢᠱᠢᠯ ᠢ᠋ ᠪᠦᠷᠢᠯᠳᠦᠭᠦᠯᠬᠦ᠌ ᠢ᠋ᠢ ᠲᠦᠷᠭᠡᠳᠭᠡᠨ ᠠᠬᠢᠭᠤᠯᠵᠤ᠂ 3 — 5 ᠵᠢᠯ ᠤ᠋ᠨ ᠬᠤᠭᠤᠴᠠᠭᠠᠨ ᠳ᠋ᠤ ᠡᠪᠡᠰᠦᠨ ᠤ᠋ ᠦᠶ᠋ᠯᠡᠰ ᠤ᠋ᠨ ᠦᠶ᠋ᠯᠡᠳᠬᠦᠨ ᠤ᠋ ᠥᠷᠲᠡᠭ ᠢ᠋ 50 ᠳ᠋ᠦᠩᠱᠢᠭᠤᠷ ᠲᠥᠭᠥᠷᠢᠭ ᠢ᠋ ᠳᠠᠪᠠᠭᠤᠯᠤᠨ᠂ ᠰᠦ ᠢ᠋ᠢᠨ ᠦᠶ᠋ᠯᠡᠰ ᠤ᠋ᠨ ᠦᠶ᠋ᠯᠡᠳᠬᠦᠨ ᠤ᠋ ᠥᠷᠲᠡᠭ ᠢ᠋ 100 ᠳ᠋ᠦᠩᠱᠢᠭᠤᠷ ᠲᠥᠭᠥᠷᠢᠭ ᠢ᠋ ᠳᠠᠪᠠᠭᠤᠯᠵᠤ᠂ ᠮᠢᠬᠠᠨ ᠤ᠋ ᠦᠬᠡᠷ ᠬᠣᠨᠢᠨ ᠤ᠋ ᠦᠶ᠋ᠯᠡᠳᠬᠦᠨ ᠤ᠋ ᠥᠷᠲᠡᠭ ᠢ᠋ 400 ᠳ᠋ᠦᠩᠱᠢᠭᠤᠷ ᠲᠥᠭᠥᠷᠢᠭ ᠢ᠋ ᠳᠠᠪᠠᠭᠤᠯᠤᠨ᠎ᠠ》 ᠬᠡᠵᠤ ᠤᠯᠠᠭᠠᠨᠬᠠᠳᠠ ᠬᠣᠲᠠ ᠢ᠋ᠢᠨ ᠨᠠᠮ ᠤ᠋ᠨ ᠬᠤᠷᠢᠶᠠᠨ ᠤ᠋ ᠱᠦᠵᠢ ᠸᠠᠨ ᠴᠤᠤ ᠴᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶᠠᠨ ᠤ᠋ ᠮᠠᠯᠵᠢᠬᠤ ᠲᠠᠷᠢᠶᠠᠯᠠᠬᠤ ᠣᠷᠣᠨ ᠤ᠋ ᠠᠵᠢᠯ ᠤ᠋ᠨ ᠬᠤᠷᠠᠯ ᠳᠡᠭᠡᠷ᠎ᠡ ᠲᠥᠪ ᠴᠢᠩᠭ᠎ᠠ ᠪᠠᠷ ᠢᠯᠡᠷᠬᠡᠢᠯᠡᠭᠰᠡᠨ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃