ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2022-05-17 09:23:40

ᠵᠣᠬᠢᠶᠠᠭ᠍ᠴᠢ᠄ ᠸᠠᠩ ᠲᠠᠨ᠎ᠠ ᠣᠩᠱᠢᠭ᠍ᠰᠠᠨ ᠣᠳᠠᠭ᠎ᠠ᠄ 3

ᠰᠤᠷᠪᠤᠯᠵᠢᠯᠠᠬᠴᠢ᠎ᠶᠢᠨ ᠤᠢᠯᠠᠭᠠᠬᠰᠡᠨ᠎ᠢᠶᠡᠷ ᠂ ᠡᠨᠡ ᠵᠢᠯ ᠂ ᠤᠯᠠᠭᠠᠨᠬᠠᠳᠠ ᠬᠣᠲᠠ ᠵᠢᠨ ᠲᠠᠷᠢᠮᠠᠯ᠎ᠤᠨ ᠲᠠᠯᠠᠪᠠᠶ ᠵᠢᠱ᠌ᠢᠯᠲᠡ᠎ᠪᠡᠷ 2325.68 ᠲᠦᠮᠡᠨ ᠮᠥ᠍ ᠬᠦᠷᠴᠤ ᠂ ᠡᠭᠦᠨ᠎ᠳᠦ ᠠᠮᠤ ᠪᠤᠳᠠᠭᠠᠨ᠎ᠤ ᠲᠠᠷᠢᠮᠠᠯ 1872.12 ᠲᠦᠮᠡᠨ ᠮᠥ᠍ ᠂ ᠱᠢᠷ᠎ᠠ ᠪᠤᠷᠴᠠᠭ ᠳᠠᠷᠢᠬᠤ ᠲᠠᠯᠠᠪᠠᠶ 103.3 ᠲᠦᠮᠡᠨ ᠮᠥ᠍᠎ᠳᠤ ᠬᠥᠷᠴᠤ᠂ ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ ᠬᠢ ᠡᠴᠡ 15.5 ᠲᠦᠮᠡᠨ ᠮᠥ᠍ ᠨᠡᠮᠡᠭ᠌ᠳᠡᠬᠦ᠌ ᠪᠣᠯᠤᠨ᠎ᠠ᠃

ᠡᠨᠡ ᠵᠢᠯ᠎ᠤᠨ ᠲᠤᠰ ᠬᠤᠳᠠ᠎ᠶᠢᠨ ᠲᠠᠷᠢᠶᠠᠯᠠᠬᠤ᠎ᠳᠤ ᠪᠡᠯᠡᠳᠭᠡᠭ᠌ᠰᠡᠨ ᠦᠷ᠎ᠡ᠎ᠶ᠋ᠢᠨ ᠬᠠᠩᠭᠠᠯᠭ᠎ᠠ᠎ᠶ᠋ᠢᠨ ᠶᠡᠷᠦᠩᠬᠡᠶ ᠬᠡᠮᠵᠢᠶ᠎ᠡ ᠪᠠᠷᠤᠭ 11 ᠲᠦᠮᠡᠨ ᠲᠣᠨ ᠂ ᠲᠠᠷᠢᠶᠠᠨ ᠡᠮ᠎ᠦᠨ ᠬᠠᠩᠭᠠᠯᠭ᠎ᠠ᠎ᠶ᠋ᠢᠨ ᠶᠡᠷᠦᠩᠬᠡᠶ ᠬᠡᠮᠵᠢᠶ᠎ᠡ ᠪᠠᠷᠤᠭ 415 ᠲᠣᠨ᠂ ᠬᠢᠮᠢ᠎ᠶ᠋ᠢᠨ ᠪᠤᠷᠳᠤᠭᠤᠷ᠎ᠤᠨ ᠬᠠᠩᠭᠠᠯᠭ᠎ᠠ᠎ᠶ᠋ᠢᠨ ᠶᠡᠷᠦᠩᠬᠡᠶ ᠬᠡᠮᠵᠢᠶ᠎ᠡ ᠪᠠᠷᠤᠭ 32 ᠲᠦᠮᠡᠨ ᠲᠣᠨ ᠬᠦᠷᠬᠦ ᠪᠤᠯᠤᠨ᠎ᠠ᠃ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠰᠡᠯ᠎ᠦᠨ ᠵᠠᠬ᠎ᠠ ᠳᠡᠯᠭᠡᠭᠦᠷ᠎ᠦᠨ ᠪᠠᠢᠳᠠᠯ᠎ᠡᠴᠡ ᠦᠵᠡᠪᠡᠯ ᠂ ᠦᠷ᠎ᠡ ᠂ ᠬᠢᠮᠢ᠎ᠶ᠋ᠢᠨ ᠪᠣᠷᠲᠣᠭᠣᠷ ᠂ ᠲᠠᠷᠢᠶᠠᠨ ᠡᠮ᠎ᠦᠨ ᠨᠦᠭᠡᠴᠡ᠎ᠶ᠋ᠢᠨ ᠬᠡᠮᠵᠢᠶ᠎ᠡ ᠦᠨᠳᠦᠰᠦᠨ᠎ᠳᠡᠭᠡᠨ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠲᠡᠶ ᠠᠳᠠᠯᠢᠪᠳᠤᠷ ᠪᠠᠢᠨ᠎ᠠ᠃ ᠨᠢᠭᠡ ᠵᠢᠯ᠎ᠳᠦ ᠨᠢᠭᠡ ᠤᠳᠠᠭ᠎ᠠ ᠲᠠᠷᠢᠳᠠᠭ ᠲᠠᠷᠢᠮᠠᠯ᠎ᠤᠨ ᠣᠷᠣᠨ ᠪᠣᠯᠤᠭ᠍ᠰᠠᠨ᠎ᠤ ᠬᠤᠪᠢ᠎ᠳᠤ ᠂ ᠤᠯᠠᠭᠠᠨᠬᠠᠳᠠ ᠬᠤᠳᠠ᠎ᠶ᠋ᠢᠨ ᠲᠠᠷᠢᠶᠠᠯᠠᠩ᠎ᠦᠢᠯᠡᠳᠪᠦᠷᠢᠯᠡᠯ᠎ᠢ ᠲᠤᠬᠢᠷᠠᠭᠤᠯᠬᠤ ᠣᠷᠣᠨ ᠵᠠᠢ ᠮᠠᠰᠢ ᠬᠢᠵᠠᠭᠠᠷ᠎ᠲᠠᠶ ᠪᠠᠢᠵᠤ ᠂ ᠬᠠᠪᠤᠷ᠎ᠤᠨ ᠤᠯᠠᠷᠢᠯ᠎ᠤᠨ ᠲᠠᠷᠢᠶᠠᠯᠠᠭ᠎ᠠ ᠪᠠᠭ᠎ᠠ ᠰᠠᠭ᠎ᠠ ᠡᠨᠳᠡᠯ ᠭᠠᠷᠪᠠᠯ ᠂ ᠬᠣᠬᠢᠷᠠᠯ᠎ᠢ ᠨᠢ ᠨᠥᠬᠥᠪᠥᠷᠢᠯᠡᠬᠦ᠌᠎ᠶ᠋ᠢᠨ ᠠᠷᠭ᠎ᠠ ᠦᠭᠡᠢ ᠶᠤᠮ᠃ ᠤᠯᠠᠭᠠᠨᠬᠠᠳᠠ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠰᠠᠯᠠᠭ᠎ᠠ ᠮᠥᠴᠢᠷ᠎ᠦᠨ ᠬᠢᠨ ᠪᠥᠬᠥ᠌ ᠬᠦᠴᠦᠨ᠎ᠢᠶᠡᠷ᠎ᠢᠶᠡᠨ ᠴᠢᠷᠮᠠᠢᠵᠤ ᠂ ᠲᠠᠷᠢᠶᠠᠯᠠᠩ ᠦᠢᠯᠡᠳᠪᠦᠷᠢᠯᠡᠯ᠎ᠦᠨ ᠬᠡᠷᠡᠭ᠌ᠰᠡᠯ᠎ᠢ ᠪᠠᠲᠤᠯᠠᠨ᠂ ᠠᠮᠤ ᠪᠤᠳᠠᠭᠠᠨ᠎ᠤ ᠦᠢᠯᠡᠳᠪᠦᠷᠢᠯᠡᠯ᠎ᠢ ᠲᠣᠭ᠍ᠲᠠᠪᠤᠷᠢᠵᠢᠭᠤᠯᠵᠤ᠂ ᠱᠢᠷ᠎ᠠ ᠪᠤᠷᠴᠠᠭ ᠡᠷᠳᠡᠨᠢ ᠱᠢᠰᠢ᠎ᠵᠡᠷᠭᠡ ᠲᠠᠷᠢᠮᠠᠯ᠎ᠤᠨ ᠠᠵᠢᠯ᠎ᠢ ᠰᠠᠢᠲᠤᠷ ᠬᠢᠵᠦ᠂ ᠴᠢᠨᠠᠷ ᠰᠠᠢᠲᠠᠶ ᠥᠨᠳᠥᠷ ᠦᠷ᠎ᠡ ᠠᠱᠢᠭ ᠲᠠᠶ ᠲᠠᠷᠢᠮᠠᠯ᠎ᠤᠨ ᠮᠡᠷᠭᠡᠵᠢᠯ᠎ᠢ ᠲᠤᠬᠠᠢ ᠵᠢᠨ ᠭᠠᠵᠠᠷ ᠲᠤᠨᠢ ᠲᠤᠬᠢᠷᠠᠭᠤᠯᠤᠨ ᠳᠡᠯᠭᠡᠷᠡᠭᠦᠯᠬᠦ ᠵᠡᠷᠭᠡ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ᠂ ᠬᠠᠪᠤᠷ᠎ᠤᠨ ᠲᠠᠷᠢᠶᠠᠯᠠᠭ᠎ᠠ᠎ᠶ᠋ᠢᠨ ᠤᠷᠤᠭ᠍ᠰᠢᠲᠠᠶ ᠶᠠᠪᠤᠭ᠍ᠳᠠᠬᠤ᠎ᠶ᠋ᠢ ᠪᠠᠲᠤᠯᠠᠵᠤ ᠂ ᠬᠠᠪᠤᠷ᠎ᠤᠨ ᠲᠠᠷᠢᠶᠠᠯᠠᠭ᠎ᠠ᠎ᠶ᠋ᠢᠨ ᠦᠶ᠋ᠯᠡᠳᠪᠦᠷᠢᠯᠡᠯ᠎ᠦᠨ ᠠᠩᠬᠠᠨ᠎ᠤ ᠳᠠᠢᠯᠠᠯᠳᠤᠭᠠᠨ᠎ᠢ ᠰᠠᠢᠲᠤᠷ ᠬᠢᠵᠦ᠍᠂ ᠪᠥᠬᠥ᠌ ᠵᠢᠯ᠎ᠦᠨ ᠠᠮᠤ ᠪᠤᠳᠠᠭᠠᠨ᠎ᠤ ᠡᠯᠪᠡᠭ ᠬᠤᠷᠢᠶᠠᠯᠲᠠ ᠤᠯᠬᠤ᠎ᠳᠤ ᠪᠠᠲᠤ ᠰᠠᠭᠤᠷᠢ ᠲᠠᠯᠪᠢᠵᠤ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面