2022-05-15 20:03:30
ᠦᠪᠡᠷᠳᠡᠭᠡᠨ ᠵᠠᠰᠠᠬᠤ ᠤᠷᠤᠨ ᠤ᠋ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠲᠢᠩᠬᠢᠮ ᠡᠴᠡ ᠣᠢᠯᠠᠭᠠᠭᠰᠠᠨ ᠵᠢᠨᠷ ᠂ 5 ᠰᠠᠷ᠎ᠠ ᠵᠢᠨ 11 ᠤ᠋ ᠡᠳᠦᠷ ᠪᠣᠯᠲᠠᠯ᠎ᠠ ᠂ ᠪᠦᠬᠦ ᠣᠷᠣᠨ ᠵᠢᠡᠷ ᠵᠢᠡᠨ 6300 ᠲᠦᠮᠡᠨ ᠮᠦ᠍ ᠠᠮᠤ ᠪᠤᠳᠠᠭᠠᠨ ᠤ᠋ ᠲᠠᠷᠢᠮᠠᠯ ᠲᠠᠷᠢᠵᠤ ᠂ ᠬᠠᠪᠤᠷ ᠤ᠋ᠨ ᠲᠠᠷᠢᠶᠠᠯᠠᠭ᠎ᠠ ᠵᠢᠨ ᠠᠵᠢᠯ ᠣᠷᠭᠢᠯ ᠤ᠋ᠨ ᠬᠤᠭᠤᠴᠠᠭᠠᠨ ᠳ᠋ᠦ ᠤᠷᠤᠪᠠ ᠃ ᠡᠭᠦᠨ ᠳ᠋ᠦ᠍ ᠂ ᠡᠷᠳᠡᠨᠢ ᠰᠢᠰᠢ ᠳᠠᠷᠢᠭᠰᠠᠨ ᠳᠠᠯᠠᠪᠠᠢ 4800 ᠭᠠᠷᠤᠢ ᠲᠦᠮᠡᠨ ᠮᠦ᠍ ᠂ ᠪᠤᠭᠤᠳᠠᠢ ᠳᠠᠷᠢᠭᠰᠠᠨ ᠳᠠᠯᠠᠪᠠᠢ 420 ᠭᠠᠷᠤᠢ ᠲᠦᠮᠡᠨ ᠮᠦ᠍ ᠂ ᠲᠦᠮᠦᠰᠤ ᠳᠠᠷᠢᠭᠰᠠᠨ ᠳᠠᠯᠠᠪᠠᠢ 290 ᠭᠠᠷᠤᠢ ᠲᠦᠮᠡᠨ ᠮᠦ᠍ ᠂ ᠰᠢᠷ᠎ᠠ ᠪᠤᠷᠴᠠᠭ ᠳᠠᠷᠢᠭᠰᠠᠨ ᠳᠠᠯᠠᠪᠠᠢ 380 ᠭᠠᠷᠤᠢ ᠲᠦᠮᠡᠨ ᠮᠦ᠍ ᠂ ᠰᠢᠷ᠎ᠠ ᠪᠤᠷᠴᠠᠭ ᠪᠠ ᠡᠷᠳᠡᠨᠢ ᠰᠢᠰᠢ ᠵᠢ ᠪᠦᠰᠡᠯᠢᠭ ᠬᠡᠯᠪᠡᠷᠢ ᠪᠡᠷ ᠠᠯᠠᠭᠯᠠᠨ ᠲᠠᠷᠢᠬᠰᠠᠨ ᠳᠠᠯᠠᠪᠠᠢ 74.1 ᠲᠦᠮᠡᠨ ᠮᠦ᠍ ᠳ᠋ᠤ ᠬᠦᠷᠴᠤ ᠂ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠡᠭᠦᠷᠭᠡ ᠵᠢ ᠨᠠᠢᠳᠠᠪᠤᠷᠢᠵᠢᠭᠤᠯᠵᠤ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠲᠤᠯᠠᠬᠤ ᠳ᠋ᠦ᠍ ᠰᠠᠭᠤᠷᠢ ᠲᠠᠯᠪᠢᠭᠰᠠᠨ ᠪᠠᠢᠨ᠎ᠠ ᠃
ᠤᠢᠯᠠᠭᠠᠭᠰᠠᠨ ᠵᠢᠡᠷ ᠂ ᠡᠨᠡ ᠵᠢᠯ ᠮᠠᠨ ᠤ᠋ ᠤᠷᠤᠨ ᠨᠡᠢᠳᠡ 10290 ᠲᠦᠮᠡᠨ ᠮᠦ᠍ ᠠᠮᠤ ᠪᠤᠳᠠᠭᠠᠨ ᠤ᠋ ᠲᠠᠷᠢᠮᠠᠯ ᠲᠠᠷᠢᠬᠤ ᠡᠭᠦᠷᠭᠡ ᠵᠢ ᠪᠡᠶᠡᠯᠡᠬᠦᠯᠵᠤ᠂ ᠡᠭᠦᠨ ᠳ᠋ᠦ᠍ 430 ᠲᠦᠮᠡᠨ ᠮᠦ᠍ ᠰᠢᠷ᠎ᠠ ᠪᠤᠷᠴᠠᠭ ᠂ 60 ᠲᠦᠮᠡᠨ ᠮᠦ᠍ ᠰᠢᠯᠢᠮᠳᠡᠭ ᠵ᠋ ᠥᠷᠭᠡᠳᠭᠡᠨ ᠳᠠᠷᠢᠨᠡ ᠃ ᠡᠨᠡ ᠵᠢᠯ ᠮᠠᠨ ᠤ᠋ ᠣᠷᠣᠨ 156.9 ᠳ᠋ᠦᠩᠰᠢᠭᠤᠷ ᠲᠥᠭᠥᠷᠢᠭ ᠤ᠋ᠨ ᠲᠠᠷᠢᠶᠠᠨ ᠭᠠᠵᠠᠷ ᠤ᠋ᠨ ᠬᠦᠷᠦᠰᠤᠨ ᠤ᠋ ᠰᠢᠮ᠎ᠡ ᠵᠢ ᠬᠠᠮᠠᠭᠠᠯᠠᠬᠤ ᠨᠥᠬᠥᠪᠥᠷᠢ ᠂ ᠠᠮᠤ ᠪᠤᠳᠠᠭ᠎ᠠ ᠲᠠᠷᠢᠬᠰᠠᠳ ᠲᠦ᠍ ᠤᠯᠭᠤᠬᠤ ᠨᠢᠭᠡ ᠯᠡ ᠤᠳᠠᠭ᠎ᠠ ᠵᠢᠨ ᠴᠢᠨᠠᠷᠲᠠᠢ ᠨᠥᠬᠥᠪᠥᠷᠢ ᠵᠢ ᠴᠠᠭ ᠲᠤᠬᠠᠢ ᠳ᠋ᠤᠨᠢ ᠪᠠᠭᠤᠯᠭᠠᠨ ᠂ ᠲᠠᠷᠢᠶᠠᠴᠢᠳ ᠤ᠋ᠨ ᠠᠮᠤ ᠪᠤᠳᠠᠭ᠎ᠠ ᠲᠠᠷᠢᠬᠤ ᠢᠳᠡᠪᠬᠢᠵᠢᠯ ᠢ᠋ ᠭᠦᠢᠴᠡᠳ ᠳᠠᠢᠴᠢᠯᠠᠵᠠᠢ ᠃ ᠪᠠᠰᠠ ᠡᠷᠳᠡᠨᠢ ᠰᠢᠰᠢ ᠪᠣᠯᠤᠨ ᠰᠢᠷ᠎ᠠ ᠪᠤᠷᠴᠠᠭ ᠳᠠᠷᠢᠭᠰᠠᠳ ᠲᠦ᠍ ᠤᠯᠭᠤᠬᠤ ᠨᠥᠬᠥᠪᠥᠷᠢ ᠵᠢᠨ ᠵᠥᠷᠢᠶ᠎ᠡ ᠵᠢ ᠶᠡᠬᠡᠰᠭᠡᠬᠦ ᠵᠢᠨ ᠬᠠᠮᠳᠤ ᠰᠢᠷ᠎ᠠ ᠪᠤᠷᠴᠠᠭ ᠪᠠ ᠡᠷᠳᠡᠨᠢ ᠰᠢᠰᠢ ᠵᠢ ᠪᠦᠰᠡᠯᠢᠭ ᠬᠡᠯᠪᠡᠷᠢ ᠪᠡᠷ ᠠᠯᠠᠭᠯᠠᠨ ᠳᠠᠷᠢᠬᠤ ᠂ ᠰᠢᠯᠢᠮᠳᠡᠭ ᠲᠠᠷᠢᠬᠤ ᠳ᠋ᠦ᠍ ᠨᠥᠬᠥᠪᠥᠷᠢ ᠣᠯᠭᠣᠬᠤ ᠪᠡᠷ ᠳᠤᠭᠳᠠᠵᠠᠢ ᠃
ᠬᠠᠪᠤᠷ ᠤ᠋ᠨ ᠲᠠᠷᠢᠶᠠᠯᠠᠭ᠎ᠠ ᠵᠢᠨ ᠠᠵᠢᠯ ᠡᠬᠢᠯᠡᠭᠰᠡᠨ ᠡᠴᠡ ᠨᠡᠭᠠᠰᠢ ᠂ ᠮᠠᠨ ᠤ᠋ ᠣᠷᠣᠨ ᠤ᠋ ᠬᠥᠷᠥᠰᠥ ᠰᠢᠷᠤᠢ ᠵᠢᠨ ᠴᠢᠭᠢᠭ ᠤ᠋ᠨ ᠪᠠᠢᠳᠠᠯ ᠶᠡᠷᠦᠩᠬᠡᠢ ᠳ᠋ᠡᠭᠡᠨ ᠨᠡᠯᠢᠶᠡᠳ ᠰᠠᠢᠨ ᠪᠠᠢᠵᠤ ᠂ 5 ᠰᠠᠷ᠎ᠠ ᠵᠢᠨ 4 ᠤ᠋ ᠡᠳᠦᠷ ᠤ᠋ᠨ ᠴᠠᠭ ᠠᠭᠤᠷ ᠤ᠋ᠨ ᠲᠣᠪᠴᠢᠶ᠎ᠠ ᠵᠢᠨ ᠬᠢᠨᠠᠨ ᠬᠡᠮᠵᠢᠯᠲᠡᠵᠢ ᠦᠨᠳᠦᠰᠦᠯᠡᠪᠡᠯ ᠂ ᠮᠠᠨ ᠤ᠋ ᠣᠷᠣᠨ ᠤ᠋ ᠨᠢᠭᠡᠳᠦᠭᠡᠷ ᠲᠥᠷᠥᠯ ᠂ ᠬᠣᠶᠠᠳᠤᠭᠠᠷ ᠲᠥᠷᠥᠯ ᠂ ᠭᠤᠷᠪᠠᠳᠤᠭᠠᠷ ᠲᠥᠷᠥᠯ ᠤ᠋ᠨ ᠴᠢᠭᠢᠭ ᠤ᠋ᠨ ᠪᠠᠢᠳᠠᠯ ᠳᠠᠢ ᠳᠠᠷᠢᠶᠠᠨ ᠭᠠᠵᠠᠷ ᠤ᠋ᠨ ᠲᠠᠯᠠᠪᠠᠢ ᠲᠤᠰ ᠲᠤᠰ ᠪᠦᠬᠦ ᠣᠷᠣᠨ ᠤ᠋ ᠲᠠᠷᠢᠶᠠᠨ ᠭᠠᠵᠠᠷ ᠤ᠋ᠨ ᠶᠡᠷᠦᠩᠬᠡᠢ ᠲᠠᠯᠠᠪᠠᠢ ᠶ᠋ᠢᠨ 32.5% ᠂ 38.2% ᠪᠠ 29.3% ᠶ᠋ᠢ ᠡᠵᠡᠯᠡᠵᠤ ᠪᠤᠢ᠃ ᠥᠩᠭᠡᠷᠡᠭᠰᠡᠨ ᠵᠢᠯ ᠤ᠋ᠳ ᠤ᠋ᠨ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ ᠂ ᠨᠢᠭᠡᠳᠦᠭᠡᠷ ᠲᠥᠷᠥᠯ ᠤ᠋ᠨ ᠴᠢᠭᠢᠭ ᠤ᠋ᠨ ᠪᠠᠢᠳᠠᠯ ᠳᠠᠢ ᠳᠠᠷᠢᠶᠠᠨ ᠭᠠᠵᠠᠷ ᠤ᠋ᠨ ᠲᠠᠯᠠᠪᠠᠢ ᠵᠠᠭᠤᠨ ᠤ᠋ ᠬᠠᠷᠢᠴᠠᠯ ᠵᠢᠡᠷ 25 ᠬᠤᠪᠢ ᠨᠡᠮᠡᠭᠳᠡᠵᠦ ᠂ ᠬᠣᠶᠠᠳᠤᠭᠠᠷ ᠲᠥᠷᠥᠯ ᠤ᠋ᠨ ᠴᠢᠭᠢᠭ ᠤ᠋ᠨ ᠪᠠᠢᠳᠠᠯ ᠳᠠᠢ ᠳᠠᠷᠢᠶᠠᠨ ᠭᠠᠵᠠᠷ ᠤ᠋ᠨ ᠲᠠᠯᠠᠪᠠᠢ ᠵᠠᠭᠤᠨ ᠤ᠋ ᠬᠠᠷᠢᠴᠠᠯ ᠵᠢᠡᠷ 2 ᠬᠤᠪᠢ ᠨᠡᠮᠡᠭᠳᠡᠨ ᠂ ᠭᠤᠷᠪᠠᠳᠤᠭᠠᠷ ᠲᠥᠷᠥᠯ ᠤ᠋ᠨ ᠴᠢᠭᠢᠭ ᠤ᠋ᠨ ᠪᠠᠢᠳᠠᠯ ᠳᠠᠢ ᠳᠠᠷᠢᠶᠠᠨ ᠭᠠᠵᠠᠷ ᠤ᠋ᠨ ᠲᠠᠯᠠᠪᠠᠢ ᠵᠠᠭᠤᠨ ᠤ᠋ ᠬᠠᠷᠢᠴᠠᠯ ᠵᠢᠡᠷ 27 ᠬᠤᠪᠢ ᠪᠠᠭᠠᠰᠴᠤ ᠂ ᠴᠢᠭᠢᠭ ᠤ᠋ᠨ ᠪᠠᠢᠳᠠᠯ ᠥᠩᠭᠡᠷᠡᠭᠰᠡᠨ ᠵᠢᠯ ᠤ᠋ᠳ ᠤ᠋ᠨ ᠠᠳᠠᠯᠢ ᠬᠤᠭᠤᠴᠠᠭᠠᠨ ᠤ᠋ ᠬᠢᠡᠴᠡ ᠢᠯᠡᠳᠲᠡ ᠰᠠᠢᠨ ᠪᠠᠢᠵᠤ ᠂ ᠬᠠᠪᠤᠷ ᠤ᠋ᠨ ᠲᠠᠷᠢᠶᠠᠯᠠᠭ᠎ᠠ ᠳ᠋ᠤ ᠮᠠᠰᠢ ᠠᠰᠢᠬᠳᠠᠢ ᠪᠤᠯᠵᠠᠢ ᠃
ᠮᠠᠨ ᠤ᠋ ᠣᠷᠣᠨ ᠪᠣᠯ ᠪᠦᠬᠦ ᠤᠯᠤᠰ ᠤ᠋ᠨ ᠠᠮᠤ ᠪᠤᠳᠠᠭᠠᠨ ᠤ᠋ 13 ᠭᠣᠣᠯ ᠭᠠᠷᠤᠯᠲᠠ ᠵᠢᠨ ᠣᠷᠣᠨ ᠪᠠ ᠠᠮᠤ ᠪᠤᠳᠠᠭ᠎ᠠ ᠵᠢ ᠬᠡᠪᠴᠢᠶᠡᠵᠢᠭᠦᠯᠦᠨ ᠭᠠᠳᠠᠭᠰᠢ ᠭᠠᠷᠭᠠᠬᠤ 8 ᠮᠣᠵᠢ ᠣᠷᠣᠨ ᠤ᠋ ᠨᠢᠭᠡ ᠪᠠᠢᠵᠤ ᠂ ᠡᠷᠳᠡᠨᠢ ᠰᠢᠰᠢ ᠂ ᠰᠢᠷ᠎ᠠ ᠪᠤᠷᠴᠠᠭ ᠂ ᠲᠥᠮᠥᠰᠥ ᠵᠡᠷᠭᠡ ᠭᠣᠣᠯ ᠪᠣᠯᠬᠤ ᠠᠮᠤ ᠪᠤᠳᠠᠭᠠᠨ ᠤ᠋ ᠲᠠᠷᠢᠮᠠᠯ ᠪᠤᠯᠤᠨ ᠨᠠᠷᠢᠮᠤ ᠂ ᠰᠢᠰᠢ ᠂ ᠨᠣᠭᠣᠭᠠᠨ ᠪᠤᠷᠴᠠᠭ ᠵᠡᠷᠭᠡ ᠡᠯᠳᠡᠪ ᠠᠮᠤ ᠪᠤᠷᠴᠠᠭ ᠤ᠋ᠨ ᠤᠨᠠᠯᠲᠠ ᠪᠦᠬᠦ ᠤᠯᠤᠰ ᠤ᠋ᠨ ᠡᠮᠦᠨ᠎ᠡ ᠡᠩᠨᠡᠭᠡᠨ ᠳ᠋ᠦ᠍ ᠣᠷᠣᠵᠤ ᠪᠠᠢᠨ᠎ᠠ ᠃ ᠪᠦᠬᠦ ᠤᠷᠤᠨ ᠤ᠋ ᠠᠮᠤ ᠪᠤᠳᠠᠭᠠᠨ ᠤ᠋ ᠤᠨᠠᠯᠲᠠ 4 ᠵᠢᠯ ᠳᠠᠷᠠᠭᠠᠯᠠᠨ 700 ᠳ᠋ᠦᠩᠰᠢᠭᠤᠷ ᠵᠢᠩ ᠡᠴᠡ ᠳᠡᠭᠡᠭᠰᠢ ᠪᠠᠢᠬᠤ ᠵᠢ ᠪᠠᠲᠤᠯᠠᠵᠤ ᠂ 2021 ᠣᠨ ᠳ᠋ᠦ᠍ ᠠᠮᠤ ᠪᠤᠳᠠᠭᠠᠨ ᠤ᠋ ᠤᠨᠠᠯᠲᠠ ᠪᠡᠷ ᠪᠦᠬᠦ ᠤᠯᠤᠰ ᠤ᠋ᠨ ᠵᠢᠷᠭᠤᠳᠤᠭᠠᠷ ᠲᠦ᠍ ᠵᠢᠭᠰᠠᠨ ᠂ ᠠᠮᠤ ᠪᠤᠳᠠᠭᠠᠨ ᠤ᠋ ᠤᠨᠠᠯᠳᠠ ᠵᠢᠨ ᠨᠡᠮᠡᠭᠳᠡᠯ ᠤ᠋ᠨ ᠬᠡᠮᠵᠢᠶ᠎ᠡ ᠨᠢ ᠪᠦᠬᠦ ᠤᠯᠤᠰ ᠤ᠋ᠨ ᠨᠡᠮᠡᠭᠳᠡᠯ ᠬᠡᠮᠵᠢᠶᠡᠨ ᠤ᠋ 13.18% ᠵᠢ ᠡᠵᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃