2023-02-20 10:53:40
ᠬᠠᠪᠤᠷ᠎ᠤᠨ ᠠᠭᠤᠷ ᠣᠷᠣᠮᠠᠭ᠍ᠴᠠ᠂ ᠱᠢᠯᠢ᠎ᠶ᠋ᠢᠨ ᠭᠣᠣᠯ ᠠᠢᠮᠠᠭ᠎ᠤᠨ ᠱᠢᠯᠤᠭᠤᠨ ᠬᠥᠪᠡᠭᠡᠲᠦ ᠴᠠᠭᠠᠨ ᠬᠣᠱᠢᠭᠤᠨ᠎ᠤ ᠱᠢᠩ ᠶᠣᠣ ᠪᠠᠯᠭᠠᠰᠤᠨ᠎ᠤ ᠱᠢᠨ ᠾᠧ ᠲᠣᠰᠭᠣᠨ᠎ᠳᠤ ᠬᠦᠷᠬᠦ᠌᠎ᠳᠦ᠂ ᠢᠳᠡᠱᠢᠨ ᠨᠣᠭᠣᠭ᠎ᠠ᠎ᠶ᠋ᠢᠨ ᠬᠦᠯᠡᠮᠵᠢ ᠵᠢᠭ᠌ᠳᠡᠷᠡᠨ᠂ ᠲᠣᠰᠭᠣᠨ᠎ᠤ ᠠᠷᠠᠳ ᠵᠤᠤ ᠰᠣ᠌ ᠶᠧ ᠶᠠᠭ ᠬᠦᠯᠡᠮᠵᠢ᠎ᠳᠡᠭᠡᠨ ᠶᠠᠭᠠᠷᠠᠯᠲᠠᠢ ᠠᠵᠢᠯᠯᠠᠵᠤ ᠪᠠᠢᠯ᠎ᠠ᠃
ᠣᠢᠷ᠎ᠠ᠎ᠶ᠋ᠢᠨ ᠵᠢᠯ᠎ᠳᠦ᠂ ᠱᠢᠨ ᠾᠧ ᠲᠣᠰᠭᠣᠨ ᠬᠠᠪᠰᠤᠷᠤᠨ ᠲᠡᠳᠬᠦᠬᠦ᠌ ᠨᠢᠭᠡᠴᠢ᠎ᠶ᠋ᠢᠨ ᠬᠦᠴᠦᠲᠡᠶ ᠳᠡᠮᠵᠢᠯᠭᠡ ᠳᠤᠤᠷ᠎ᠠ᠂ ᠪᠡᠭᠡᠵᠢᠩ᠎ᠦᠨ ᠳ᠋ᠡ ᠱᠢᠩ ᠲᠣᠭᠣᠷᠢᠭ᠎ᠤᠨ 2 ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ 56 ᠢᠳᠡᠱᠢᠨ ᠨᠣᠭᠣᠭ᠎ᠠ᠎ᠶ᠋ᠢᠨ ᠭᠤᠯᠳᠤᠩ ᠰᠠᠷᠠᠪᠴᠢ ᠪᠠᠢᠭᠤᠯᠤᠨ᠂ ᠨᠠᠪᠴᠢᠳᠤ ᠨᠣᠭᠣᠭ᠎ᠠ᠂ ᠲᠠᠷᠪᠤᠰ᠂ ᠬᠡᠮᠬᠡ ᠵᠡᠷᠭᠡ᠎ᠶ᠋ᠢ ᠳᠠᠷᠢᠵᠤ ᠂ ᠵᠢᠯ᠎ᠦᠨ ᠬᠠᠮᠲᠤ᠎ᠶ᠋ᠢᠨ ᠠᠵᠤ ᠠᠬᠤᠶ᠎ᠶ᠋ᠢᠨ ᠣᠷᠣᠯᠭ᠎ᠠ 107 ᠲᠦᠮᠡᠨ ᠲᠥᠭᠥᠷᠢᠭ᠎ᠲᠦ ᠬᠦᠷᠴᠦ᠍ ᠂ ᠲᠣᠰᠭᠣᠨ᠎ᠤ ᠠᠷᠠᠳ᠎ᠤᠨ ᠠᠮᠢᠳᠤᠷᠠᠯ ᠡᠳᠦᠷ᠎ᠡᠴᠡ ᠡᠳᠦᠷ ᠰᠠᠢᠵᠢᠷᠠᠭᠰᠡᠨ ᠪᠠᠢᠨ᠎ᠠ᠃ ᠥᠩᠭᠡᠷᠡᠭ᠌ᠰᠡᠨ᠎ᠳᠦ ᠶᠠᠳᠠᠭᠤ ᠬᠦᠴᠢᠷᠳᠡᠯᠲᠡᠢ ᠡᠷᠦᠬᠡ ᠪᠠᠢᠭ᠍ᠰᠠᠨ ᠵᠤᠤ ᠰᠣ᠌ ᠶᠧ᠄ 《ᠡᠨᠳᠡ ᠪᠢ ᠨᠦᠬᠦᠷ ᠲᠠᠢ ᠪᠠᠨ ᠬᠣᠶᠠᠭᠤᠯᠠ ᠰᠠᠷ᠎ᠠ᠎ᠳᠤ ᠲᠦᠮᠡ ᠭᠠᠷᠤᠢ ᠲᠦᠭᠦᠷᠢᠭ ᠣᠯᠵᠤ᠂ ᠵᠢᠯ᠎ᠳᠦ 10 ᠲᠦᠮᠡᠡ ᠲᠦᠭᠦᠷᠢᠭ ᠣᠯᠳᠠᠭ ᠱᠢᠤ》 ᠭᠡᠵᠦ ᠪᠠᠶᠠᠷᠲᠠᠢᠬᠠᠨ ᠶᠠᠷᠢᠨ᠎ᠠ᠃

ᠳᠠᠩᠰᠠᠯᠠᠵᠤ ᠺᠠᠷᠲ᠋ᠯᠠᠭ᠍ᠰᠠᠨ ᠶᠠᠳᠠᠭᠤ ᠬᠦᠴᠢᠷᠳᠡᠯᠲᠡᠢ ᠡᠷᠦᠬᠡ ᠪᠠᠢᠭᠰᠠᠨ᠎ᠡᠴᠡ ᠵᠢᠯ᠎ᠤ᠋ᠨ ᠤᠷᠤᠯᠭ᠎ᠠ 10 ᠲᠦᠮᠡᠡ ᠲᠦᠭᠦᠷᠢᠭ ᠬᠦᠷᠬᠦ ᠪᠣᠯᠲᠠᠯ᠎ᠠ᠂ ᠵᠤᠤ ᠰᠣ᠌ ᠶᠧᠶ᠋ᠢᠨ ᠭᠡᠷ ᠪᠦᠯᠢ᠎ᠳᠤ ᠮᠠᠰᠢ ᠶᠡᠬᠡ ᠬᠤᠪᠢᠷᠠᠯᠲᠠ ᠭᠠᠷᠤᠭᠰᠠᠨ ᠪᠠᠢᠨ᠎ᠠ᠃ ᠱᠢᠯᠢ᠎ᠶ᠋ᠢᠨ ᠭᠤᠤᠯ᠎ᠳᠤ ᠡᠢᠮᠦ᠍ᠷᠬᠥᠤ ᠵᠢᠱ᠌ᠢᠶ᠎ᠡ ᠪᠠᠰᠠ ᠮᠠᠰᠢ ᠣᠯᠠᠨ ᠪᠠᠢᠨ᠎ᠠ᠃
2022 ᠣᠨ᠎ᠡᠴᠡ ᠨᠠᠭᠠᠰᠢ᠂ ᠱᠢᠯᠢ᠎ᠶ᠋ᠢᠨ ᠭᠤᠤᠯ ᠠᠢᠮᠠᠭ 《ᠳᠥᠷᠪᠡ᠎ᠶ᠋ᠢ ᠦᠯᠦ ᠲᠠᠶᠠᠭ᠍ᠳᠠᠬᠤ》ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢᠨ ᠲᠣᠭᠣᠷᠢᠨ᠎ᠳᠤ᠂ 《ᠡᠷᠬᠢᠨ ᠬᠠᠷᠠᠬᠤ》 ᠠᠷᠪᠠᠨ ᠲᠤᠰᠭᠠᠶ ᠠᠵᠢᠯᠯᠠᠭ᠎ᠠ ᠥᠷᠨᠢᠭᠦᠯᠵᠦ᠍᠂ ᠵᠣᠯᠭᠠᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ᠂ ᠳᠠᠬᠢᠨ ᠶᠠᠳᠠᠭᠤᠷᠠᠬᠤ᠎ᠶ᠋ᠢ ᠰᠡᠷᠭᠡᠢᠯᠡᠵᠦ᠍ ᠬᠢᠨᠠᠨ ᠬᠡᠮᠵᠢᠵᠦ᠍ ᠬᠠᠪᠰᠤᠷᠤᠨ ᠲᠡᠳᠬᠦᠬᠦ᠌᠂ 《ᠭᠤᠷᠪᠠ᠎ᠶ᠋ᠢ ᠪᠠᠲᠤᠯᠠᠬᠤ 》 ᠪᠠ ᠤᠤᠭᠤᠬᠤ ᠤᠰᠤᠨ᠎ᠤ ᠠᠮᠤᠷ ᠲᠦᠪᠱᠢᠨ᠂ ᠬᠠᠪᠰᠤᠷᠤᠨ ᠲᠡᠳᠬᠦᠬᠦ᠌ ᠠᠵᠤ ᠦᠶ᠋ᠯᠡᠰ᠎ᠦᠨ ᠦᠷᠭᠦᠯᠵᠢᠯᠡᠬᠦ᠌ ᠴᠢᠨᠠᠷ᠂ ᠪᠠᠯᠠ ᠮᠥᠩᠭᠥ᠌ ᠡᠳ᠋ ᠬᠥᠷᠥᠩᠭᠡ᠎ᠶ᠋ᠢᠨ ᠬᠠᠮᠢᠶᠠᠷᠤᠯᠲᠠ᠂ ᠠᠵᠢᠯ ᠣᠯᠭᠣᠯᠲᠠ ᠪᠡᠷ ᠬᠠᠪᠰᠤᠷᠤᠨ ᠲᠡᠳᠬᠦᠬᠦ᠌᠂ ᠦᠨᠳᠦᠰᠦᠨ ᠵᠦᠶ᠋ᠯ᠎ᠢ ᠪᠠᠲᠤᠯᠠᠬᠤ᠂ ᠤᠨᠳᠤᠤ ᠭᠠᠵᠠᠷ᠎ᠲᠤ ᠨᠡᠭᠦᠯᠭᠡᠭ᠌ᠰᠡᠨᠦ ᠳᠠᠷᠠᠭᠠᠬᠢ ᠳᠡᠮᠵᠢᠯᠭᠡ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠂ ᠲᠣᠰᠭᠣᠨ᠎ᠳᠤ ᠰᠠᠭᠤᠬᠤ ᠠᠵᠢᠯ ᠵᠡᠷᠭᠡ ᠲᠠᠯ᠎ᠠ᠎ᠶ᠋ᠢᠨ ᠪᠠᠢᠳᠠᠯ᠎ᠢ ᠤᠢᠯᠠᠭᠠᠬᠤ ᠪᠡᠷ ᠲᠠᠮᠵᠢᠨ᠂ 1201 ᠡᠷᠦᠬᠡ ᠵᠢᠨ 2288 ᠬᠥᠮᠦᠨ ᠪᠦᠬᠦᠢ ᠬᠢᠨᠠᠨ ᠬᠡᠮᠵᠢᠭᠳᠡᠬᠦ ᠡᠲᠡᠭᠡᠳ᠎ᠢ ᠬᠠᠪᠰᠤᠷᠤᠨ ᠲᠡᠳᠬᠦᠬᠦ ᠵᠢ ᠨᠠᠢᠳᠠᠪᠦᠷᠢᠵᠢᠭᠤᠯᠵᠤ᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠬᠦᠴᠦᠲᠡᠶ ᠪᠡᠬᠢᠵᠢᠭᠦᠯᠪᠡ᠃ 2022 ᠣᠨ᠎ᠳᠤ᠂ ᠪᠦᠬᠦ᠌ ᠠᠢᠮᠠᠭ᠎ᠤᠨ ᠶᠠᠳᠠᠭᠤ᠎ᠡᠴᠡ ᠠᠩᠭᠢᠵᠢᠷᠠᠭ᠍ᠰᠠᠨ ᠬᠥᠮᠦᠨ ᠠᠮᠠ᠎ᠶ᠋ᠢᠨ ᠬᠥᠮᠦᠨ ᠳᠤᠮᠳᠠᠴᠢ᠎ᠶ᠋ᠢᠨ ᠴᠡᠪᠡᠷ ᠣᠷᠣᠯᠭ᠎ᠠ 19568 ᠲᠥᠭᠥᠷᠢᠭ᠎ᠲᠦ ᠬᠦᠷᠴᠦ᠍᠂ ᠪᠦᠬᠦ᠌ ᠣᠷᠣᠨ᠎ᠤ ᠳᠤᠮᠳᠠᠴᠢ ᠲᠦᠪᠱᠢᠨ᠎ᠡᠴᠡ 2668 ᠲᠥᠭᠥᠷᠢᠭ ᠥᠨᠳᠥᠷ ᠪᠤᠯᠤᠭᠰᠠᠨ ᠪᠠᠢᠨ᠎ᠠ᠃
ᠡᠭᠦᠨ᠎ᠦ ᠬᠠᠮᠲᠤ᠂ ᠠᠵᠢᠯ ᠣᠯᠭᠣᠬᠤ ᠦᠶ᠋ᠯᠡᠴᠢᠯᠡᠭᠡ᠎ᠶ᠋ᠢ ᠴᠢᠩᠭᠠᠳᠭᠠᠬᠤ᠎ᠪᠠᠷ ᠳᠠᠮᠵᠢᠭᠤᠯᠤᠨ ᠂ ᠬᠥᠳᠡᠯᠮᠦᠷᠢ ᠬᠦᠴᠦᠨ᠎ᠦ ᠬᠠᠩᠭᠠᠯᠭ᠎ᠠ ᠬᠡᠷᠡᠭ᠌ᠴᠡᠭᠡ᠎ᠶ᠋ᠢᠨ ᠲᠠᠪᠴᠠᠩ᠎ᠢ ᠢᠳᠡᠪᠬᠢᠲᠡᠶ ᠪᠠᠢᠭᠤᠯᠵᠤ ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠳᠦ ᠠᠵᠢᠯ᠎ᠤᠨ ᠪᠠᠢᠷᠢ ᠤᠯᠭᠤᠵᠤ᠂ ᠲᠥᠷᠥ᠎ᠶ᠋ᠢᠨ ᠪᠣᠳᠣᠯᠭ᠎ᠠ ᠬᠦᠷᠭᠡᠵᠦ᠂ ᠮᠡᠳᠡᠭᠡ ᠵᠠᠩᠭᠢ ᠬᠦᠷᠭᠡᠵᠦ᠂ ᠦᠶ᠋ᠯᠡᠴᠢᠯᠡᠭᠡ ᠬᠦᠷᠭᠡᠵᠦ᠂ ᠶᠠᠳᠠᠭᠤ᠎ᠡᠴᠡ ᠠᠩᠭᠢᠵᠢᠷᠠᠭ᠍ᠰᠠᠨ ᠬᠥᠮᠦᠨ ᠠᠮᠠ᠎ᠶ᠋ᠢᠨ ᠣᠷᠣᠯᠭ᠎ᠠ᠎ᠶ᠋ᠢ ᠪᠦᠲᠦᠮᠵᠢᠲᠡᠶ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠪᠡ᠂ 2022 ᠣᠨ᠎ᠤ ᠡᠴᠦᠰ ᠪᠣᠯᠲᠠᠯ᠎ᠠ᠂ ᠲᠣᠰ ᠠᠢᠮᠠᠭ ᠵᠣᠣ ᠰᠣ᠌ ᠶᠧᠲᠡᠶ ᠠᠳᠠᠯᠢ ᠶᠠᠳᠠᠭᠤ᠎ᠡᠴᠡ ᠠᠩᠭᠢᠵᠢᠷᠠᠭ᠍ᠰᠠᠨ 9591 ᠬᠥᠮᠦᠨ ᠳ᠋ᠦ ᠠᠵᠢᠯ ᠤᠯᠭᠤᠵᠤ᠂ 2021ᠣᠨ᠎ᠤ ᠠᠳᠠᠯᠢ ᠬᠤᠭᠤᠴᠠᠭᠠᠨ᠎ᠤ᠎ᠬᠢ᠎ᠡᠴᠡ1.69 % ᠪᠠᠷ ᠨᠡᠮᠡᠭ᠌ᠳᠡᠵᠦ᠍᠂ ᠶᠠᠳᠠᠭᠤ᠎ᠡᠴᠡ ᠠᠩᠭᠢᠵᠢᠷᠠᠭ᠍ᠰᠠᠨ ᠬᠥᠮᠦᠨ ᠠᠮᠠ᠎ᠳᠤ ᠠᠵᠢᠯ ᠣᠯᠭᠣᠬᠤ ᠨᠥᠬᠥᠪᠥᠷᠢ᠎ᠶ᠋ᠢᠨ ᠪᠠᠯᠠ ᠮᠥᠩᠭᠥ᠌ ᠪᠠ ᠵᠣᠯᠭᠠᠭᠤᠯᠤᠭ᠍ᠰᠠᠨ ᠪᠠᠯᠠ ᠮᠥᠩᠭᠥ᠌ ᠵᠢ ᠨᠡᠢᠲᠡ 2202.82 ᠲᠦᠮᠡᠨ ᠲᠥᠭᠥᠷᠢᠭ ᠬᠦᠷᠲᠡᠭᠡᠵᠦ᠂ 7889 ᠬᠥᠮᠦᠨ ᠤᠳᠠᠭ᠎ᠠ᠎ᠳᠤ ᠠᠱᠢᠭ ᠬᠦᠷᠲᠡᠭᠡᠵᠦ᠍᠂ ᠶᠠᠳᠠᠭᠤ᠎ᠡᠴᠡ ᠠᠩᠭᠢᠵᠢᠷᠠᠭ᠍ᠰᠠᠨ ᠡᠷᠦᠬᠡ᠎ᠶ᠋ᠢᠨ ᠳᠠᠬᠢᠨ ᠶᠠᠳᠠᠭᠤᠷᠠᠬᠤ ᠨᠤᠷᠮ᠎ᠠ ᠵᠢ ᠲᠦᠢᠯ᠎ᠤᠨ ᠶᠡᠬᠡᠪᠡᠷ ᠪᠠᠭᠤᠷᠠᠭᠤᠯᠤᠭᠰᠠᠨ ᠪᠠᠢᠨ᠎ᠠ᠃
ᠣᠢᠷ᠎ᠠ᠎ᠶ᠋ᠢᠨ ᠵᠢᠯ᠎ᠦᠳ᠎ᠲᠦ᠂ ᠱᠢᠯᠢ᠎ᠶ᠋ᠢᠨ ᠭᠤᠤᠯ ᠠᠢᠮᠠᠭ ᠶᠠᠳᠠᠭᠤ᠎ᠡᠴᠡ ᠠᠩᠭᠢᠵᠢᠷᠠᠭᠤᠯᠬᠤ ᠪᠤᠭᠤᠮᠲᠠ ᠰᠢᠪᠲᠤᠯᠤᠭᠰᠠᠨ ᠦᠷ᠎ᠡ ᠪᠦᠲᠦᠭᠡᠯ᠎ᠢ ᠤᠨᠤᠴᠠᠳᠠᠢ ᠪᠡᠬᠢᠵᠢᠭᠦᠯᠦᠨ ᠥᠷᠭᠡᠳᠭᠡᠬᠦ ᠵᠢ ᠲᠤᠪᠤᠢᠯᠭᠠᠨ᠂ ᠬᠡᠪᠴᠢᠶᠡᠲᠦ ᠴᠢᠨᠠᠷᠲᠠᠶ᠎ᠪᠠᠷ ᠳᠠᠬᠢᠨ ᠶᠠᠳᠠᠭᠤᠷᠠᠬᠤ᠎ᠶ᠋ᠢ ᠰᠡᠷᠭᠡᠢᠯᠡᠪᠡ; ᠲᠣᠭ᠍ᠲᠠᠭᠤᠨ᠎ᠢᠶᠠᠷ ᠱᠢᠯᠵᠢᠬᠦ᠌᠎ᠶ᠋ᠢ ᠱᠢᠰᠲ᠋ᠧᠮᠵᠢᠭᠦᠯᠦᠨ ᠠᠬᠢᠭᠤᠯᠵᠤ᠂ ᠪᠡᠬᠢᠵᠢᠭᠦᠯᠦᠭ᠌ᠰᠡᠨ ᠦᠷ᠎ᠡ ᠪᠦᠲᠦᠭᠡᠯ᠎ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ᠎ᠶ᠋ᠢ ᠦᠨᠡᠨ ᠬᠦ᠌ ᠪᠠᠲᠤᠯᠠᠪᠠ; ᠭᠤᠤᠯᠳᠠᠯᠭ᠎ᠠ᠎ᠲᠠᠶ ᠠᠵᠢᠯ᠎ᠢ ᠲᠤᠷᠱᠢᠯᠲᠠ ᠵᠢᠨ ᠴᠡᠭ ᠵᠢᠠᠷ ᠠᠬᠢᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠠᠷᠭ᠎ᠠ ᠵᠠᠮ᠎ᠤᠨ《ᠪᠠᠷᠢᠮᠵᠢᠶᠠᠵᠢᠭᠤᠯᠬᠤ ᠵᠢᠷᠦᠮᠵᠢᠭᠤᠯᠬᠤ ᠲᠦᠭᠦᠮᠴᠢᠯᠡᠬᠦ》 ᠪᠠᠷ ᠬᠥᠲᠥᠯᠥᠨ ᠳᠠᠭᠠᠭᠤᠯᠬᠤ᠎ᠶ᠋ᠢ ᠢᠳᠡᠪᠬᠢᠲᠡᠶ ᠰᠦᠪᠡᠭ᠌ᠴᠢᠯᠡᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭᠰᠠᠨ ᠦᠷ᠎ᠡ ᠪᠦᠲᠦᠭᠡᠯ᠎ᠢ ᠲᠠᠰᠤᠷᠠᠯᠲᠠ ᠥᠬᠡᠶ ᠪᠡᠬᠢᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠤᠯᠤᠰ ᠳᠠᠶᠠᠭᠠᠷ ᠡᠷᠡᠯᠬᠡᠭ᠌ᠯᠡᠨ ᠲᠡᠮᠡᠴᠡᠵᠦ᠍ ᠪᠠᠢᠭ᠎ᠠ ᠡᠨᠡ ᠬᠦ᠌ 《ᠪᠤᠤᠬᠢᠶ᠎ᠠ ᠤᠷᠤᠯᠳᠤᠭᠠᠨ》 ᠤ᠋ ᠳᠤᠮᠳᠠ ᠲᠦᠷᠭᠡᠨ ᠬᠤᠷᠳᠤᠴᠠ ᠵᠢ ᠪᠡᠶᠡᠯᠡᠭᠦᠯᠪᠡ᠃
ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠬᠦ᠌ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ᠎ᠶ᠋ᠢ ᠠᠬᠢᠭᠤᠯᠬᠤ 《ᠪᠤᠤᠬᠢᠶᠠᠤᠷᠤᠯᠳᠤᠭᠠᠨ》 ᠳ᠋ᠤ᠌᠂ ᠱᠢᠯᠢ᠎ᠶ᠋ᠢᠨ ᠭᠣᠣᠯ ᠠᠢᠮᠠᠭ ᠭᠤᠭᠴᠤᠭ᠎ᠠ ᠪᠦᠷᠢ᠎ᠶ᠋ᠢ ᠨᠢᠭᠲᠠ ᠵᠣᠯᠭᠠᠭᠤᠯᠬᠤ᠎ᠪᠠᠷ ᠴᠢᠷᠮᠠᠢᠵᠤ᠂ ᠭᠠᠷᠴᠤ᠌ ᠮᠡᠳᠡᠬᠦ᠌ ᠠᠯᠳᠠᠭ᠎ᠠ ᠪᠤᠷᠤᠭᠤ ᠨᠢᠭᠡ ᠪᠦᠷᠢ᠎ᠶ᠋ᠢ ᠪᠦᠲᠦᠮᠵᠢᠲᠡᠢ ᠬᠣᠷᠢᠭ᠍ᠯᠠᠬᠤ ᠪᠡᠷ ᠲᠠᠮᠵᠢᠨ ᠬᠤᠷᠳᠤᠴᠠ᠎ᠪᠠᠨ ᠲᠦᠷᠭᠡᠳᠭᠡᠬᠦ᠌᠎ᠶ᠋ᠢ ᠪᠣᠳᠠᠲᠤ ᠪᠠᠢᠳᠠᠯ ᠪᠣᠯᠭᠠᠪᠠ᠃
ᠠᠵᠢᠯ᠎ᠢ ᠵᠣᠯᠭᠠᠭᠤᠯᠬᠤ ᠲᠠᠯ᠎ᠠ᠎ᠪᠠᠷ᠂ ᠲᠣᠰ ᠠᠢᠮᠠᠭ 2022 ᠣᠨ᠎ᠳᠤ 4.6 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ ᠠᠵᠤ ᠦᠶ᠋ᠯᠡᠰ᠎ᠢᠶᠡᠷ ᠬᠠᠪᠰᠤᠷᠤᠨ ᠲᠡᠳᠬᠦᠬᠦ᠌ 215 ᠲᠥᠷᠥᠯ ᠵᠦᠶ᠋ᠯ᠎ᠢ ᠬᠡᠷᠡᠭ᠌ᠵᠢᠭᠦᠯᠵᠦ᠍᠂ 3.3 ᠲᠦᠮᠡᠨ ᠶᠠᠳᠠᠭᠤ ᠡᠴᠡ ᠠᠩᠭᠢᠵᠢᠷᠠᠭᠰᠠᠨ ᠬᠥᠮᠦᠨ᠎ᠢ ᠳᠠᠢᠴᠢᠯᠠᠨ᠂ ᠡᠨᠡ ᠵᠢᠯ 8.54 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ ᠠᠵᠤ ᠦᠶ᠋ᠯᠡᠰ᠎ᠦᠨ ᠲᠥᠷᠥᠯ ᠵᠦᠶ᠋ᠯ᠎ᠢ 111 ᠬᠡᠷᠡᠭ᠌ᠵᠢᠭᠦᠯᠵᠦ᠍᠂ ᠠᠵᠤ ᠦᠶ᠋ᠯᠡᠰ᠎ᠦᠨ ᠲᠤᠯᠭᠠᠭᠤᠷᠢᠯᠠᠬᠤ ᠴᠢᠳᠠᠪᠤᠷᠢ᠎ᠶ᠋ᠢ ᠨᠡᠮᠡᠭ᠌ᠳᠡᠭᠦᠯᠬᠦ᠌᠎ᠪᠡᠷ ᠪᠤᠢ᠃ ᠬᠥᠳᠡᠯᠮᠦᠷᠢ ᠬᠦᠴᠦ᠍᠎ᠶ᠋ᠢ ᠭᠠᠳᠠᠭ᠍ᠰᠢ ᠭᠠᠷᠭᠠᠬᠤ᠂ ᠲᠦᠷ ᠴᠠᠭ᠎ᠤᠨ ᠴᠢᠨᠠᠷᠲᠠᠶ ᠨᠡᠢᠲᠡ᠎ᠶ᠋ᠢᠨ ᠠᠰᠠᠷᠠᠮᠵᠢ᠎ᠶ᠋ᠢᠨ ᠠᠵᠢᠯ᠎ᠤᠨ ᠪᠠᠢᠷᠢ ᠪᠡᠷ ᠲᠥᠪᠬᠢᠨᠡᠭᠦᠯᠬᠦ᠌᠎ᠶ᠋ᠢ ᠵᠣᠬᠢᠶᠠᠨ ᠪᠠᠢᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠌᠂ ᠶᠠᠳᠠᠭᠤ᠎ᠡᠴᠡ ᠠᠩᠭᠢᠵᠢᠷᠠᠭᠰᠠᠨ ᠬᠥᠳᠡᠯᠮᠦᠷᠢ ᠬᠦᠴᠦᠨ᠎ᠦ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠠᠵᠢᠯ ᠣᠯᠭᠣᠬᠤ᠎ᠶ᠋ᠢ ᠣᠯᠠᠨ ᠠᠷᠭ᠎ᠠ ᠵᠠᠮ᠎ᠢᠶᠠᠷ ᠠᠬᠢᠭᠤᠯᠵᠠᠢ᠃ ᠣᠨᠳᠣᠣ ᠭᠠᠵᠠᠷ᠎ᠲᠤ ᠨᠡᠭᠦᠯᠭᠡᠬᠦ᠌ ᠪᠠᠲᠤᠯᠠᠭ᠎ᠠ᠎ᠶ᠋ᠢ ᠴᠢᠩᠭᠠᠳᠭᠠᠨ᠂ ᠢᠵᠢ ᠪᠦᠷᠢᠳᠦᠬᠦᠯᠬᠦ᠌ ᠰᠠᠭᠤᠷᠢ ᠲᠥᠬᠥᠭᠡᠷᠦᠮᠵᠢ ᠪᠠ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠲᠦᠷᠭᠡᠳᠭᠡᠨ ᠲᠡᠭᠦᠯᠳᠡᠷᠵᠢᠭᠦᠯᠵᠦ᠍᠂ 841 ᠬᠥᠮᠦᠨ᠎ᠢ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠡᠪᠴᠢᠶᠡᠨ᠎ᠳᠦ ᠣᠷᠣᠭᠤᠯᠤᠨ᠂ ᠠᠵᠢᠯ ᠣᠯᠭᠣᠯᠲᠠ᠎ᠶ᠋ᠢᠨ ᠪᠣᠯᠪᠠᠰᠤᠷᠠᠯ ᠪᠠ ᠵᠢᠯᠤᠭᠤᠳᠤᠯᠭ᠎ᠠ᠎ᠶ᠋ᠢ ᠴᠢᠩᠭᠠᠳᠭᠠᠵᠤ᠂ ᠨᠡᠭᠦᠯᠭᠡᠭ᠌ᠰᠡᠨ ᠤᠯᠠᠨ ᠲᠦᠮᠡᠨ᠎ᠦ ᠲᠣᠭ᠍ᠲᠠᠪᠤᠷᠢᠵᠢᠵᠤ ᠳᠡᠢᠯᠬᠦ᠌᠂ ᠠᠵᠢᠯ ᠣᠯᠵᠤ ᠳᠡᠢᠯᠬᠦ᠌᠂ ᠪᠠᠶᠠᠵᠢᠵᠤ ᠳᠡᠢᠯᠬᠦ᠌᠎ᠶ᠋ᠢ ᠪᠠᠲᠤᠯᠠᠵᠠᠢ᠃ ᠲᠥᠷᠥ᠎ᠶ᠋ᠢᠨ ᠪᠣᠳᠣᠯᠭ᠎ᠠ᠎ᠶ᠋ᠢ ᠵᠣᠯᠭᠠᠭᠤᠯᠬᠤ ᠲᠠᠯ᠎ᠠ᠎ᠪᠠᠷ᠂ ᠪᠥᠬᠥ᠌ ᠣᠷᠣᠨ᠎ᠳᠤ 2021 — 2025 ᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ 《 5 + 1 》 ᠶ᠋ᠢᠨ ᠬᠡᠷᠡᠭ᠌ᠵᠢᠭᠦᠯᠬᠦ᠌ ᠲᠥᠰᠦᠯ᠎ᠢ ᠲᠦᠷᠦᠭᠦᠯᠡᠨ ᠨᠡᠢᠲᠡᠯᠡᠵᠦ᠍᠂ 42 ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠪᠢᠴᠢᠭ ᠮᠠᠲ᠋ᠧᠷᠢᠶᠠᠯ᠎ᠢ ᠰᠤᠳᠤᠯᠤᠨ ᠲᠣᠭ᠍ᠲᠠᠭᠠᠵᠤ᠂ ᠱᠢᠯᠵᠢᠯᠲᠡ᠎ᠶ᠋ᠢᠨ ᠬᠤᠭᠤᠴᠠᠭᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠦᠷᠭᠦᠯᠵᠢᠯᠡᠨ ᠲᠣᠭ᠍ᠲᠠᠭᠤᠨ ᠪᠠᠢᠬᠤ᠎ᠶ᠋ᠢ ᠪᠠᠲᠤᠯᠠᠪᠠ᠃ ᠪᠠᠢᠭᠤᠯᠤᠮᠵᠢ᠎ᠶ᠋ᠢᠨ ᠡᠩᠨᠡᠭᠡ᠎ᠶ᠋ᠢ ᠵᠣᠯᠭᠠᠭᠤᠯᠬᠤ ᠲᠠᠯ᠎ᠠ᠎ᠪᠠᠷ᠂ ᠲᠣᠰ ᠠᠢᠮᠠᠭ ᠤᠤᠯ᠎ᠤᠨ 20 ᠶᠠᠳᠠᠭᠤ᠎ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠭᠠᠶ ᠠᠵᠢᠯ᠎ᠢ ᠠᠬᠢᠭᠤᠯᠬᠤ ᠳᠤᠭᠤᠢᠯᠠᠩ᠎ᠢ ᠵᠤᠯᠭᠠᠭᠤᠯᠲᠠ ᠬᠢᠵᠥ ᠲᠤᠰᠭᠠᠶ ᠠᠵᠢᠯ᠎ᠢ ᠠᠬᠢᠭᠤᠯᠬᠤ ᠳᠤᠭᠤᠢᠯᠠᠩ ᠪᠣᠯᠭᠠᠨ ᠳᠣᠭᠢᠷᠠᠭᠤᠯᠵᠤ᠂ ᠠᠢᠮᠠᠭ᠎ᠤᠨ ᠱᠠᠲᠤᠨ᠎ᠤ ᠤᠳᠤᠷᠢᠳᠤᠯᠭ᠎ᠠ ᠴᠡᠭ ᠲᠣᠭ᠍ᠲᠠᠭᠠᠨ ᠰᠤᠮᠤ ᠱᠢᠶᠠᠩ ᠪᠠᠯᠭᠠᠰᠤ ᠲᠠᠢ ᠳᠠᠭᠠᠭᠠᠴᠢᠯᠠᠨ ᠬᠠᠷᠢᠯᠴᠠᠬᠤ ᠠᠵᠢᠯ᠎ᠤᠨ ᠲᠣᠭ᠍ᠲᠡᠴᠡ᠎ᠶ᠋ᠢ ᠪᠠᠢᠭᠤᠯᠵᠤ᠂ ᠲᠣᠰᠭᠣᠨ᠎ᠳᠤ ᠰᠠᠭᠤᠬᠤ ᠠᠵᠢᠯ᠎ᠤᠨ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠲᠣᠰᠭᠣᠨ᠎ᠳᠤ ᠰᠠᠭᠤᠬᠤ ᠺᠠᠳ᠋ᠷ ᠢ᠋ 932 ᠪᠠᠢᠭ᠍ᠰᠠᠨ᠎ᠡᠴᠡ1453 ᠪᠤᠯᠭᠠᠨ ᠨᠡᠮᠡᠭᠳᠡᠭᠦᠯᠵᠤ᠂ ᠭᠠᠴᠡᠭ᠎ᠠ ᠲᠣᠰᠭᠣᠨ᠎ᠢ ᠪᠦᠷᠢᠨ ᠪᠥᠷᠬᠥᠭᠦᠯᠵᠠᠢ᠃
ᠪᠤᠤᠭᠢᠶ᠎ᠠ᠎ᠶ᠋ᠢ ᠨᠡᠩ ᠲᠦᠷᠭᠡᠨ ᠵᠣᠯᠭᠠᠭᠤᠯᠬᠤ᠎ᠶ᠋ᠢᠨ ᠲᠥᠯᠥᠭᠡ᠂ ᠱᠢᠯᠢ᠎ᠶ᠋ᠢᠨ ᠭᠣᠣᠯ ᠠᠢᠮᠠᠭ ᠭᠠᠵᠠᠷ ᠠᠭᠤᠳᠠᠮ ᠬᠥᠮᠦᠨ ᠴᠥᠭᠡᠨ᠂ ᠰᠠᠭᠤᠷᠢᠱᠢᠯ ᠲᠠᠷᠠᠬᠠᠢ ᠪᠤᠲᠠᠷᠬᠠᠢ ᠪᠠ ᠮᠠᠯ ᠠᠵᠤ ᠠᠬᠤᠢ ᠲᠠᠷᠢᠶᠠᠯᠠᠩ᠎ᠢ ᠤᠶᠠᠯᠳᠤᠭᠤᠯᠤᠭ᠍ᠰᠠᠨ ᠣᠷᠣᠨ ᠪᠦᠰᠡ᠎ᠶ᠋ᠢᠨ ᠣᠨᠴᠠᠯᠢᠭᠲᠤ ᠴᠢᠭ᠌ᠯᠡᠭᠦᠯᠦᠨ᠂ ᠲᠤᠷᠱᠢᠯᠲᠠ᠎ᠶ᠋ᠢᠨ ᠴᠡᠭ᠎ᠦᠨ ᠠᠵᠢᠯ᠎ᠢ ᠬᠦᠴᠦᠯᠡᠨ ᠠᠬᠢᠭᠤᠯᠵᠤ᠂ ᠠᠪᠠᠭ᠎ᠠ ᠬᠣᠱᠢᠭᠤᠨ᠎ᠳᠤ ᠥᠷᠨᠢᠭᠦᠯᠦᠭ᠌ᠰᠡᠨ ᠪᠦᠬᠦ᠌ ᠣᠷᠣᠨ᠎ᠤ ᠮᠠᠯᠵᠢᠬᠤ ᠣᠷᠣᠨ᠎ᠤ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ ᠨᠢ ᠮᠠᠯᠵᠢᠬᠤ ᠣᠷᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠲᠤᠷᠱᠢᠯᠭ᠎ᠠ ᠬᠤᠷᠠᠮᠳᠤᠭᠤᠯᠵᠠᠢ᠃ ᠡᠭᠦᠨ᠎ᠦ ᠬᠠᠮᠲᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ᠌ ᠭᠠᠴᠡᠭ᠎ᠠ ᠲᠣᠰᠭᠣᠨ᠎ᠢ ᠡᠭᠦᠳᠦᠨ ᠪᠠᠢᠭᠤᠯᠬᠤ ᠭᠦᠶ᠋ᠴᠡᠳᠭᠡᠯ ᠲᠣᠭ᠎ᠠ᠎ᠶ᠋ᠢᠨ ᠱᠢᠰᠲ᠋ᠧᠮ᠎ᠢ ᠰᠤᠳᠤᠯᠤᠨ ᠲᠣᠭ᠍ᠲᠠᠭᠠᠵᠤ᠂ 28 ᠵᠦᠶ᠋ᠯ᠎ᠦᠨ ᠪᠣᠳᠠᠲᠠᠶ ᠭᠦᠶ᠋ᠴᠡᠳᠭᠡᠯ ᠲᠣᠭ᠎ᠠ᠎ᠶ᠋ᠢ ᠲᠣᠳᠣᠷᠬᠠᠢᠯᠠᠵᠤ᠂ ᠮᠠᠯᠵᠢᠬᠤ ᠣᠷᠣᠨ᠎ᠢ ᠬᠥᠭ᠌ᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ᠌ ᠲᠤᠭᠤᠷᠢᠭ ᠢ᠋ ᠪᠥᠬᠥ᠌ ᠬᠦᠴᠦᠨ᠎ᠢᠶᠡᠷ᠎ᠢᠶᠡᠨ ᠪᠠᠢᠭᠤᠯᠪᠠ᠃ 2022 ᠣᠨ᠎ᠳᠤ᠂ ᠲᠤᠰ ᠠᠢᠮᠠᠭ 1.85 ᠳ᠋ᠦᠩᠱᠢᠭᠤᠷ ᠲᠥᠭᠥᠷᠢᠭ᠎ᠦᠨ ᠲᠤᠰᠭᠠᠢ ᠲᠦᠷᠦᠯ᠎ᠦᠨ ᠪᠡᠯᠡ ᠣᠷᠣᠭᠤᠯᠵᠤ᠂ 59 ᠭᠣᠣᠯᠳᠠᠯᠭ᠎ᠠ᠎ᠲᠠᠶ ᠭᠠᠴᠡᠭ᠎ᠠ ᠲᠣᠰᠭᠣᠨ᠎ᠢ ᠰᠣᠩᠭᠣᠨ᠂ ᠠᠵᠤ ᠦᠢᠯᠡᠰ᠎ᠦᠨ ᠬᠥᠭ᠌ᠵᠢᠯᠲᠡ᠂ ᠣᠷᠣᠱᠢᠨ ᠰᠠᠭᠤᠷᠢᠱᠢᠬᠤ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ᠂ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠢᠱ᠌ᠢᠢ᠎ᠡ ᠦᠵᠡᠭᠦᠯᠬᠦ᠌ ᠭᠠᠴᠡᠭ᠎ᠠ ᠲᠣᠰᠭᠣᠨ᠎ᠢ ᠪᠠᠢᠭᠤᠯᠪᠠ᠃
ᠱᠢᠯᠢ᠎ᠶ᠋ᠢᠨ ᠭᠤᠤᠯ ᠠᠢᠮᠠᠭ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠠᠬᠢᠭᠤᠯᠬᠤ ᠳᠤᠮᠳᠠ᠂ ᠪᠠᠰᠠ 87 ᠦᠶ᠋ᠯᠡᠴᠢᠯᠡᠭᠡᠨ᠎ᠦ ᠠᠩᠭᠢ ᠶᠢ ᠵᠣᠬᠢᠶᠠᠨ ᠪᠠᠢᠭᠤᠯᠵᠤ᠂ ᠬᠣᠭ ᠨᠣᠪᠰᠢ᠎ᠶ᠋ᠢ ᠬᠣᠷᠢᠶᠠᠨ ᠴᠤᠭ᠍ᠯᠠᠭᠤᠯᠵᠤ ᠱᠢᠯᠵᠢᠭᠦᠯᠦᠨ ᠲᠡᠭᠡᠭᠡᠪᠦᠷᠢᠯᠡᠬᠦ᠌᠂ ᠮᠠᠯ ᠠᠵᠤ ᠠᠬᠤᠶ᠎ᠲᠠᠷᠢᠶᠠᠯᠠᠩ᠎ᠤᠨ ᠮᠠᠱᠢᠨᠴᠢᠯᠠᠨ ᠦᠶ᠋ᠯᠡᠳᠪᠦᠷᠢᠯᠡᠬᠦ᠌᠂ ᠠᠮᠢᠲᠠᠨ᠎ᠤ ᠬᠡᠮ ᠬᠢᠵᠢᠭ ᠢ ᠰᠡᠷᠭᠡᠢᠯᠡᠨ ᠵᠠᠰᠠᠬᠤ ᠵᠡᠷᠭᠡ ᠠᠵᠢᠯ᠎ᠢ ᠬᠠᠷᠢᠭᠤᠴᠠᠵᠤ᠂ ᠮᠠᠯᠵᠢᠬᠤ ᠲᠠᠷᠢᠶᠠᠯᠠᠬᠤ ᠣᠷᠣᠨ᠎ᠤ ᠨᠡᠢᠭᠡᠮᠴᠢᠯᠡᠭ᠌ᠰᠡᠨ ᠦᠶ᠋ᠯᠡᠴᠢᠯᠡᠭᠡᠨ᠎ᠦ ᠱᠢᠰᠲ᠋ᠧᠮ᠎ᠢ ᠠᠩᠬ᠎ᠠ ᠠᠯᠬᠤᠮ ᠪᠠᠢᠭᠤᠯᠪᠠ᠃ ᠡᠨᠡ ᠬᠦ᠌ ᠰᠠᠭᠤᠷᠢᠨ ᠳᠡᠭᠡᠷ᠎ᠡ᠂ ᠲᠣᠰ ᠠᠢᠮᠠᠭ ᠲᠸ᠋ ᠡᠨᠡ ᠵᠢᠯ 4.37 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠌ ᠣᠷᠣᠭᠤᠯᠤᠨ ᠬᠡᠷᠡᠭ᠌ᠵᠢᠭᠦᠯᠬᠦ᠌᠎ᠪᠡᠷ ᠪᠠᠢᠭ᠎ᠠ ᠲᠥᠷᠥᠯ ᠵᠦᠶ᠋ᠯ 59 ᠪᠠᠢᠵᠤ᠂ ᠠᠢᠮᠠᠭ᠎ᠤᠨ ᠲᠠᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠢᠱ᠌ᠢᠶ᠎ᠡ ᠦᠵᠡᠭᠦᠯᠬᠦ᠌ 35 ᠭᠠᠴᠡᠭ᠎ᠠ ᠲᠣᠰᠭᠣᠨ᠎ᠢ ᠡᠭᠦᠳᠦᠨ ᠪᠠᠢᠭᠤᠯᠬᠤ᠎ᠶ᠋ᠢ ᠲᠣᠪᠣᠢᠮ᠎ᠠ ᠰᠠᠢᠲᠤᠷ ᠠᠳᠭᠤᠵᠤ᠂ ᠴᠡᠭ᠎ᠢᠶᠡᠷ ᠨᠡᠢᠳᠡᠮ᠎ᠢ ᠳᠠᠢᠴᠢᠯᠠᠨ᠂ ᠵᠢᠱ᠌ᠢᠶ᠎ᠡ ᠦᠵᠡᠭᠦᠯᠦᠨ ᠳᠡᠯᠭᠡᠷᠡᠭᠦᠯᠵᠦ᠍᠂ ᠪᠥᠬᠥ᠌ ᠠᠢᠮᠠᠭ᠎ᠤᠨ ᠮᠠᠯᠵᠢᠬᠤ ᠲᠠᠷᠢᠶᠠᠯᠠᠬᠤ ᠣᠷᠣᠨ᠎ᠤ ᠨᠡᠢᠭᠡᠮᠴᠢᠯᠡᠭ᠌ᠰᠡᠨ ᠦᠶ᠋ᠯᠡᠴᠢᠯᠡᠭᠡᠨ᠎ᠦ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠪᠡᠷ ᠪᠤᠢ᠃ ᠡᠭᠦᠨ ᠤ᠋ ᠵᠡᠷᠭᠡ ᠪᠡᠷ᠂ ᠮᠠᠯᠵᠢᠬᠤ ᠲᠠᠷᠢᠶᠠᠯᠠᠬᠤ ᠣᠷᠣᠨ ᠤ᠋ ᠰᠠᠭᠤᠷᠢ ᠲᠦᠬᠦᠭᠡᠷᠤᠮᠵᠢ᠎ᠶ᠋ᠢᠨ ᠪᠥᠳᠥᠭᠡᠨ ᠪᠠᠢᠭᠤᠯᠤᠯᠲᠠ᠎ᠶ᠋ᠢ ᠦᠨᠡᠨ ᠬᠦ᠌ ᠴᠢᠩᠭᠠᠳᠭᠠᠨ᠂ 1.2 ᠲᠦᠮᠡᠨ ᠬᠥᠮᠦᠨ ᠳ᠋ᠦ ᠤᠰᠤ ᠬᠠᠩᠭᠠᠬᠤ ᠪᠠᠲᠤᠯᠠᠭ᠎ᠠ᠎ᠶ᠋ᠢ ᠳᠡᠭᠡᠭ᠌ᠰᠢᠯᠡᠭᠦᠯᠬᠦ᠌ ᠠᠰᠠᠭᠤᠳᠠᠯ ᠢ᠋ ᠱᠢᠢᠳᠪᠦᠷᠢᠯᠡᠵᠦ᠍᠂ ᠮᠠᠯᠵᠢᠬᠤ ᠲᠠᠷᠢᠶᠠᠯᠠᠬᠤ ᠣᠷᠣᠨ ᠤ᠋ 600 ᠺᠢᠯᠤᠮᠸᠲᠷ ᠵᠠᠰᠠᠮᠠᠯ ᠵᠠᠮ ᠢ᠋ ᠱᠢᠨ᠎ᠡ᠎ᠪᠡᠷ ᠵᠠᠰᠠᠭᠰᠠᠨ ᠪᠠ ᠦᠷᠭᠦᠯᠵᠢᠯᠡᠨ ᠵᠠᠰᠠᠵᠤ᠂ 1300 ᠭᠠᠷᠤᠢ ᠠᠯᠤᠰ ᠬᠢᠵᠠᠭᠠᠷ ᠤ᠋ᠨ ᠮᠠᠯᠵᠢᠬᠤ ᠡᠷᠥᠭᠡ ᠳ᠋ᠤ ᠰᠦᠯᠵᠢᠶ᠎ᠠ ᠪᠠ ᠴᠠᠬᠢᠯᠭᠠᠨ ᠨᠡᠪᠲᠡᠷᠡᠭᠦᠯᠬᠦ᠌᠎ᠪᠡᠷ ᠴᠢᠷᠮᠠᠢᠵᠤ᠂ ᠠᠯᠤᠰ ᠬᠢᠵᠠᠭᠠᠷ ᠤ᠋ᠨ ᠭᠠᠴᠡᠭ᠎ᠠ ᠲᠣᠰᠭᠣᠨ ᠤ᠋ 2000 ᠮᠠᠯᠵᠢᠬᠤ ᠲᠠᠷᠢᠶᠠᠯᠠᠬᠤ ᠡᠷᠥᠭᠡ ᠳ᠋ᠤ ᠥᠷᠭᠡᠨ ᠪᠦᠰᠡᠲᠦ ᠰᠦᠯᠵᠢᠶ᠎ᠠ ᠣᠷᠣᠭᠤᠯᠤᠨ ᠦᠭᠴᠤ᠂ 2499 ᠡᠷᠥᠭᠡ᠎ᠶ᠋ᠢᠨ ᠵᠣᠷᠯᠣᠩ᠎ᠢ ᠱᠢᠨ᠎ᠡ᠎ᠪᠡᠷ ᠪᠠᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠣᠳᠣᠬᠢᠴᠢᠯᠠᠯᠳᠠ ᠵᠢᠨ ᠪᠥᠳᠥᠭᠡᠨ ᠪᠠᠢᠭᠤᠯᠤᠯᠲᠠ᠎ᠶ᠋ᠢᠨ ᠠᠯᠬᠤᠭ᠎ᠠ᠎ᠶ᠋ᠢ ᠦᠨᠡᠨ ᠬᠦ᠌ ᠲᠦᠷᠭᠡᠳᠭᠡᠨ᠂ ᠮᠠᠯᠴᠢᠨ ᠲᠠᠷᠢᠶᠠᠴᠢᠳ ᠲᠦ᠍ ᠬᠥᠭ᠌ᠵᠢᠯᠲᠡ᠎ᠶ᠋ᠢᠨ ᠦᠷ᠎ᠡ ᠪᠦᠲᠦᠭᠡᠯ ᠪᠣᠯᠤᠨ ᠲᠥᠷᠥ᠎ᠶ᠋ᠢᠨ ᠪᠤᠳᠤᠯᠭ᠎ᠠ᠎ᠶ᠋ᠢᠨ ᠠᠱᠢᠭ ᠢ᠋ ᠬᠦᠷᠲᠡᠭᠡᠬᠦ ᠪᠡᠷ ᠪᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃