ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-05-07 09:27:14

ᠵᠣᠬᠢᠶᠠᠭ᠍ᠴᠢ᠄ ᠬᠡᠰᠢᠭᠪᠥᠶᠠᠨ ᠣᠩᠱᠢᠭ᠍ᠰᠠᠨ ᠣᠳᠠᠭ᠎ᠠ᠄ 3

ᠤᠳᠤᠬᠠᠨ ᠬᠢᠩᠭᠠᠨ ᠠᠶᠢᠮᠠᠭ᠎ᠤᠨ ᠡᠯ᠎ᠡ ᠱᠠᠲᠤᠨ᠎ᠤ ᠮᠠᠯ ᠠᠵᠤ ᠠᠬᠤᠢ ᠲᠠᠷᠢᠶᠠᠯᠠᠩ᠎ᠤᠨ ᠰᠠᠯᠠᠭ᠎ᠠ ᠮᠥᠴᠢᠷ ᠡᠯ᠎ᠡ ᠵᠦᠢᠯ᠎ᠤᠨ ᠲᠥᠷᠥ᠎ᠶᠢᠨ ᠪᠣᠳᠣᠯᠭ᠎ᠠ᠎ᠶᠢᠨ ᠨᠠᠶᠢᠳᠠᠪᠤᠷᠢᠵᠢᠭᠤᠯᠤᠯᠲᠠ᠎ᠶᠢ ᠴᠢᠩᠭᠠᠳᠬᠠᠠ ᠂ ᠲᠠᠷᠢᠮᠠᠯ᠎ᠤᠨ ᠪᠦᠲᠦᠴᠡ᠎ᠶᠢ ᠳᠣᠭᠢᠷᠠᠭᠤᠯᠤᠨ ᠰᠢᠯᠢᠳᠡᠭᠵᠢᠭᠦᠯᠵᠦ ᠂ ᠭᠤᠤᠯ ᠭᠠᠷᠤᠯᠲᠠ᠎ᠶᠢᠨ ᠣᠷᠣᠨ᠎ᠤ ᠳᠠᠪᠠᠭᠤᠯᠢᠭ᠎ᠢ ᠭᠦᠶᠴᠡᠳ ᠪᠠᠳᠠᠷᠠᠭᠤᠯᠤᠨ ᠂ ᠠᠮᠤ ᠪᠤᠳᠠᠭᠠᠠ᠎ᠤ ᠲᠡᠷᠢᠮᠠᠯ᠎ᠤᠨ ᠲᠠᠯᠠᠪᠠᠶ᠎ᠶᠢ ᠲᠣᠭᠲᠠᠭᠤᠨ᠎ᠢᠶᠠᠷ ᠨᠡᠮᠡᠭᠳᠡᠬᠦᠯᠵᠥ ᠂ ᠠᠮᠤ ᠪᠤᠳᠠᠭᠠᠨ᠎ᠤ ᠤᠨᠠᠯᠲᠠ᠎ᠶᠢ ᠪᠠᠭᠤᠷᠠᠭᠤᠯᠬᠤ ᠥᠬᠡᠶ ᠪᠠᠢᠬᠤ᠎ᠶᠢ ᠪᠠᠲᠤᠯᠠᠬᠤ᠎ᠪᠠᠷ ᠴᠢᠷᠮᠠᠢᠠ ᠠᠵᠢᠯᠯᠠᠵᠠᠭᠠᠵᠤ ᠪᠠᠢᠨ᠎ᠠ ᠃

ᠲᠤᠰ ᠠᠢᠮᠠᠭ᠎ᠤᠨ ᠡᠨᠡ ᠵᠢᠯ᠎ᠤᠨ ᠲᠠᠷᠢᠶᠠᠯᠠᠩ᠎ᠤᠨ ᠪᠠᠶᠢᠳᠠᠯ᠎ᠤᠨ ᠲᠣᠬᠢᠷᠠᠭᠤᠯᠤᠯᠲᠠ᠎ᠶᠢ ᠦᠨᠳᠦᠰᠦᠯᠡᠪᠡᠯ ᠂ ᠲᠠᠷᠢᠮᠠᠯ᠎ᠤᠨ ᠶᠡᠷᠦᠩᠬᠡᠶ ᠲᠠᠯᠠᠪᠠᠶ᠎ᠶᠢ 1782 ᠲᠦᠮᠡᠨ ᠮᠥ᠎ᠳ᠋ᠤ ᠬᠦᠷᠭᠡᠬᠦ᠎ᠪᠠᠷ ᠲᠦᠯᠦᠪᠯᠡᠵᠥ ᠂ ᠳᠡᠭᠡᠷ᠎ᠡ ᠵᠢᠯ᠎ᠤᠨ᠎ᠬᠢ᠎ᠡᠴᠠ 11 ᠲᠦᠮᠡᠨ ᠮᠥ ᠨᠡᠮᠡᠭᠳᠡᠵᠠᠢ ᠂ ᠡᠭᠦᠨ᠎ᠳ᠋ᠤ ᠠᠮᠤ ᠪᠤᠳᠠᠭᠠᠨ᠎ᠤ ᠲᠠᠷᠢᠮᠠᠯ᠎ᠢ 1627.23 ᠲᠦᠮᠡᠨ ᠮᠥ᠎ᠳ᠋ᠤ ᠬᠦᠷᠬᠡᠵᠥ ᠂ ᠠᠳᠠᠯᠢ ᠬᠤᠭᠤᠴᠠᠭᠠᠨ᠎ᠤ᠎ᠬᠢ᠎ᠡᠴᠠ 20.81 ᠲᠦᠮᠡᠨ ᠮᠥ ᠨᠡᠮᠡᠭᠳᠡᠬᠦᠯᠬᠦ᠎ᠪᠠᠷ ᠪᠠᠢᠨ᠎ᠠ ᠃ 4 ᠰᠠᠷ᠎ᠠ᠎ᠶᠢᠨ 25᠎ᠤ ᠡᠳᠦᠷ ᠪᠣᠯᠲᠠᠯ᠎ᠠ ᠂ ᠲᠤᠲᠤᠷᠭ᠎ᠠ᠎ᠶᠢᠨ ᠴᠢᠬᠢ ᠪᠣᠶᠢᠵᠢᠭᠤᠯᠤᠭᠰᠠᠨ ᠲᠠᠯᠠᠪᠠᠶ 138 ᠲᠦᠮᠡᠨ ᠮᠥ ᠂ ᠡᠷᠳᠡᠨᠢ ᠰᠢᠰᠢ ᠳᠠᠷᠢᠬᠰᠠᠨ ᠲᠠᠯᠠᠪᠠᠶ 41.62 ᠲᠦᠮᠡᠨ ᠮᠥ ᠂ ᠪᠣᠭᠣᠳᠠᠶ ᠳᠠᠷᠢᠬᠰᠠᠨ ᠲᠠᠯᠠᠪᠠᠶ 1.43 ᠲᠦᠮᠡᠨ ᠮᠥ ᠂ ᠪᠤᠰᠤᠳ ᠠᠮᠤ ᠪᠤᠳᠠᠭ᠎ᠠ᠎ᠶᠢᠨ ᠲᠡᠷᠢᠮᠠᠯ ᠲᠠᠷᠢᠬᠰᠠᠨ ᠲᠠᠯᠠᠪᠠᠶ 4.78 ᠲᠦᠮᠡᠨ ᠮᠥ ᠪᠠᠢᠵᠥ ᠂ ᠲᠥᠮᠥᠰᠥ ᠲᠡᠷᠢᠬᠤ ᠠᠵᠢᠯ ᠰᠠᠶᠢ ᠡᠬᠢᠯᠡᠵᠥ ᠂ 0.03 ᠲᠦᠮᠡᠨ ᠮᠥ ᠲᠡᠷᠢᠭᠠᠳ ᠪᠠᠢᠨ᠎ᠠ ᠃

ᠤᠢᠷ᠎ᠠ᠎ᠳ᠋ᠤ ᠂ ᠰᠤᠷᠪᠤᠯᠵᠢᠯᠠᠭᠴᠢ ᠬᠢᠩᠭᠠᠨ ᠠᠶᠢᠮᠠᠭ᠎ᠤᠨ ᠲᠠᠷᠢᠶᠠᠯᠠᠩ ᠮᠠᠯ ᠠᠵᠤ ᠠᠬᠤᠶ᠎ᠶᠢᠨ ᠲᠣᠪᠴᠢᠶ᠎ᠠ᠎ᠡᠴᠠ ᠣᠶᠢᠯᠠᠭᠠᠭᠰᠠᠨ᠎ᠢᠶᠠᠷ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠬᠤᠭᠤᠴᠠᠭᠠᠨ᠎ᠳ᠋ᠤ ᠲᠠᠷᠢᠶᠠᠯᠠᠩ᠎ᠤᠨ ᠬᠡᠷᠡᠭᠰᠡᠯ᠎ᠤᠨ ᠵᠠᠬ᠎ᠠ ᠳᠡᠯᠭᠡᠭᠦᠷ᠎ᠤᠨ ᠪᠠᠷᠠᠭᠠᠨ᠎ᠤ ᠢᠷᠡᠯᠲᠡ ᠭᠦᠶᠴᠡᠳ ᠪᠠᠶᠢᠵᠤ ᠂ ᠦᠢᠯᠡᠳᠪᠦᠷᠢᠯᠡᠯ᠎ᠤᠨ ᠬᠡᠷᠡᠭᠴᠡᠭᠡ᠎ᠶᠢ ᠪᠦᠷᠢᠮᠦᠰᠦᠨ ᠬᠠᠩᠭᠠᠵᠤ ᠴᠢᠳᠠᠨ᠎ᠠ ᠃ ᠦᠨᠦ ᠪᠣᠯᠲᠠᠯ᠎ᠠ ᠂ ᠡᠷᠳᠡᠨᠢ ᠰᠢᠰᠢ᠎ᠶᠢᠨ ᠦᠷ᠎ᠡ᠎ᠶᠢᠨ ᠬᠡᠷᠡᠭᠴᠡᠭᠡ 2079 ᠲᠦᠮᠡᠨ ᠺᠢᠯᠣᠭᠷᠠᠮ ᠂ ᠡᠷᠦᠬᠡ᠎ᠳ᠋ᠤ ᠬᠦᠷᠦᠭᠰᠡᠨ ᠨᠣᠷᠮ᠎ᠠ 90 %᠎ᠳ᠋ᠤ ᠬᠦᠷᠴᠡᠶ ᠃ ᠤᠰᠤᠨ ᠲᠤᠲᠤᠷᠭ᠎ᠠ᠎ᠶᠢᠨ ᠦᠷ᠎ᠡ᠎ᠶᠢᠨ ᠬᠡᠷᠡᠭᠴᠡᠭᠡ 586 ᠲᠦᠮᠡᠨ ᠺᠢᠯᠣᠭᠷᠠᠮ ᠂ ᠨᠢᠭᠡᠨᠲᠡ ᠪᠦᠬᠦᠨ᠎ᠢᠶᠠᠷ᠎ᠢᠶᠡᠨ ᠪᠣᠳᠠᠲᠠᠶᠢᠵᠢᠪᠠ ᠃ ᠬᠢᠮᠢ᠎ᠶᠢᠨ ᠪᠣᠷᠳᠣᠭᠤᠷ ᠬᠡᠷᠡᠭᠰᠡᠬᠦ ᠬᠡᠮᠵᠢᠶ᠎ᠡ 21.26 ᠲᠦᠮᠡᠨ ᠲᠣᠨ ᠂ ᠡᠷᠦᠬᠡ᠎ᠳ᠋ᠤ ᠬᠦᠷᠦᠭᠰᠡᠨ ᠨᠣᠷᠮ᠎ᠠ 95%᠎ᠡᠴᠠ ᠳᠡᠭᠡᠭᠰᠢ᠎᠂ ᠲᠠᠷᠢᠶᠠᠨ ᠡᠮ ᠬᠡᠷᠡᠭᠰᠡᠬᠦ ᠬᠡᠮᠵᠢᠶ᠎ᠡ 227.74 ᠲᠣᠨ ᠂ ᠡᠷᠦᠬᠡ᠎ᠳ᠋ᠤ ᠬᠦᠷᠦᠭᠰᠡᠨ ᠨᠣᠷᠮ᠎ᠠ 70% ᠂ ᠰᠦᠯᠢᠶᠣᠣ ᠪᠦᠷᠬᠦᠪᠴᠢ᠎ᠶᠢᠨ ᠬᠡᠷᠡᠭᠴᠡᠭᠡ 1631 ᠲᠣᠨ ᠂ ᠡᠷᠦᠬᠡ᠎ᠳ᠋ᠤ ᠬᠥᠷᠦᠭᠰᠡᠨ ᠨᠣᠷᠮ᠎ᠠ 90% ᠪᠤᠯᠵᠠᠢ ᠃

ᠬᠠᠪᠤᠷ᠎ᠤᠨ ᠲᠠᠷᠢᠶᠠᠯᠠᠭ᠎ᠠ᠎ᠳ᠋ᠤ 40.3 ᠳ᠋ᠦᠩᠰᠢᠭᠤᠷ ᠲᠥᠭᠥᠷᠢᠭ᠎ᠤᠨ ᠪᠡᠯᠡ ᠮᠦᠩᠬᠦ ᠬᠡᠷᠡᠭᠰᠡᠬᠦ ᠴᠢᠬᠤᠯᠠ᠎ᠲᠠᠢ ᠂ ᠡᠭᠦᠨ᠎ᠳ᠋ᠤ ᠲᠠᠷᠢᠶᠠᠴᠢᠳ ᠥᠪᠡᠷ᠎ᠲᠡᠭᠡᠨ 17.9 ᠳ᠋ᠦᠩᠰᠢᠭᠤᠷ ᠲᠥᠭᠥᠷᠢᠭ ᠴᠤᠭᠯᠠᠭᠤᠯᠵᠤ ᠂ 22.4 ᠳ᠋ᠦᠩᠰᠢᠭᠤᠷ ᠲᠥᠭᠥᠷᠢᠭ᠎ᠤᠨ ᠵᠢᠭᠡᠯᠡᠯᠭᠡ ᠬᠡᠷᠡᠭᠰᠡᠵᠦ ᠂ ᠨᠢᠭᠡᠨᠲᠡ 19.15 ᠳ᠋ᠦᠩᠰᠢᠭᠤᠷ ᠲᠥᠭᠥᠷᠢᠭ ᠪᠠᠭᠤᠯᠭᠠᠪᠠ ︔ ᠬᠠᠪᠤᠷ᠎ᠤᠨ ᠲᠡᠷᠢᠶᠠᠯᠠᠭ᠎ᠠ᠎ᠶᠢᠨ ᠰᠢᠨᠵᠢᠯᠡᠬᠦ ᠤᠬᠠᠭᠠᠨ ᠲᠸᠭᠨᠢᠢᠡ ᠮᠡᠷᠭᠡᠵᠢᠯ᠎ᠤᠨ ᠪᠣᠯᠪᠠᠰᠤᠷᠠᠯ᠎ᠢ 1375 ᠬᠤᠭᠤᠴᠠᠭ᠎ᠠ ᠡᠷᠬᠢᠯᠡᠵᠥ ᠂ 13.67 ᠲᠦᠮᠡᠨ ᠬᠥᠮᠦᠨ ᠪᠣᠯᠪᠠᠰᠤᠷᠠᠭᠤᠯᠵᠤ ᠂ 6.66 ᠲᠦᠮᠡᠨ ᠳᠡᠪᠲᠡᠷ ᠮᠠᠲ᠋ᠧᠷᠢᠶᠠᠯ ᠲᠠᠷᠬᠠᠭᠠᠵᠤ ᠂ 2070 ᠰᠢᠨᠵᠢᠯᠡᠬᠦ ᠤᠬᠠᠭᠠᠨ ᠲᠸᠭᠨᠢᠢᠡ ᠮᠡᠷᠭᠡᠵᠢᠯ᠎ᠤᠨ ᠠᠵᠢᠯᠲᠠᠨ᠎ᠢ ᠬᠥ᠋ᠳᠡᠭᠡ ᠪᠠᠭᠤᠯᠭᠠᠪᠠ ︔ 7.73 ᠲᠦᠮᠡᠨ ᠮᠠᠰᠢᠨ ᠴᠠᠬᠢᠯᠭᠠᠨ ᠬᠤᠳᠳᠤᠭ᠎ᠤᠨ 6 ᠲᠦᠮᠡ ᠭᠠᠷᠤᠢ᠎ᠶᠢ᠎ᠨᠢ ᠬᠡᠪ᠎ᠤᠨ ᠪᠠᠶᠢᠳᠠᠯ᠎ᠢᠶᠠᠷ ᠬᠡᠷᠡᠭᠯᠡᠵᠦ ᠪᠣᠯᠤᠨ᠎ᠠ ᠂ ᠦᠯᠡᠳᠡᠭᠰᠡᠨ᠎ᠢ᠎ᠨᠢ ᠴᠠᠭ᠎ᠢ ᠵᠠᠪᠳᠤᠠ ᠰᠡᠯᠪᠢᠨ ᠵᠠᠰᠠᠵᠤ ᠂ 619.85 ᠲᠦᠮᠡᠨ ᠮᠥ ᠲᠠᠷᠢᠶ᠎ᠠ᠎ᠶᠢ ᠤᠰᠤᠯᠠᠬᠤ᠎ᠪᠠᠷ ᠪᠠᠢᠨ᠎ᠠ ︔ 32.83 ᠲᠦᠮᠡᠨ ᠢᠵᠢ ᠲᠠᠷᠢᠶᠠᠯᠠᠩ᠎ᠤᠨ ᠮᠠᠰᠢᠨ ᠪᠠᠭᠠᠵᠢ᠎ᠶᠢ ᠪᠠᠶᠢᠴᠠᠭᠠᠨ ᠵᠠᠰᠠᠵᠥ ᠂ 895 ᠲᠦᠮᠡᠨ ᠮᠥ ᠭᠠᠵᠠᠷ ᠰᠢᠷᠣᠶ᠎ᠶᠢ ᠲᠡᠭᠰᠢᠯᠡᠪᠠ ᠃

ᠬᠠᠪᠤᠷ᠎ᠡᠴᠠ ᠨᠠᠭᠠᠰᠢ ᠂ ᠲᠤᠰ ᠠᠶᠢᠮᠠᠭ᠎ᠤᠨ ᠡᠯ᠎ᠡ ᠭᠠᠵᠠᠷ᠎ᠤᠨ ᠬᠤᠷ᠎ᠠ ᠲᠣᠨᠳᠠᠰᠤ᠎ᠶᠢᠨ ᠬᠡᠮᠵᠢᠶ᠎ᠡ ᠨᠡᠯᠢᠶᠡᠳ ᠥᠨᠳᠥᠷ ᠂ ᠬᠥᠷᠥᠰᠥ ᠰᠢᠷᠣᠶ᠎ᠶᠢᠨ ᠴᠢᠭᠢᠭ᠎ᠤᠨ ᠪᠠᠶᠢᠳᠠᠯ ᠨᠡᠯᠢᠶᠡᠳ ᠰᠠᠶᠢᠨ ᠪᠠᠶᠢᠵᠤ ᠂ ᠬᠠᠪᠤᠷ᠎ᠤᠨ ᠲᠠᠷᠢᠶᠠᠯᠠᠭ᠎ᠠ᠎ᠶᠢᠨ ᠬᠤᠭᠤᠴᠠᠭᠠᠨ᠎ᠳ᠋ᠤ ᠪᠦᠬᠦ ᠠᠶᠢᠮᠠᠭ᠎ᠤᠨ 1895 ᠲᠦᠮᠡᠨ ᠮᠥ ᠲᠠᠷᠢᠶᠠᠨ ᠭᠠᠵᠠᠷ᠎ᠤᠨ ᠨᠢᠭᠡᠳᠦᠭᠡᠷ ᠲᠥᠷᠥᠯ᠎ᠤᠨ ᠴᠢᠭᠢᠭ᠎ᠲᠠᠢ᠎ᠨᠢ 1262.07 ᠲᠦᠮᠡᠨ ᠮᠥ ᠂ ᠬᠣᠶᠠᠳᠤᠭᠠᠷ ᠲᠥᠷᠥᠯ᠎ᠤᠨ ᠴᠢᠭᠢᠭ᠎ᠲᠠᠢ᠎ᠨᠢ 632.93 ᠲᠦᠮᠡᠨ ᠮᠥ ᠪᠠᠶᠢᠨ᠎ᠠ ᠃

ᠲᠤᠰ ᠠᠢᠮᠠᠭ᠎ᠤᠨ ᠡᠨᠡ ᠵᠢᠯ᠎ᠤᠨ ᠬᠠᠪᠤᠷ᠎ᠤᠨ ᠲᠠᠷᠢᠶᠠᠯᠠᠭ᠎ᠠ᠎ᠶᠢᠨ ᠠᠵᠢᠯ ᠥᠩᠭᠡᠷᠡᠭᠰᠡᠨ ᠵᠢᠯ᠎ᠤᠳ᠎ᠲᠠᠢ ᠠᠳᠠᠯᠢ ᠦᠬᠡᠢ ᠵᠤᠢᠯ ᠬᠡᠪᠠᠯ ᠂ ᠲᠥᠷᠥ᠎ᠶᠢᠨ ᠪᠣᠳᠣᠯᠭ᠎ᠠ᠎ᠶᠢᠨ ᠲᠣᠬᠢᠷᠠᠭᠤᠯᠤᠯᠲᠠ ᠂ ᠠᠮᠤ ᠪᠤᠳᠠᠭᠠᠨ᠎ᠤ ᠵᠠᠬ᠎ᠠ ᠳᠡᠯᠭᠡᠭᠦᠷ᠎ᠤᠨ ᠦᠨ᠎ᠡ ᠬᠠᠩᠰᠢ᠎ᠶᠢᠨ ᠬᠤᠪᠢᠷᠠᠯᠲᠠ ᠵᠡᠷᠭᠡ ᠬᠦᠴᠦᠨ ᠵᠦᠢᠯ᠎ᠤᠨ ᠨᠥᠯᠥᠭᠡ᠎ᠡᠴᠠ ᠪᠣᠯᠵᠣ ᠂ ᠲᠠᠷᠢᠶᠠᠴᠢᠳ᠎ᠤᠨ ᠳᠠᠷᠢᠬᠤ ᠰᠠᠨᠠᠮᠵᠢ᠎ᠳ᠋ᠤ ᠢᠯᠡᠳᠲᠡ ᠬᠤᠪᠢᠷᠠᠯᠲᠠ ᠭᠠᠷᠴᠠᠶ ᠃ ᠡᠷᠳᠡᠨᠢ ᠰᠢᠰᠢ ᠂ ᠪᠣᠭᠣᠳᠠᠶ ᠵᠡᠷᠭᠡ ᠠᠮᠤ ᠪᠤᠳᠠᠭᠠᠨ᠎ᠤ ᠲᠠᠷᠢᠮᠠᠯ᠎ᠤᠨ ᠵᠠᠬ᠎ᠠ ᠳᠡᠯᠭᠡᠭᠦᠷ᠎ᠤᠨ ᠦᠨ᠎ᠡ ᠬᠠᠩᠰᠢ ᠨᠡᠯᠢᠶᠡᠳ ᠰᠠᠶᠢᠨ ᠪᠠᠶᠢᠵᠤ ᠂ ᠬᠤᠳᠠᠯᠳᠤᠨ ᠠᠪᠬᠤ ᠦᠨ᠎ᠡ ᠬᠠᠩᠰᠢ ᠥᠩᠭᠡᠷᠡᠭᠰᠡᠨ ᠵᠢᠯ᠎ᠤᠳ᠎ᠤᠨ᠎ᠬᠢ᠎ᠡᠴᠠ ᠥᠨᠳᠥᠷ ᠪᠣᠯᠵᠣ ᠂ ᠲᠠᠷᠢᠶᠠᠴᠢᠨ ᠡᠷᠦᠬᠡ᠎ᠶᠢᠨ ᠠᠰᠢᠭ ᠣᠷᠣᠯᠭ᠎ᠠ ᠳᠡᠭᠡᠭᠰᠢᠯᠡᠵᠦ ᠂ ᠲᠠᠷᠢᠶᠠᠴᠢᠳ᠎ᠤᠨ ᠠᠮᠤ ᠪᠤᠳᠠᠭ᠎ᠠ ᠳᠠᠷᠢᠬᠤ ᠢᠳᠡᠪᠬᠢᠵᠢᠯ᠎ᠢ ᠪᠦᠲᠦᠮᠵᠢᠲᠡᠶ ᠲᠠᠢᠴᠢᠯᠠᠪᠠ ᠃ ᠲᠡᠬᠢᠪᠠᠯ ᠂ ᠣᠶᠢᠷ᠎ᠠ᠎ᠶᠢᠨ ᠬᠤᠭᠤᠴᠠᠭᠠᠨ᠎ᠳ᠋ᠤ ᠵᠠᠯᠭᠠᠭ᠎ᠠ᠎ᠪᠠᠷ ᠤᠷᠤᠭᠰᠠᠠ ᠬᠡᠳᠦᠨ ᠤᠳᠠᠭ᠎ᠠ᠎ᠶᠢᠨ ᠪᠣᠷᠣᠭᠠᠨ ᠬᠠᠪᠤᠷ᠎ᠤᠨ ᠲᠠᠷᠢᠶᠠᠯᠠᠭ᠎ᠠ᠎ᠳ᠋ᠤ ᠮᠠᠰᠢ ᠠᠰᠢᠭᠲᠠᠶ ᠨᠦᠬᠦᠴᠡᠯ᠎ᠢ ᠪᠦᠷᠢᠯᠳᠦᠬᠦᠯᠵᠡᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面