2023-02-21 10:06:06
《ᠪᠢᠳᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢ ᠲᠠᠷᠢᠶᠠᠯᠠᠩ ᠤ᠋ᠨ ᠬᠥᠭᠵᠢᠯᠲᠡ ᠵᠢᠨ ᠰᠠᠭᠤᠷᠢ ᠵᠢ ᠪᠠᠲᠤᠳᠭᠠᠬᠤ ᠲᠡᠷᠢᠭᠦᠨ ᠴᠢᠬᠤᠯᠠ ᠡᠭᠦᠷᠭᠡ ᠪᠣᠯᠭᠠᠬᠤ ᠵᠢ ᠪᠠᠷᠢᠮᠲᠠᠯᠠᠨ᠂ ᠬᠤᠵᠢᠷᠯᠢᠭ ᠭᠠᠵᠠᠷ ᠢ᠋ ᠰᠠᠢᠵᠢᠷᠠᠭᠤᠯᠬᠤ᠂ ᠤᠰᠤ ᠠᠷᠪᠢᠯᠠᠵᠤ ᠤᠰᠤᠯᠠᠯᠳᠠ ᠵᠢᠨ ᠤᠰᠤ ᠵᠢ ᠡᠵᠡᠮᠳᠡᠭᠦ ᠪᠠ ᠤᠰᠤᠯᠠᠯᠲᠠ ᠵᠢᠨ ᠣᠷᠣᠨ ᠤ᠋ ᠣᠳᠣᠬᠢᠴᠢᠯᠠᠬᠤ ᠥᠭᠡᠷᠡᠴᠢᠯᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠠᠷᠢᠶᠠᠨ ᠭᠠᠵᠠᠷ ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦ ᠪᠡᠷ ᠠᠮᠤ ᠪᠤᠳᠠᠭᠠᠨ ᠤ᠋ ᠲᠣᠭᠲᠠᠭᠤᠨ ᠪᠥᠭᠡᠳ ᠥᠨᠳᠥᠷ ᠤᠨᠠᠯᠲᠠ ᠵᠢ ᠠᠬᠢᠭᠤᠯᠵᠤ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠲᠤᠯᠠᠬᠤ ᠳ᠋ᠤ᠌ ᠬᠤᠪᠢ ᠨᠡᠮᠡᠷᠢ ᠦᠵᠡᠭᠦᠯᠦᠨ᠎ᠡ》 ᠬᠡᠵᠤ ᠪᠠᠶᠠᠨᠨᠠᠭᠤᠷ ᠬᠣᠲᠠ ᠵᠢᠨ ᠨᠠᠮ ᠤ᠋ᠨ ᠬᠣᠷᠢᠶ᠎ᠠ ᠵᠢᠨ ᠱᠦᠵᠢ ᠾᠧ ᠸᠧᠢ ᠬᠤᠸᠠ ᠵᠢᠨ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶᠠᠨ ᠤ᠋ ᠮᠠᠯᠵᠢᠬᠤ ᠳᠠᠷᠢᠶᠠᠯᠠᠬᠤ ᠤᠷᠤᠨ ᠤ᠋ ᠠᠵᠢᠯ ᠤ᠋ᠨ ᠬᠤᠷᠠᠯ ᠳᠡᠭᠡᠷ᠎ᠡ ᠬᠡᠯᠡᠭᠰᠡᠨ ᠦᠭᠡ ᠬᠥᠮᠦᠰ ᠤ᠋ᠨ ᠰᠡᠳᠭᠢᠯ ᠢ᠋ ᠬᠥᠭᠵᠢᠭᠡᠨ᠎ᠠ ᠃

ᠪᠦᠬᠦ ᠤᠷᠤᠨᠦ ᠳᠠᠷᠢᠶᠠᠯᠠᠩᠤᠨ ᠳᠤᠰᠬᠠᠢ ᠮᠡᠷᠭᠡᠵᠢᠯᠳᠡᠳ ᠬᠠᠩᠬᠢᠨ ᠬᠤᠢᠳᠤ ᠬᠤᠰᠢᠭᠤᠨ ᠳ᠋ᠤ ᠬᠦᠷᠴᠤ ᠦᠨᠳᠤᠷ ᠪᠠᠷᠢᠮᠵᠢᠶᠠᠳᠤ ᠳᠠᠷᠢᠶᠠᠨ ᠭᠠᠵᠠᠷ ᠵᠢᠠᠷ ᠳᠤᠭᠤᠷᠢᠨ ᠦᠵᠡᠵᠦ ᠪᠠᠢᠭ᠎ᠠ ᠨᠢ᠃
ᠸᠠᠩ ᠴᠢᠶᠤᠤ ᡁᠢ ᠰᠡᠬᠦᠳᠡᠷᠯᠡᠪᠡ
ᠣᠢᠷ᠎ᠠ ᠵᠢᠨ ᠵᠢᠯ ᠳ᠋ᠤ᠂ ᠪᠠᠶᠠᠨᠨᠠᠭᠤᠷ ᠬᠣᠲᠠ ᠵᠢᠨ ᠬᠢᠨ ᠶᠡᠷᠦᠩᠬᠡᠢ ᠱᠦᠵᠢᠰᠢ ᠵᠢᠨ ᠫᠢᠩ ᠤ᠋ᠨ 《ᠪᠣᠷᠣᠲᠣᠬᠣᠢ ᠵᠢᠨ ᠤᠰᠤᠯᠠᠯᠲᠠ ᠵᠢᠨ ᠣᠷᠣᠨ ᠳ᠋ᠤ᠌ ᠣᠳᠣ ᠦᠶ᠎ᠡ ᠵᠢᠨ ᠲᠠᠷᠢᠶᠠᠯᠠᠩ ᠢ᠋ ᠬᠥᠭᠵᠢᠭᠦᠯᠵᠦ᠂ ᠲᠠᠷᠢᠶᠠᠯᠠᠩ ᠤ᠋ᠨ ᠪᠦᠲᠦᠭᠡᠭᠳᠡᠬᠦᠨ ᠦ᠌ ᠶᠠᠰᠤ ᠴᠢᠨᠠᠷ ᠢ᠋ ᠳᠡᠭᠡᠭᠰᠢᠯᠡᠭᠦᠯᠤᠨ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠲᠤᠯᠠᠬᠤ ᠳ᠋ᠤ᠌ ᠬᠤᠪᠢ ᠨᠡᠮᠡᠷᠢ ᠦᠵᠡᠭᠦᠯᠬᠦ ᠬᠡᠷᠡᠭᠲᠡᠢ》 ᠭᠡᠬᠦ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠤᠯᠤᠰ ᠤ᠋ᠨ ᠲᠠᠷᠢᠶᠠᠯᠠᠩ ᠤ᠋ᠨ ᠳᠡᠭᠡᠳᠤ ᠰᠢᠨ᠎ᠡ ᠮᠡᠷᠭᠡᠵᠢᠯ ᠤ᠋ᠨ ᠠᠵᠤ ᠦᠢᠯᠡᠰ ᠤ᠋ᠨ ᠵᠢᠱ᠌ᠢᠶ᠎ᠡ ᠦᠵᠡᠭᠦᠯᠬᠦ ᠣᠷᠣᠨ ᠢ᠋ ᠡᠭᠦᠳᠦᠨ ᠪᠠᠢᠭᠤᠯᠬᠤ ᠪᠠᠷ ᠵᠢᠯᠣᠭᠣᠳᠤᠮᠵᠢ ᠪᠣᠯᠭᠠᠨ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠵᠢᠨ ᠪᠣᠯᠪᠠᠰᠤᠨ ᠤ᠋ ᠵᠢᠱ᠌ᠢᠢᠡ ᠦᠵᠡᠭᠦᠯᠬᠦ ᠣᠷᠣᠨ᠂ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠵᠢᠱ᠌ᠢᠢᠡ ᠦᠵᠡᠭᠦᠯᠬᠦ ᠣᠷᠣᠨ᠂ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰ ᠢ᠋ ᠠᠭᠤᠰᠤᠯᠴᠠᠭᠤᠯᠤᠨ ᠬᠥᠭᠵᠢᠭᠦᠯᠬᠦ ᠲᠥᠪᠯᠡᠷᠡᠭᠰᠡᠨ ᠣᠷᠣᠨ ᠢ᠋ ᠪᠦᠬᠦ ᠬᠦᠴᠦᠨ ᠵᠢᠡᠷ ᠵᠢᠡᠨ ᠪᠦᠲᠦᠭᠡᠨ ᠪᠠᠢᠭᠤᠯᠵᠤ᠂ 《ᠳᠠᠷᠢᠶᠠᠨ ᠭᠠᠵᠠᠷ ᠤ᠋ᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠪᠠᠳᠤᠯᠠᠵᠤ᠂ ᠮᠡᠷᠭᠡᠵᠢᠯ ᠵᠢᠡᠷ ᠠᠮᠤ ᠪᠤᠳᠠᠭᠠᠨ ᠤ᠋ ᠤᠨᠠᠯᠳᠠ ᠵᠢ ᠨᠡᠮᠡᠭᠳᠡᠭᠦᠯᠬᠦ》 ᠪᠠᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠪᠦᠬᠦ ᠬᠣᠲᠠ ᠵᠢᠨ ᠬᠦᠴᠦᠨ ᠵᠢᠡᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢᠨ ᠠᠵᠢᠯ ᠢ᠋ ᠠᠬᠢᠭᠤᠯᠤᠭᠰᠠᠨ ᠪᠠᠢᠨ᠎ᠠ ᠃
ᠯᠢᠨ ᠾᠧ ᠲᠣᠭᠣᠷᠢᠭ ᠤ᠋ᠨ ᠴᠧᠩ ᠭᠤᠸᠠᠨ ᠪᠠᠯᠭᠠᠰᠤ ᠵᠢᠨ ᠵᠢᠢ ᠭᠤᠸᠠᠩ ᠲᠣᠰᠭᠣᠨ ᠤ᠋ 2023 ᠣᠨ ᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠴᠡᠭᠴᠡᠯᠡᠨ ᠵᠠᠰᠠᠬᠤ ᠲᠥᠷᠥᠯ ᠵᠦᠢᠯ ᠤ᠋ᠨ ᠪᠠᠷᠢᠯᠭ᠎ᠠ ᠵᠢᠨ ᠠᠬᠤᠢ ᠲᠠᠯᠠᠪᠠᠢ ᠳ᠋ᠤ᠌ ᠮᠠᠰᠢ ᠣᠯᠠᠨ ᠲᠣᠮᠣ ᠬᠡᠯᠪᠡᠷᠢ ᠵᠢᠨ ᠮᠠᠰᠢᠨ ᠲᠦᠭᠦᠭᠡᠷᠦᠮᠵᠢ ᠨᠡᠭᠠᠰᠢ ᠴᠠᠭᠠᠰᠢ ᠰᠦᠯᠵᠢᠯᠳᠦᠵᠤ᠂ ᠬᠦᠮᠦᠰ ᠭᠠᠵᠠᠷ ᠰᠢᠷᠣᠢ ᠵᠢ ᠲᠡᠭᠰᠢᠯᠡᠵᠤ ᠶᠠᠭᠠᠷᠠᠯᠳᠤᠨ᠎ᠠ᠃ ᠲᠠᠷᠢᠶᠠᠨ ᠭᠠᠵᠠᠷ ᠪᠣᠯ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠲᠤᠯᠠᠬᠤ ᠰᠠᠭᠤᠷᠢ ᠴᠢᠯᠠᠭᠤ ᠮᠥᠨ᠃ ᠣᠢᠷ᠎ᠠ ᠵᠢᠨ ᠵᠢᠯ ᠳ᠋ᠤ᠂ ᠪᠠᠶᠠᠨᠨᠠᠭᠤᠷ ᠬᠣᠲᠠ ᠵᠢᠨ ᠨᠠᠮ ᠤ᠋ᠨ ᠬᠣᠷᠢᠶ᠎ᠠ᠂ ᠬᠣᠲᠠ ᠵᠢᠨ ᠵᠠᠰᠠᠭ ᠤ᠋ᠨ ᠣᠷᠳᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢ ᠲᠠᠷᠢᠶᠠᠯᠠᠩ ᠤ᠋ᠨ ᠣᠳᠣᠬᠢᠴᠢᠯᠠᠯᠲᠠ ᠵᠢ ᠠᠬᠢᠭᠤᠯᠬᠤ 《ᠳᠡᠷᠢᠭᠦᠨ ᠴᠢᠬᠤᠯᠠ ᠢᠨᠵᠧᠨᠧᠷᠢᠩ》 ᠪᠣᠯᠭᠠᠨ ᠠᠳᠬᠤᠵᠤ᠂ ᠬᠣᠲᠠ ᠵᠢᠨ ᠨᠠᠮ ᠵᠠᠰᠠᠭ ᠤ᠋ᠨ ᠭᠣᠣᠯ ᠤᠳᠤᠷᠢᠳᠤᠯᠭ᠎ᠠ ᠲᠦᠷᠦᠭᠦᠯᠡᠨ ᠥᠨᠳᠥᠷ ᠭᠠᠷᠤᠭ᠎ᠠ ᠡᠴᠡ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠪᠦᠲᠦᠭᠡᠨ ᠪᠠᠢᠭᠤᠯᠬᠤ᠂ ᠴᠢᠨᠠᠷ ᠰᠠᠢᠲᠠᠢ ᠪᠡᠷ ᠬᠡᠷᠡᠭᠵᠢᠭᠦᠯᠬᠦ ᠵᠢ ᠭᠣᠣᠯᠯᠠᠨ ᠠᠳᠭᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠥᠭᠵᠢᠯᠲᠡ ᠵᠢᠨ ᠲᠥᠯᠥᠪᠵᠢᠭᠦᠯᠭᠡ᠂ 2021 — 2030 ᠣᠨ ᠤ᠋ ᠠᠷᠪᠠᠨ ᠵᠢᠯ ᠤ᠋ᠨ ᠬᠥᠭᠵᠢᠯᠲᠡ ᠵᠢᠨ ᠲᠥᠯᠥᠪᠵᠢᠭᠦᠯᠭᠡ᠂ 484 ᠲᠦᠮᠡᠨ ᠮᠥ᠍ ᠬᠤᠵᠢᠷᠰᠢᠭᠰᠠᠨ ᠲᠠᠷᠢᠶᠠᠨ ᠭᠠᠵᠠᠷ ᠤ᠋ᠨ 《ᠬᠤᠵᠢᠷᠯᠢᠭ ᠭᠠᠵᠠᠷ ᠢ᠋ ᠥᠭᠡᠷᠡᠴᠢᠯᠡᠨ ᠡᠪᠡᠰᠦ ᠪᠡᠯᠴᠢᠭᠡᠷ ᠢ᠋ ᠨᠡᠮᠡᠭᠳᠡᠭᠦᠯᠵᠦ ᠮᠠᠯ ᠠᠵᠤ ᠠᠬᠤᠢ ᠵᠢ ᠬᠥᠭᠵᠢᠭᠦᠯᠬᠦ》 ᠵᠢᠱ᠌ᠢᠢᠡ ᠦᠵᠡᠭᠦᠯᠬᠦ ᠢᠨᠵᠧᠨᠧᠷᠢᠩ ᠤ᠋ᠨ ᠲᠥᠯᠥᠪᠵᠢᠭᠦᠯᠭᠡ ᠵᠢ ᠰᠢᠨᠵᠢᠯᠡᠬᠦ ᠤᠬᠠᠭᠠᠨᠴᠢ ᠪᠠᠷ ᠨᠠᠢᠷᠠᠭᠤᠯᠤᠨ ᠵᠣᠬᠢᠶᠠᠵᠤ᠂ ᠲᠥᠷᠥᠯ ᠵᠦᠢᠯ ᠤ᠋ᠨ ᠬᠠᠮᠢᠶᠠᠷᠤᠯᠲᠠ᠂ ᠠᠵᠢᠯ ᠳᠠᠭᠤᠰᠤᠭᠰᠠᠨ ᠤ᠋ ᠲᠠᠷᠠᠭ᠎ᠠ ᠰᠢᠯᠭᠠᠨ ᠠᠪᠬᠤ ᠵᠡᠷᠭᠡ ᠢᠵᠢ ᠪᠦᠷᠢᠨ ᠳᠦᠷᠢᠮ ᠲᠣᠭᠲᠠᠴᠠ ᠵᠢ ᠲᠣᠭᠲᠠᠭᠠᠵᠤ ᠨᠡᠢᠲᠡᠯᠡᠪᠡ᠃ ᠠᠷᠪᠠᠨ ᠡᠳᠦᠷ ᠤ᠋ᠨ ᠲᠣᠬᠢᠷᠠᠭᠤᠯᠭ᠎ᠠ᠂ ᠰᠠᠷ᠎ᠠ ᠵᠢᠨ ᠵᠠᠷᠯᠠᠯ ᠵᠢᠠᠷ ᠳᠠᠮᠵᠢᠨ ᠬᠠᠷᠢᠭᠤᠴᠠᠯᠭ᠎ᠠ ᠵᠢ ᠱᠠᠲᠤ ᠳᠠᠷᠠᠭᠠᠯᠠᠨ ᠪᠣᠳᠠᠲᠠᠢᠵᠢᠭᠤᠯᠵᠤ᠂ ᠬᠠᠷᠠᠯᠲᠠ ᠲᠣᠳᠣᠷᠬᠠᠢ᠂ ᠬᠠᠷᠢᠭᠤᠴᠠᠯᠭ᠎ᠠ ᠲᠣᠳᠣᠷᠬᠠᠢ᠂ ᠠᠵᠢᠯ ᠠᠪᠰᠠᠷᠬᠠᠨ᠂ ᠠᠬᠢᠭᠤᠯᠤᠯᠲᠠ ᠬᠦᠴᠦᠲᠡᠢ ᠠᠵᠢᠯ ᠤ᠋ᠨ ᠰᠢᠰᠲ᠋ᠧᠮ ᠪᠠ ᠬᠠᠷᠢᠭᠤᠴᠠᠯᠭ᠎ᠠ ᠵᠢᠨ ᠰᠢᠰᠲ᠋ᠧᠮ ᠢ᠋ ᠪᠠᠢᠭᠤᠯᠪᠠ ᠃
《ᠪᠦᠬᠦ ᠬᠣᠲᠠ ᠵᠢᠨ ᠡᠨᠡ ᠵᠢᠯ ᠤ᠋ᠨ ᠬᠡᠷᠡᠭᠵᠢᠭᠦᠯᠬᠦ ᠪᠡᠷ ᠲᠥᠯᠥᠪᠯᠡᠵᠦ ᠪᠠᠢᠭ᠎ᠠ 93 ᠲᠦᠮᠡᠨ ᠮᠥ᠍ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢᠨ ᠲᠥᠷᠥᠯ ᠵᠦᠢᠯ ᠢ᠋ ᠨᠢᠭᠡᠨᠲᠡ ᠵᠠᠯᠭᠠᠭ᠎ᠠ ᠪᠠᠷ ᠠᠵᠢᠯ ᠡᠬᠢᠯᠡᠭᠦᠯᠵᠦ᠂ ᠲᠥᠷᠥᠯ ᠵᠦᠢᠯ ᠢ᠋ ᠬᠡᠷᠡᠭᠵᠢᠭᠦᠯᠬᠦ ᠪᠡᠷ ᠳᠠᠮᠵᠢᠨ ᠠᠮᠤ ᠪᠤᠳᠠᠭᠠᠨ ᠤ᠋ ᠮᠦ᠍ ᠨᠢᠭᠡᠴᠢ ᠵᠢᠨ ᠤᠨᠠᠯᠲᠠ ᠵᠢ ᠪᠦᠬᠦ ᠣᠷᠣᠨ ᠤ᠋ ᠳᠤᠮᠳᠠᠴᠢ ᠲᠦᠪᠰᠢᠨ ᠡᠴᠡ ᠲᠠᠪᠠᠭᠤᠯᠵᠤ᠂ 1/3ᠵᠢᠨ ᠠᠮᠤ ᠪᠤᠳᠠᠭᠠᠨ ᠤ᠋ ᠳᠠᠷᠢᠮᠠᠯ ᠤ᠋ᠨ ᠭᠠᠵᠠᠷ ᠢ᠋ 〈ᠲᠤᠨ ᠤ᠋ ᠤᠨᠠᠯᠳᠠ ᠲᠠᠢ ᠠᠮᠤ ᠪᠤᠳᠠᠭ᠎ᠠ ᠵᠢᠨ ᠲᠠᠷᠢᠶ᠎ᠠ〉 ᠪᠤᠯᠭᠠᠵᠤ᠂ ᠪᠦᠬᠦ ᠬᠣᠲᠠ ᠵᠢᠨ ᠠᠮᠤ ᠪᠤᠳᠠᠭᠠᠨ ᠤ᠋ ᠤᠨᠠᠯᠲᠠ ᠵᠢ 60 ᠳ᠋ᠦᠩᠰᠢᠭᠤᠷ ᠵᠢᠩ ᠡᠴᠡ ᠳᠡᠭᠡᠭᠰᠢ ᠲᠣᠭᠲᠠᠭᠤᠨ ᠪᠠᠢᠯᠭᠠᠬᠤ ᠵᠢ ᠪᠠᠳᠤᠯᠠᠨ᠎ᠠ》 ᠭᠡᠵᠤ ᠪᠠᠶᠠᠨᠨᠠᠭᠤᠷ ᠬᠣᠲᠠ ᠵᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠲᠣᠪᠴᠢᠶ᠎ᠠ ᠵᠢᠨ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢᠨ ᠰᠠᠯᠠᠭᠠᠨ ᠤ᠋ ᠳᠠᠷᠤᠭ᠎ᠠ ᠯᠢ ᠪᠢᠩ ᠲᠠᠨᠢᠯᠴᠠᠭᠤᠯᠵᠦ ᠪᠠᠢᠯ᠎ᠠ᠃
ᠪᠠᠶᠠᠨᠨᠠᠭᠤᠷ ᠬᠣᠲᠠ 2016 ᠣᠨ ᠳ᠋ᠤ᠌ ᠲᠦᠷᠦᠭᠦᠦ ᠪᠦᠯᠦᠭ ᠤ᠋ᠨ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠢ᠋ ᠴᠡᠭᠴᠡᠯᠡᠨ ᠵᠠᠰᠠᠬᠤ ᠲᠥᠷᠥᠯ ᠵᠦᠢᠯ ᠢ᠋ ᠡᠬᠢᠯᠡᠭᠦᠯᠪᠡ᠃ ᠲᠤᠬᠠᠢ ᠵᠢᠨ ᠦᠶ᠎ᠡ ᠵᠢᠨ ᠪᠠᠢᠳᠠᠯ ᠢ᠋ ᠯᠢᠨ ᠾᠧ ᠲᠣᠭᠣᠷᠢᠭ ᠤ᠋ᠨ ᠰᠢᠨᠬᠤᠸᠠ ᠪᠠᠯᠭᠠᠰᠤ ᠵᠢᠨ ᠰᠢᠨ ᠯᠧ ᠲᠣᠰᠭᠣᠨ ᠤ᠋ ᠡᠦ ᠡᠯ ᠬᠠᠢ ᠣᠳᠣ ᠪᠣᠯᠲᠠᠯ᠎ᠠ ᠲᠣᠳᠤᠬᠠᠨ ᠴᠡᠭᠡᠵᠢᠯᠡᠭᠰᠡᠭᠡᠷ ᠪᠠᠢᠯ᠎ᠠ ᠃ 《ᠡᠬᠢᠨ ᠤ᠋ ᠦᠶ᠎ᠡ ᠳ᠋ᠤ ᠪᠢᠳᠡ ᠪᠦᠷ ᠡᠷᠡᠭᠡᠯᠵᠡᠭᠡ ᠲᠡᠢ ᠪᠠᠢᠭᠰᠠᠨ ᠶᠤᠮ᠃ ᠲᠠᠷᠢᠶᠠᠨ ᠭᠠᠵᠠᠷ ᠢ᠋ ᠠᠳᠠᠯᠢᠬᠠᠨ ᠪᠤᠯᠭᠠᠨ᠎ᠠ᠂ ᠳᠠᠷᠢᠮᠠᠯ ᠤ᠋ᠨ ᠤᠷᠭᠤᠯᠳᠠ ᠨᠢ ᠴᠦ᠍ ᠠᠳᠠᠯᠢᠬᠠᠨ᠂ ᠢᠩᠬᠢᠪᠡᠯ ᠣᠯᠠᠨ ᠵᠢᠡᠷ ᠵᠢᠡᠨ ᠦᠪᠡᠷ ᠤ᠋ᠨ ᠳᠠᠷᠢᠶ᠎ᠠ ᠪᠠᠨ ᠬᠡᠷᠬᠢᠨ ᠢᠯᠭᠠᠬᠤ ᠪᠤᠢ ? ᠲᠠᠷᠢᠶᠠᠨ ᠭᠠᠵᠠᠷ ᠤ᠋ᠨ ᠶᠠᠰᠤ ᠴᠢᠨᠠᠷ ᠰᠠᠢᠨ ᠳᠠᠢ ᠮᠠᠭᠤ ᠳᠠᠢ᠂ ᠬᠡᠨ ᠳ᠋ᠤ ᠰᠠᠢᠨ ᠲᠠᠷᠢᠶᠠᠨ ᠭᠠᠵᠠᠷ ᠢ᠋ ᠦᠭᠬᠦ ᠪᠤᠢ ? ᠳᠡᠭᠰᠢᠯᠡᠭᠰᠡᠨ ᠭᠠᠵᠠᠷ ᠲᠡᠬᠢ ᠲᠠᠷᠢᠶ᠎ᠠ ᠲᠦᠮᠦᠰᠤ ᠵᠢᠨ ᠤᠷᠭᠤᠯᠳᠠ ᠰᠠᠢᠨ ᠪᠠᠢᠳᠠᠭ ᠤᠤ ? ᠭᠡᠵᠤ ᠳᠡᠷᠡ ᠦᠶ᠎ᠡ ᠳ᠋ᠤ ᠲᠤᠰᠬᠤᠨ ᠤ᠋ ᠠᠷᠠᠳ ᠣᠢᠯᠠᠭᠠᠬᠤ ᠦᠭᠡᠢ᠂ ᠳᠡᠮᠵᠢᠬᠦ ᠦᠭᠡᠢ ᠡᠴᠡ ᠪᠣᠯᠵᠤ ᠡᠨᠡ ᠬᠦ᠌ ᠠᠵᠢᠯ ᠤ᠋ᠨ ᠠᠬᠢᠴᠠ ᠬᠦᠴᠢᠷᠲᠡᠯ ᠳ᠋ᠤ ᠳᠤᠯᠭᠠᠷᠠᠭᠰᠠᠨ ᠰᠢᠤ》 ᠭᠡᠵᠤ ᠡᠦ ᠡᠯ ᠬᠠᠢ ᠡᠷᠬᠢᠴᠡᠭᠦᠯᠦᠨ ᠶᠠᠷᠢᠨ᠎ᠠ ᠃
ᠪᠠᠶᠠᠨᠨᠠᠭᠤᠷ ᠬᠤᠳᠠ ᠡᠢᠮᠤᠷᠬᠦᠤ ᠪᠠᠢᠳᠠᠯ ᠳ᠋ᠤ ᠴᠢᠭᠯᠡᠬᠦᠯᠦᠨ ᠬᠤᠳᠠ ᠡᠴᠡ ᠨᠢᠭᠡᠳᠦᠯᠳᠡᠢ ᠳᠦᠯᠦᠪᠵᠢᠬᠦᠯᠬᠦ᠂ ᠬᠤᠰᠢᠭᠤ ᠰᠢᠶᠠᠨ ᠲᠤᠭᠤᠷᠢᠭ ᠪᠠ ᠬᠤᠳᠠ ᠶ᠋ᠢᠨ ᠰᠢᠭᠤᠳ ᠬᠠᠷᠢᠶ᠎ᠠ ᠰᠠᠯᠠᠭ᠎ᠠ ᠮᠦᠴᠢᠷ ᠠᠵᠢᠯ ᠬᠤᠪᠢᠶᠠᠷᠢᠯᠠᠨ ᠬᠠᠷᠢᠭᠤᠴᠠᠬᠤ ᠠᠵᠢᠯ ᠤ᠋ᠨ ᠳᠤᠭᠳᠠᠴᠠ ᠵᠢ ᠪᠠᠢᠭᠤᠯᠵᠤ᠂ ᠤᠯᠠᠨ ᠳᠦᠮᠡᠨ ᠤ᠋ ᠤᠷᠤᠯᠴᠠᠬᠤ ᠢᠳᠡᠪᠬᠢᠵᠢᠯ ᠢ᠋ ᠬᠦᠢᠴᠡᠳ ᠳᠠᠢᠴᠢᠯᠠᠨ᠂ ᠲᠦᠷᠦ ᠶ᠋ᠢᠨ ᠪᠤᠳᠤᠯᠭ᠎ᠠ ᠵᠢ ᠨᠢᠭᠤᠷᠳᠠᠨ ᠤᠬᠠᠭᠤᠯᠵᠤ᠂ ᠨᠢᠭᠡᠳ ᠨᠢᠭᠡ ᠪᠡᠷ ᠵᠢᠯᠤᠭᠤᠳᠤᠨ ᠦᠢᠯᠡᠴᠢᠯᠡᠵᠦ᠂ ᠤᠯᠠᠨ ᠲᠦᠮᠡᠨ ᠢ᠋ ᠬᠦᠳᠦᠯᠦᠨ ᠵᠢᠯᠤᠭᠤᠳᠴᠦ ᠪᠠᠢᠭᠠᠳ 《ᠤᠷᠤᠭᠤᠯᠤᠯᠳᠠ ᠪᠠ ᠭᠠᠷᠭᠠᠯᠳᠠ ᠶ᠋ᠢᠨ ᠳᠠᠩᠰᠠ》᠂ 《ᠤᠳᠤᠬᠠᠨ ᠤ᠋ ᠪᠠ ᠠᠯᠤᠰ ᠬᠡᠳᠦ ᠶ᠋ᠢᠨ ᠳᠠᠩᠰᠠ》 ᠵᠢ ᠪᠤᠳᠤᠨ ᠦᠭᠴᠠᠢ ᠃ ᠡᠬᠦᠨ ᠤ᠋ ᠬᠠᠮᠳᠤ ᠲᠠᠷᠢᠶᠠᠴᠢᠨ ᠤ᠋ ᠳᠦᠯᠦᠭᠡᠯᠡᠭᠴᠢ᠂ ᠳᠤᠰᠬᠤᠨ ᠤ᠋ ᠠᠷᠠᠳ ᠤ᠋ᠨ ᠳᠤᠭᠤᠢᠯᠠᠩ ᠤ᠋ᠨ ᠳᠠᠷᠤᠭ᠎ᠠ᠂ ᠭᠠᠴᠠᠭ᠎ᠠ ᠳᠤᠰᠬᠤᠨ ᠤ᠋ ᠨᠠᠮ ᠤ᠋ᠨ ᠡᠭᠦᠷ ᠤ᠋ᠨ ᠱᠦᠵᠢ᠂ ᠰᠤᠮᠤ ᠪᠠᠯᠭᠠᠰᠤ ᠶ᠋ᠢᠨ ᠳᠠᠷᠤᠭ᠎ᠠ᠂ ᠲᠠᠷᠢᠶᠠᠯᠠᠩ ᠮᠠᠯ ᠠᠵᠤ ᠠᠬᠤᠢ ᠵᠢᠨ ᠰᠠᠯᠠᠭ᠎ᠠ ᠮᠦᠴᠢᠷ ᠤ᠋ᠨ ᠬᠠᠷᠢᠭᠤᠴᠠᠯᠭᠠᠳᠠᠨ ᠂ ᠬᠤᠰᠢᠭᠤ ᠰᠢᠶᠠᠨ ᠳᠤᠭᠤᠷᠢᠭ ᠤ᠋ᠨ ᠵᠠᠰᠠᠭ ᠤ᠋ᠨ ᠤᠷᠳᠤᠨ ᠵᠡᠷᠭᠡ 《ᠵᠢᠷᠭᠤᠭᠠᠨ ᠲᠠᠯ᠎ᠠ》 ᠪᠡᠷ ᠭᠠᠷ ᠤ᠋ᠨ ᠦᠰᠦᠭ ᠵᠢᠷᠤᠵᠤ ᠭᠠᠵᠠᠷ ᠰᠤᠩᠭᠤᠨ ᠳᠦᠷᠦᠯ ᠵᠦᠢᠯ ᠢ᠋ ᠪᠠᠢᠭᠤᠯᠤᠭᠰᠠᠨ ᠪᠠᠢᠨ᠎ᠠ᠃ ᠲᠦᠷᠦᠯ ᠵᠦᠢᠯ ᠤ᠋ᠨ ᠲᠤᠭᠤᠷᠢᠭ ᠤ᠋ᠨ ᠪᠦᠳᠦᠭᠡᠨ ᠪᠠᠢᠭᠤᠯᠤᠯᠳᠠ ᠳ᠋ᠤ 《ᠭᠤᠷᠪᠠ ᠵᠢ ᠡᠪᠳᠡᠵᠦ᠂ ᠲᠠᠪᠤ ᠵᠢ ᠨᠢᠭᠡᠳᠬᠡᠬᠦ》 ᠴᠡᠭᠴᠡᠯᠡᠨ ᠵᠠᠰᠠᠬᠤ ᠵᠠᠭᠪᠤᠷ ᠢ᠋ ᠬᠡᠷᠡᠭᠵᠢᠭᠦᠯᠪᠡ ᠂ ᠲᠤᠬᠠᠢᠯᠠᠪᠠᠯ ᠲᠠᠷᠢᠶᠠᠯᠠᠬᠤ ᠡᠷᠦᠬᠡ ᠶ᠋ᠢᠨ ᠳᠠᠭᠠᠭᠠᠴᠢᠯᠠᠯᠲᠠ ᠶ᠋ᠢᠨ ᠭᠠᠵᠠᠷ ᠤ᠋ᠨ ᠵᠠᠭᠠᠭ ᠢ᠋ ᠡᠪᠳᠡᠵᠦ᠂ ᠡᠮᠬᠢ ᠵᠠᠮᠪᠠᠷᠠᠭ᠎ᠠ ᠦᠭᠡᠢ ᠪᠠᠢᠭᠰᠠᠨ ᠭᠠᠵᠠᠷ ᠰᠢᠷᠣᠢ ᠶ᠋ᠢᠨ ᠵᠠᠭᠠᠭ ᠢ᠋ ᠡᠪᠳᠡᠵᠦ᠂ ᠡᠮᠬᠢ ᠵᠠᠮᠪᠠᠷᠠᠭ᠎ᠠ ᠦᠭᠡᠢ ᠪᠠᠢᠭᠰᠠᠨ ᠭᠤᠤ ᠰᠤᠪᠠᠭ ᠵᠠᠮ ᠤ᠋ᠨ ᠪᠠᠢᠷᠢᠰᠢᠯ ᠢ᠋ ᠡᠪᠳᠡᠵᠡᠢ; ᠭᠤᠤ ᠰᠤᠪᠠᠭ ᠢ᠋ ᠨᠢᠭᠡᠳᠦᠯᠲᠡᠢ ᠮᠠᠯᠲᠠᠵᠤ᠂ ᠵᠠᠮ ᠢ᠋ ᠨᠢᠭᠡᠳᠦᠯᠲᠡᠢ ᠵᠠᠰᠠᠵᠤ᠂ ᠭᠠᠵᠠᠷ ᠳᠠᠷᠢᠶ᠎ᠠ ᠵᠢ ᠨᠢᠭᠡᠳᠦᠯᠲᠡᠢ ᠲᠡᠭᠰᠢᠯᠡᠵᠦ᠂ ᠤᠰᠤᠨ ᠠᠰᠢᠭ᠍ᠯᠠᠯᠲᠠ ᠶ᠋ᠢᠨ ᠢᠨᠵᠧᠨᠧᠷᠢᠩ ᠢ᠋ ᠨᠢᠭᠡᠳᠦᠯᠲᠡᠢ ᠪᠦᠲᠦᠭᠡᠨ ᠪᠠᠢᠭᠤᠯᠵᠤ᠂ ᠬᠠᠯᠬᠠᠪᠴᠢ ᠤ᠌ᠢ ᠵᠢ ᠨᠢᠭᠡᠳᠦᠯᠲᠡᠢ ᠪᠠᠢᠭᠤᠯᠵᠠᠢ ᠃ ᠲᠠᠷᠢᠶᠠᠨ ᠭᠠᠵᠠᠷ ᠢ᠋ ᠳᠠᠬᠢᠨ ᠬᠤᠪᠢᠶᠠᠷᠢᠯᠠᠵᠤ᠂《ᠨᠢᠭᠡ ᠡᠷᠦᠬᠡ ᠳ᠋ᠤ ᠨᠢᠭᠡ ᠲᠠᠷᠢᠶᠠᠨ ᠭᠠᠵᠠᠷ ᠤ᠋ᠨ ᠲᠦᠷᠢᠮ》 ᠤ᠋ᠨ ᠬᠠᠮᠢᠶᠠᠷᠤᠯᠲᠠ ᠶ᠋ᠢᠨ ᠵᠠᠭᠪᠤᠷ ᠢ᠋ ᠬᠡᠷᠡᠭᠵᠢᠭᠦᠯᠦᠨ᠂ ᠪᠠᠷᠢᠯᠭ᠎ᠠ ᠳᠠᠭᠤᠰᠴᠦ ᠰᠢᠯᠭᠠᠨ ᠠᠪᠤᠭᠰᠠᠨ ᠤ᠋ ᠳᠠᠷᠠᠭ᠎ᠠ ᠠᠵᠢᠯᠯᠠᠭᠠᠨ ᠤ᠋ ᠬᠠᠮᠠᠭᠠᠯᠠᠨ ᠬᠠᠮᠢᠶᠠᠷᠬᠤ ᠭᠣᠣᠯ ᠴᠣᠭᠴᠠ ᠵᠢ ᠲᠣᠳᠣᠷᠬᠠᠢᠯᠠᠵᠤ᠂ ᠪᠦᠳᠦᠭᠡᠨ ᠪᠠᠢᠭᠤᠯᠬᠤ ᠪᠠ ᠬᠠᠮᠢᠶᠠᠷᠬᠤ ᠵᠢ ᠵᠡᠷᠭᠡ ᠪᠡᠷ ᠴᠢᠬᠤᠯᠠᠴᠢᠯᠠᠨ ᠢᠨᠵᠧᠨᠧᠷᠢᠩ ᠤ᠋ᠨ ᠣᠷᠳᠣ᠌ ᠬᠤᠭᠤᠴᠠᠭ᠎ᠠ ᠪᠡᠷ ᠦᠷ᠎ᠡ ᠠᠰᠢᠭ᠋ ᠶ᠋ᠢᠡᠨ ᠪᠠᠳᠠᠷᠠᠭᠤᠯᠬᠤ ᠵᠢ ᠦᠨᠡᠨ ᠬᠦ᠌ ᠪᠠᠲᠤᠯᠠᠪᠠ᠃
ᠤᠳᠤ 52 ᠨᠠᠰᠤᠳᠠᠢ ᠦ᠋ ᠡᠯ ᠬᠠᠢ ᠬᠦᠪᠡᠭᠡ ᠬᠢᠵᠠᠭᠠᠷ ᠨᠢ ᠬᠠᠷᠠᠭᠳᠠᠬᠤ ᠦᠭᠡᠢ ᠦᠨᠳᠦᠷ ᠪᠠᠷᠢᠮᠵᠢᠶᠠᠳᠤ ᠳᠠᠷᠢᠶᠠᠨ ᠭᠠᠵᠠᠷ ᠵᠢᠠᠨ ᠬᠠᠷᠠᠬᠤ ᠪᠤᠯᠭᠠᠨ ᠦᠪᠡᠷ ᠤ᠋ᠨ ᠡᠷᠬᠡ ᠦᠬᠡᠢ ᠰᠡᠳᠬᠢᠯ ᠳᠤᠭᠳᠤᠯᠳᠠᠭ ᠃ 《ᠪᠢ 16 ᠨᠠᠰᠤᠨ ᠠ᠋ᠴᠠ ᠪᠠᠨ ᠡᠬᠢᠯᠡᠨ ᠲᠠᠷᠢᠶ᠎ᠠ ᠲᠠᠷᠢᠵᠤ᠂ ᠵᠢᠯ ᠳ᠋ᠤ 30 ᠮᠦ᠍ ᠲᠠᠷᠢᠶ᠎ᠠ ᠡᠴᠡ ᠪᠠᠨ ᠬᠠᠮᠤᠭ ᠤ᠋ᠨ ᠠᠷᠪᠢᠨ ᠳ᠋ᠠᠭᠠᠨ ᠲᠦᠮᠡᠨ ᠲᠥᠭᠥᠷᠢᠭ ᠤ᠋ᠨ ᠴᠡᠪᠡᠷ ᠣᠷᠣᠯᠭ᠎ᠠ ᠤᠯᠵᠤ ᠪᠠᠢᠵᠠᠢ᠃ ᠬᠣᠵᠢᠮ ᠨᠢ ᠠᠰᠢᠭ᠋ ᠣᠷᠣᠯᠭ᠎ᠠ ᠠᠭᠠᠵᠢᠮ ᠶ᠋ᠢᠡᠷ ᠨᠡᠮᠡᠭᠳᠡᠭᠰᠡᠨ ᠪᠣᠯᠪᠠᠴᠤ ᠲᠠᠷᠢᠶᠠᠨ ᠭᠠᠵᠠᠷ ᠲᠠᠷᠠᠬᠠᠢ ᠪᠤᠲᠠᠷᠬᠠᠢ ᠪᠣᠯᠬᠤᠷ ᠳᠠᠷᠢᠶ᠎ᠠ ᠳᠠᠷᠢᠬᠤ ᠥᠪᠡᠷ ᠤ᠋ᠨ ᠥᠷᠲᠡᠭ ᠢ᠋ ᠪᠠᠭᠤᠷᠠᠭᠤᠯᠬᠤ ᠳ᠋ᠤ ᠪᠡᠷᠬᠡᠳᠡᠢ ᠪᠠᠢᠭᠰᠠᠨ》 ᠭᠡᠵᠤ ᠦ᠋ ᠡᠯ ᠬᠠᠢ ᠭᠡᠯᠡᠭᠰᠡᠨ ᠵᠢᠡᠨ ᠵᠠᠯᠭᠠᠭᠠᠳ᠄ 《ᠥᠨᠳᠥᠷ ᠪᠠᠷᠢᠮᠵᠢᠶᠠᠲᠤ ᠲᠠᠷᠢᠶᠠᠨ ᠭᠠᠵᠠᠷ ᠨᠢ ᠳᠠᠷᠢᠶ᠎ᠠ ᠲᠠᠷᠢᠬᠤ ᠥᠪᠡᠷ ᠤ᠋ᠨ ᠥᠷᠲᠡᠭ ᠢ᠋ ᠪᠠᠭᠤᠷᠠᠭᠤᠯᠵᠤ ᠲᠠᠷᠢᠶᠠᠨ ᠭᠠᠵᠠᠷ ᠤ᠋ᠨ ᠲᠠᠯᠠᠪᠠᠶ ᠵᠢ ᠨᠡᠮᠡᠭᠳᠡᠭᠦᠯᠦᠭᠰᠡᠨ ᠶ᠋ᠢᠡᠷ ᠪᠠᠷᠠᠬᠤ ᠦᠭᠡᠢ᠂ ᠲᠠᠷᠢᠶ᠎ᠠ ᠲᠦᠮᠦᠰᠤ ᠵᠢᠨ ᠤᠨᠠᠯᠳᠠ ᠵᠢ ᠶᠡᠬᠡ ᠪᠡᠷ ᠳᠡᠭᠡᠭᠰᠢᠯᠡᠭᠦᠯᠵᠦ᠂ ᠤᠤᠯ ᠳ᠋ᠠᠭᠠᠨ 1 ᠮᠦ᠍ ᠲᠠᠷᠢᠶᠠᠨ ᠭᠠᠵᠠᠷ ᠤ᠋ᠨ ᠠᠰᠢᠭ᠋ ᠤᠯᠵᠠᠪᠤᠷᠢ 1200 ᠲᠥᠭᠥᠷᠢᠭ ᠪᠠᠢᠭᠰᠠᠨ ᠪᠤᠯ ᠤᠳᠤ ᠮᠦ᠍ ᠳᠤᠮᠳᠠᠴᠢ ᠵᠢᠨ ᠠᠰᠢᠭ᠋ ᠤᠯᠵᠠᠪᠤᠷᠢ 2000 ᠲᠥᠭᠥᠷᠢᠭ ᠢ᠋ ᠳᠠᠪᠠᠬᠤ ᠪᠤᠯᠤᠭᠰᠠᠨ ᠰᠢᠤ》 ᠬᠡᠵᠤ ᠶᠠᠷᠢᠯ᠎ᠠ᠃
ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠨᠢ《ᠲᠠᠷᠢᠶᠠᠨ ᠭᠠᠵᠠᠷ ᠢ᠋ ᠳᠥᠷᠪᠡᠯᠵᠢᠨ ᠪᠣᠯᠭᠠᠵᠤ᠂ ᠣᠶ ᠮᠤᠳᠤ ᠵᠢ ᠲᠣᠥᠷᠵᠢᠭᠤᠯᠤᠨ᠂ ᠵᠠᠮ ᠰᠤᠪᠠᠭ ᠢ᠋ ᠬᠠᠷᠢᠯᠴᠠᠨ ᠨᠠᠪᠲᠠᠷᠡᠭᠦᠯᠵᠦ᠂ ᠵᠠᠮ ᠱᠤᠭᠤᠮ ᠢ᠋ ᠬᠣᠯᠪᠣᠯᠳᠤᠭᠤᠯᠤᠨ᠂ ᠭᠠᠩᠳᠠᠪᠠᠯ ᠤᠰᠤᠯᠠᠵᠤ ᠤᠰᠤᠲᠤᠪᠠᠯ ᠭᠠᠳᠠᠭᠰᠢᠯᠠᠭᠤᠯᠵᠤ᠂ ᠬᠤᠵᠢᠷᠯᠢᠭ ᠭᠠᠵᠠᠷ ᠢ᠋ ᠰᠠᠢᠵᠢᠷᠠᠭᠤᠯᠵᠤ ᠂ ᠬᠥᠷᠥᠰᠥ᠍ ᠰᠢᠷᠣᠢ ᠵᠢ ᠰᠢᠮᠡᠵᠢᠬᠦᠯᠬᠦ》 ᠵᠢ ᠪᠡᠶᠡᠯᠡᠭᠦᠯᠵᠦ᠂ ᠮᠦ᠍ ᠳᠤᠮᠳᠠᠴᠢ ᠪᠡᠷ 20 ᠪᠣᠰᠣᠭ᠎ᠠ ᠳᠥᠷᠪᠡᠯᠵᠢᠨ ᠮᠧᠲᠷ ᠭᠠᠷᠤᠢ ᠤᠰᠤ ᠠᠷᠪᠢᠯᠠᠨ᠂ ᠲᠠᠷᠢᠶᠠᠨ ᠭᠠᠵᠠᠷ ᠢ᠋ ᠰᠢᠨ᠎ᠡ ᠪᠡᠷ 1.5% ᠣᠷᠴᠢᠮ ᠨᠡᠮᠡᠭᠳᠡᠭᠦᠯᠵᠦ᠂ ᠣᠶ ᠰᠢᠭᠤᠢ ᠶ᠋ᠢᠨ ᠪᠦᠷᠬᠦᠴᠡ ᠶ᠋ᠢᠨ ᠨᠣᠷᠮ᠎ᠠ ᠵᠢ 1.35% ᠪᠡᠷ ᠳᠡᠭᠡᠭᠰᠢᠯᠡᠭᠦᠯᠦᠨ᠂ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ 10% ᠭᠠᠷᠤᠢ ᠲᠠᠬᠡᠭᠰᠢᠯᠡᠬᠦᠯᠵᠤ᠂ ᠭᠠᠵᠠᠷ ᠰᠢᠷᠣᠢ ᠶ᠋ᠢᠨ ᠡᠵᠡᠩᠨᠡᠯᠳᠡ ᠵᠢᠨ ᠡᠷᠭᠡ ᠵᠢ ᠬᠦᠢᠯᠭᠡᠭᠡᠯᠡᠭᠦ ᠣᠷᠣᠯᠭ᠎ᠠ ᠵᠢ ᠮᠦ᠍ ᠪᠦᠷᠢ ᠳ᠋ᠤ 500 ᠲᠥᠭᠥᠷᠢᠭ ᠡᠴᠡ ᠳᠡᠭᠡᠭᠰᠢ ᠨᠡᠮᠡᠭᠳᠡᠭᠦᠯᠵᠦ᠂ ᠥᠪᠡᠷ ᠤ᠋ᠨ ᠥᠷᠲᠡᠭ ᠢ᠋ ᠲᠤᠮᠳᠠᠴᠢ ᠪᠡᠷ ᠮᠦ᠍ ᠪᠦᠷᠢ ᠳ᠋ᠤ 90 ᠭᠠᠷᠤᠢ ᠲᠥᠭᠥᠷᠢᠭ ᠠᠷᠪᠢᠯᠠᠭᠰᠠᠨ ᠠᠵᠢ ᠃
ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠵᠢᠱ᠌ᠢᠶ᠎ᠡ ᠦᠵᠡᠭᠦᠯᠬᠦ ᠦᠢᠯᠡᠳᠦᠯ ᠡᠳᠦᠷ ᠢᠷᠡᠬᠦᠶ᠎ᠡ ᠢᠯᠡᠳᠳᠡ ᠪᠣᠯᠬᠤ ᠵᠢ ᠳᠠᠭᠠᠯᠳᠤᠨ ᠥᠷᠭᠡᠨ ᠣᠯᠠᠨ ᠲᠠᠷᠢᠶᠠᠴᠢᠨ ᠤ᠋ ᠪᠦᠲᠦᠭᠡᠨ ᠪᠠᠢᠭᠤᠯᠤᠯᠲᠠ ᠶ᠋ᠢᠨ ᠢᠳᠡᠪᠬᠢᠵᠢᠯ ᠡᠳᠦᠷ ᠢᠷᠡᠬᠦᠶ᠎ᠡ ᠴᠢᠩᠭᠠᠷᠠᠵᠤ᠂ ᠪᠥᠬᠥ ᠨᠡᠢᠭᠡᠮ ᠶ᠋ᠢᠡᠷ ᠶ᠋ᠢᠡᠨ ᠥᠷᠭᠡᠨ ᠳᠡᠯᠭᠡᠷ ᠬᠠᠮᠲᠤ ᠶ᠋ᠢᠨ ᠲᠠᠨᠢᠯᠲᠠ ᠲᠠᠢ ᠪᠣᠯᠵᠤ᠂ ᠪᠥᠬᠥ ᠬᠣᠲᠠ ᠪᠡᠷ ᠶ᠋ᠢᠡᠨ ᠳᠦᠭᠡᠮᠡᠯᠵᠢᠬᠦᠯᠦᠨ ᠳᠡᠯᠭᠡᠷᠡᠭᠦᠯᠵᠤ ᠠᠬᠢᠭᠤᠯᠬᠤ ᠨᠥᠬᠥᠴᠡᠯ ᠢ᠋ ᠪᠦᠷᠢᠯᠳᠦᠭᠦᠯᠦᠭᠰᠡᠨ ᠪᠠᠢᠨ᠎ᠠ᠃ ᠪᠠᠶᠠᠨᠨᠠᠭᠤᠷ ᠬᠤᠳᠠ ᠤᠯᠤᠰ ᠤ᠋ᠨ ᠰᠢᠨ᠎ᠡ ᠨᠢᠭᠡ ᠡᠭᠡᠯᠵᠢ ᠶ᠋ᠢᠨ ᠪᠦᠬᠦ ᠣᠷᠣᠨ ᠪᠦᠰᠡ ᠪᠡᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠳᠠ ᠵᠢ ᠠᠬᠢᠭᠤᠯᠬᠤ ᠲᠤᠷᠰᠢᠯᠲᠠ ᠶ᠋ᠢᠨ ᠵᠢᠱ᠌ᠢᠶ᠎ᠡ ᠦᠵᠡᠭᠦᠯᠬᠦ ᠲᠦᠷᠦᠯ ᠵᠦᠢᠯ ᠤ᠋ᠨ ᠠᠵᠠ ᠲᠣᠬᠢᠶᠠᠯ ᠢ᠋ ᠠᠳᠬᠤᠨ᠂ ᠪᠦᠬᠦ ᠣᠷᠣᠨ ᠪᠦᠰᠡ ᠪᠡᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠳᠠ ᠵᠢ ᠠᠬᠢᠭᠤᠯᠬᠤ ᠪᠦᠬᠦ ᠤᠯᠤᠰ ᠤ᠋ᠨ ᠲᠤᠷᠰᠢᠯᠲᠠ ᠶ᠋ᠢᠨ ᠴᠡᠭ ᠪᠤᠯᠬᠤ ᠪᠡᠷ ᠬᠦᠴᠦᠯᠡᠨ ᠴᠢᠷᠮᠠᠢᠵᠤ ᠪᠠᠢᠨ᠎ᠠ᠃
《ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢ ᠠᠬᠢᠭᠤᠯᠬᠤ ᠪᠣᠯ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨᠦ ᠦᠢᠯᠡᠳᠪᠦᠷᠢᠯᠡᠯ ᠤ᠋ᠨ ᠰᠠᠭᠤᠷᠢᠨ ᠢ᠋ ᠪᠦᠲᠦᠭᠡᠨ ᠪᠠᠶ᠋ᠢᠭᠤᠯᠬᠤ ᠪᠠ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠰᠢᠨᠦ ᠬᠠᠯᠬᠠᠪᠴᠢ ᠵᠢ ᠪᠠᠳᠤ ᠴᠤᠭᠴᠠᠯᠠᠬᠤ ᠵᠢᠨ ᠦᠨᠳᠦᠰᠦᠨ ᠠᠷᠭ᠎ᠠ ᠬᠡᠮᠵᠢᠶ᠎ᠡ ᠪᠠᠢᠵᠤ᠂ ᠶᠡᠷᠦᠩᠬᠡᠢ ᠱᠦᠵᠢ ᠰᠢ ᠶ᠋ᠢᠨ ᠫᠢᠩ ᠤ᠋ᠨ ᠴᠢᠩ ᠰᠡᠳᠬᠢᠯ ᠤ᠋ᠨ ᠬᠦᠰᠡᠯ ᠨᠠᠶ᠋ᠢᠳᠠᠯᠭᠠ ᠵᠢ ᠪᠥᠬᠥ ᠲᠠᠯ᠎ᠠ ᠪᠡᠷ ᠨᠠᠢᠳᠠᠪᠤᠷᠢᠵᠢᠭᠤᠯᠵᠤ ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ ᠵᠢ ᠠᠬᠢᠭᠤᠯᠬᠤ ᠪᠣᠳᠠᠲᠠᠢ ᠭᠠᠷᠳᠠᠴᠠ ᠪᠤᠯᠤᠨ᠎ᠠ᠃ ᠲᠡᠷᠡ ᠨᠢ ᠮᠦᠨ ᠴᠦ᠍ ᠪᠠᠶᠠᠨᠨᠠᠭᠤᠷ ᠤ᠋ᠨ ᠠᠷᠠᠳ ᠤ᠋ᠨ ᠠᠮᠢᠳᠤᠷᠠᠯ ᠤ᠋ᠨ ᠪᠤᠶᠠᠨ ᠵᠢᠷᠭᠠᠯ ᠪᠠ ᠠᠯᠤᠰ ᠬᠡᠲᠦ ᠶ᠋ᠢᠨ ᠬᠥᠭᠵᠢᠯᠲᠡ ᠳ᠋ᠤ ᠬᠣᠯᠪᠣᠭᠳᠠᠬᠤ ᠲᠤᠮᠤ ᠶᠠᠪᠤᠳᠠᠯ ᠮᠦᠨ ᠃ ᠪᠢᠳᠡ 3 ︱ 5 ᠵᠢᠯ ᠤ᠋ᠨ ᠬᠤᠭᠤᠴᠠᠭ᠎ᠠ ᠬᠡᠷᠡᠭᠯᠡᠵᠦ ᠪᠠᠢᠭᠠᠳ ᠪᠥᠬᠥ ᠬᠣᠲᠠ ᠶ᠋ᠢᠨ 1089.53 ᠲᠦᠮᠡᠨ ᠮᠦ᠍ ᠶ᠋ᠢᠨ ᠡᠭᠦᠷᠢᠳᠡ ᠶ᠋ᠢᠨ ᠦᠨᠳᠦᠰᠦᠨ ᠲᠠᠷᠢᠶᠠᠨ ᠭᠠᠵᠠᠷ ᠢ᠋ ᠴᠥᠮ ᠲᠥᠪᠯᠡᠷᠡᠬᠦᠯᠦᠨ ᠵᠠᠯᠭᠠᠯᠳᠤᠭᠰᠠᠨ᠂ ᠲᠣᠭᠲᠠᠭᠤᠨ ᠪᠥᠭᠡᠳ ᠥᠨᠳᠥᠷ ᠤᠨᠠᠯᠲᠠ ᠲᠠᠢ᠂ ᠤᠰᠤ ᠠᠷᠪᠢᠯᠠᠬᠤ ᠪᠦᠭᠡᠳ ᠥᠨᠳᠥᠷ ᠦᠷ᠎ᠠ ᠠᠰᠢᠭᠳᠠᠢ᠂ ᠠᠮᠢ ᠠᠬᠤᠢ ᠳ᠋ᠤ ᠨᠥᠬᠥᠷᠰᠡᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠢᠭᠤᠯᠵᠤ᠂ ᠥᠪᠥᠷ ᠮᠣᠩᠭᠣᠯ ᠤ᠋ᠨ ᠣᠳᠣᠬᠢᠴᠢᠯᠠᠭᠰᠠᠨ ᠮᠠᠯ ᠠᠵᠤ ᠠᠬᠤᠢ ᠲᠠᠷᠢᠶᠠᠯᠠᠩ ᠤ᠋ᠨ ᠬᠦᠴᠦᠷᠬᠡᠭ ᠣᠷᠣᠨ ᠢ᠋ ᠪᠦᠲᠦᠭᠡᠨ ᠪᠠᠶ᠋ᠢᠭᠤᠯᠬᠤ ᠳ᠋ᠤ ᠬᠤᠪᠢ ᠨᠡᠮᠡᠷᠢ ᠦᠵᠡᠭᠦᠯᠵᠦ᠂ 〈ᠲᠤᠮᠳᠠᠳᠤ ᠤᠯᠤᠰ ᠤ᠋ᠨ ᠠᠶᠠᠭ᠎ᠠ〉 ᠳ᠋ᠤ ᠨᠡᠩ ᠠᠷᠪᠢᠨ ᠪᠣᠷᠣᠲᠣᠬᠣᠶ ᠵᠢᠨ ᠠᠮᠤ ᠪᠤᠳᠠᠭ᠎ᠠ ᠵᠢ ᠨᠡᠮᠡᠷᠢᠯᠡᠬᠦ ᠪᠡᠷ ᠴᠢᠷᠮᠠᠢᠨ᠎ᠠ》 ᠭᠡᠵᠦ ᠾᠧ ᠸᠧᠢ ᠬᠤᠸᠠ ᠢᠲᠡᠭᠡᠯ ᠲᠡᠭᠦᠯᠳᠡᠷ ᠶᠠᠷᠢᠵᠦ ᠪᠠᠢᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃