ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-04-11 10:58:31

ᠵᠣᠬᠢᠶᠠᠭ᠍ᠴᠢ᠄ ᠬᠡᠰᠢᠭᠪᠤᠶᠠᠨ ᠣᠩᠱᠢᠭ᠍ᠰᠠᠨ ᠣᠳᠠᠭ᠎ᠠ᠄ 3

ᠬᠢᠩᠭᠠᠨ᠎ᠤ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶᠢᠨ ᠪᠦᠯᠦᠭᠯᠡᠯ᠎ᠤᠨ ᠭᠦᠩᠵᠦ ᠯᠢᠩ ᠮᠠᠯ ᠠᠵᠤ ᠠᠬᠤᠶ ᠲᠠᠷᠢᠶᠠᠯᠠᠩ᠎ᠤᠨ ᠬᠢᠵᠠᠭᠠᠷᠲᠤ ᠺᠣᠮᠫᠠᠨᠢ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠬᠦ᠎ᠶᠢᠨ ᠲᠥᠯᠥᠭᠡ ︽ ᠠᠵᠢᠯᠲᠠᠨ ᠠᠵᠢᠯᠴᠢᠨ ᠣᠯᠠᠨ ᠲᠦᠮᠡᠨ᠎ᠳ᠋ᠤ ᠪᠣᠳᠠᠲᠤ ᠶᠠᠪᠤᠳᠠᠯ ᠬᠢᠵᠦ ᠥᠭᠬᠦ ︾᠎ᠶᠢ ᠦᠢᠯᠡᠳᠦᠯᠭᠡᠵᠢᠭᠦᠯᠬᠦ ᠪᠠ ᠲᠠᠷᠢᠶᠠᠯᠠᠩ ᠦᠢᠯᠡᠳᠪᠦᠷᠢᠯᠡᠯ᠎ᠤᠨ ᠪᠣᠳᠠᠲᠤ ᠪᠠᠶᠢᠳᠠᠯ᠎ᠲᠠᠢ ᠤᠶᠠᠯᠳᠤᠭᠤᠯᠤᠨ ᠂ ᠡᠷᠲᠡ ᠲᠥᠯᠥᠪᠯᠡᠵᠦ ᠡᠷᠲᠡ ᠳᠠᠶᠢᠴᠢᠯᠠᠠ ᠡᠷᠲᠡ ᠲᠣᠬᠢᠷᠠᠭᠤᠯᠬᠤ ᠢᠳᠡᠪᠬᠢᠲᠡᠶ ᠠᠷᠭ᠎ᠠ᠎ᠪᠠᠷ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢᠶᠡᠨ ᠰᠠᠶᠢᠲᠤᠷ ᠬᠢᠵᠦ ᠂ ᠲᠠᠷᠢᠶᠠᠯᠠᠩ᠎ᠤᠨ ᠡᠯᠪᠡᠭ ᠬᠤᠷᠢᠶᠠᠯᠲᠠ ᠤᠯᠬᠤ᠎ᠳ᠋ᠤ ᠰᠠᠶᠢᠨ ᠰᠠᠭᠤᠷᠢ ᠲᠡᠯᠪᠢᠵᠦ ᠪᠠᠢᠨ᠎ᠠ ᠃

1 ᠰᠠᠷ᠎ᠠ᠎ᠡᠴᠠ ᠡᠬᠢᠯᠡᠨ ᠲᠣᠰ ᠲᠠᠯᠠᠪᠠᠢ᠎ᠶᠢᠨ ᠠᠵᠢᠯᠲᠠᠨ ᠠᠵᠢᠯᠴᠢᠨ ᠢᠳᠡᠪᠬᠢᠲᠡᠶ ᠬᠥᠳᠡᠯᠦᠯᠴᠡᠵᠦ ᠂ ᠴᠠᠭ ᠲᠣᠬᠢᠶᠠᠯ᠎ᠢ ᠠᠮᠵᠢᠨ ᠢᠯᠡᠭᠦᠴᠡ ᠠᠮᠤ ᠪᠤᠳᠠᠭ᠎ᠠ᠎ᠪᠠᠨ ᠬᠤᠳᠠᠯᠳᠤᠬᠤ᠎ᠶᠢᠨ ᠬᠠᠮᠲᠤ ︽ ᠰᠦᠯᠵᠢᠶᠡᠨ ᠳᠡᠭᠡᠷ᠎ᠡ + ᠪᠤᠳᠠᠳᠤ ᠴᠤᠬᠴᠡ ︾᠎ᠶᠢᠨ ᠬᠡᠯᠪᠡᠷᠢ᠎ᠪᠠᠷ ᠲᠡᠷᠢᠶᠠᠠ ᠦᠷ᠎ᠡ ᠂ ᠬᠢᠮᠢ᠎ᠶᠢᠨ ᠪᠣᠷᠲᠣᠭᠣᠷ ᠵᠡᠷᠭᠡ ᠬᠠᠪᠤᠷ᠎ᠤᠨ ᠲᠠᠷᠢᠶᠠᠯᠠᠭ᠎ᠠ᠎ᠶᠢᠨ ᠬᠡᠷᠡᠭᠰᠡᠯ᠎ᠢ ᠤᠷᠢᠳᠴᠢᠯᠠᠨ ᠬᠤᠳᠠᠯᠳᠤᠨ ᠠᠪᠴᠠᠶ ᠃ ︽ ᠵᠢᠯ᠎ᠡᠴᠠ ᠡᠮᠦᠨ᠎ᠡ ᠰᠦᠯᠵᠢᠶ᠎ᠡ᠎ᠪᠠᠷ ᠵᠠᠬᠢᠶᠠᠯᠠᠵᠥ ᠠᠪᠤᠭᠰᠠᠨ 2.5 ᠲᠣᠨ ᠬᠢᠮᠢ᠎ᠶᠢᠨ ᠪᠣᠷᠲᠣᠭᠣᠷ᠎ᠢ ᠡᠮᠤᠨ᠎ᠠ ᠬᠤᠶᠡᠷ ᠡᠳᠦᠷ ᠬᠡᠷ᠎ᠲᠤ ᠬᠦᠷᠭᠡᠵᠦ ᠢᠷᠡᠵᠡᠢ ᠂ ᠣᠲᠣ ᠬᠠᠪᠤᠷ᠎ᠤᠨ ᠲᠠᠷᠢᠶᠠᠯᠠᠭ᠎ᠠ᠎ᠳ᠋ᠤ ᠬᠡᠷᠡᠭᠰᠡᠬᠦ ᠴᠠᠶᠢᠢᠦ ᠲᠣᠰᠣ ᠂ ᠲᠡᠷᠢᠶᠠᠠ ᠦᠷ᠎ᠡ ᠪᠦᠷᠢᠠ ᠪᠤᠯᠵᠥ ᠲᠡᠷᠢᠬᠤ᠎ᠶᠢ ᠯᠡ ᠬᠦᠯᠢᠶᠡᠵᠦ ᠪᠠᠶᠢᠨ᠎ᠠ ︾ ᠬᠡᠵᠥ ᠨᠢᠭᠡᠳᠦᠭᠡᠷ ᠦᠢᠯᠡᠳᠪᠦᠷᠢᠯᠡᠯ᠎ᠤᠨ ᠪᠠᠷᠢᠭᠠᠳᠠ᠎ᠶᠢᠨ ᠠᠵᠢᠯᠲᠠᠨ ᠵᠠᠩ ᠢᠦᠢ ᡁᠢ ᠪᠠᠶᠠᠷᠳᠠᠢᠬᠠᠠ ᠶᠠᠷᠢᠨ᠎ᠠ ᠃

ᠣᠳᠣ ᠪᠣᠯᠲᠠᠯ᠎ᠠ ᠂ ᠲᠣᠰ ᠲᠠᠯᠠᠪᠠᠶ 925 ᠲᠣᠨ ᠬᠢᠮᠢ᠎ᠶᠢᠨ ᠪᠣᠷᠲᠣᠭᠣᠷ ᠂ 129 ᠲᠣᠨ ᠴᠠᠶᠢᠢᠦ ᠲᠣᠰᠣ ᠂ 5.6 ᠲᠦᠮᠡᠨ ᠵᠢᠩ ᠡᠷᠳᠡᠨᠢ ᠰᠢᠰᠢ᠎ᠶᠢᠨ ᠦᠷ᠎ᠡ ᠬᠤᠳᠠᠯᠳᠤᠨ ᠠᠪᠴᠠᠶ ᠃ 3 ᠰᠠᠷ᠎ᠠ᠎ᠳ᠋ᠤ ᠂ ᠲᠣᠰ ᠲᠠᠯᠠᠪᠠᠢ᠎ᠶᠢᠨ ᠬᠡᠪᠴᠢᠶᠡᠵᠢᠭᠦᠯᠦᠭᠰᠡᠨ ᠡᠵᠡᠩᠨᠡᠯᠲᠡ ᠬᠠᠮᠢᠶᠠᠷᠤᠯᠲᠠ᠎ᠶᠢᠨ ᠣᠷᠣᠨ᠎ᠤ ᠠᠵᠢᠯᠲᠠᠳ ᠬᠠᠭᠠᠯᠪᠤᠷᠢᠯᠠᠬᠤ ᠦᠬᠡᠢ᠎ᠪᠠᠷ ᠲᠡᠷᠢᠬᠤ ᠮᠠᠰᠢᠨ ᠵᠡᠷᠭᠡ ᠲᠣᠮᠣ ᠬᠡᠯᠪᠡᠷᠢ᠎ᠶᠢᠨ ᠮᠠᠰᠢᠨ᠎ᠢᠶᠡᠨ ᠰᠠᠯᠪᠢᠠ ᠵᠠᠰᠠᠵᠥ ᠪᠡᠯᠡᠬᠡᠡ ᠪᠤᠯᠭᠠᠪᠠ ᠃ ᠲᠤᠰ ᠲᠠᠯᠠᠪᠠᠶ᠎ᠶᠢᠨ ᠲᠠᠷᠢᠶᠠᠯᠠᠩ᠎ᠤᠨ ᠮᠠᠰᠢᠨ ᠪᠠᠭᠠᠵᠢ᠎ᠶᠢ ᠪᠠᠶᠢᠴᠠᠭᠠᠨ ᠵᠠᠰᠠᠭᠰᠠᠨ ᠨᠣᠷᠮ᠎ᠠ 85%᠎ᠳ᠋ᠤ ᠬᠦᠷᠴᠡᠶ ᠃ ᠠᠵᠢᠯᠲᠠᠨ ᠠᠵᠢᠯᠴᠢᠨ᠎ᠢ ᠬᠠᠪᠰᠤᠷᠤᠨ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠰᠠᠶᠢᠲᠤᠷ ᠬᠢᠬᠦ᠎ᠶᠢᠨ ᠲᠥᠯᠥᠭᠡ ᠲᠣᠰ ᠲᠠᠯᠠᠪᠠᠶ ᠲᠠᠷᠢᠶᠠᠯᠠᠩ᠎ᠤᠨ ᠲᠤᠰᠬᠠᠶ ᠮᠡᠷᠭᠡᠵᠢᠯᠲᠡᠨ᠎ᠢ ᠪᠠᠷᠢᠭᠠᠳᠠ᠎ᠳ᠋ᠤ ᠤᠷᠢᠠ ᠂ ᠲᠠᠷᠢᠮᠠᠯ᠎ᠤᠨ ᠰᠢᠨ᠎ᠡ ᠮᠡᠷᠭᠡᠵᠢᠯ ᠂ ᠨᠠᠶᠢᠷᠠᠯᠭ᠎ᠠ᠎ᠲᠠᠢ ᠪᠣᠷᠲᠣᠭᠣᠷ ᠣᠷᠣᠭᠤᠯᠬᠤ ᠂ ᠲᠠᠷᠢᠶᠠᠯᠠᠩ᠎ᠤᠨ ᠮᠠᠰᠢᠨ ᠪᠠᠭᠠᠵᠢ ᠬᠡᠷᠡᠭᠯᠡᠬᠦ ᠵᠡᠷᠭᠡ ᠮᠡᠷᠭᠡᠵᠢᠯ᠎ᠤᠨ ᠦᠢᠯᠡᠴᠢᠯᠡᠭᠡ ᠬᠠᠩᠭᠠᠵᠤ ᠂ ᠲᠠᠷᠢᠶᠠᠯᠠᠩ ᠦᠢᠯᠡᠳᠪᠦᠷᠢᠯᠡᠯ᠎ᠳ᠋ᠤ ᠲᠤᠯᠭᠠᠷᠠᠭᠰᠠᠨ ᠮᠡᠷᠭᠡᠵᠢᠯ᠎ᠤᠨ ᠬᠦᠴᠢᠷ ᠠᠰᠠᠭᠤᠳᠠᠯ᠎ᠢ ᠦᠨᠡᠨ ᠬᠦ ᠰᠢᠢᠳᠪᠦᠷᠢᠯᠡᠵᠦ ᠂ ᠬᠠᠪᠤᠷ᠎ᠤᠨ ᠲᠠᠷᠢᠶᠠᠯᠠᠭ᠎ᠠ᠎ᠶᠢᠨ ᠦᠢᠯᠡᠳᠪᠦᠷᠢᠯᠡᠯ᠎ᠤᠨ ᠤᠷ᠎ᠠ ᠴᠢᠳᠠᠪᠤᠷᠢ᠎ᠶᠢ ᠨᠡᠮᠡᠭᠳᠡᠭᠦᠯᠪᠡ ᠃ ᠲᠣᠰ ᠲᠠᠯᠠᠪᠠᠶ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠠᠵᠢᠯᠲᠠᠨ᠎ᠢ 4 ᠤᠳᠠᠭ᠎ᠠ ᠵᠣᠬᠢᠶᠠᠨ ᠪᠠᠶᠢᠭᠤᠯᠵᠤ ᠂ 100 ᠭᠠᠷᠤᠶ ᠬᠥᠮᠦᠨ᠎ᠳ᠋ᠤ ᠪᠣᠯᠪᠠᠰᠤᠷᠠᠯ ᠬᠦᠷᠳᠡᠬᠡᠪᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠼᠠᠢ ᠬᠤᠩ

ᠣᠷᠴᠢᠭᠤᠯᠤᠭ᠍ᠴᠢ᠄

ᠢᠷᠡᠯᠲᠡ᠄ ᠦᠪᠦᠷ ᠮᠤᠩᠭᠤᠯ ‍ᠤᠨ ᠡᠳᠦᠷ ‍ᠤᠨ ᠰᠤᠨᠢᠨ
兼容浏览器的HTML页面