ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2022-03-29 09:47:34

ᠵᠣᠬᠢᠶᠠᠭ᠍ᠴᠢ᠄ ​ ᠭᠤᠸ᠎ᠠ ᠣᠩᠱᠢᠭ᠍ᠰᠠᠨ ᠣᠳᠠᠭ᠎ᠠ᠄ 3

ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠠ ᠲᠠᠷᠢᠶᠠᠯᠠᠩ ᠦᠢᠯᠡᠳᠪᠦᠷᠢᠯᠡᠯ ᠎ᠢ ᠪᠠᠲᠤᠯᠠᠬᠤ ᠬᠣᠶᠠᠷ ᠳᠠᠯ᠎ᠠ ᠵᠢᠨ ᠠᠵᠢᠯ ᠤ᠋ᠨ ᠠᠯᠢ ᠵᠢ ᠴᠦ᠍ ᠰᠠᠭᠠᠲᠠᠭᠠᠬᠤ ᠥᠬᠡᠢ ᠪᠠᠢᠬᠤ ᠵᠢ ᠪᠦᠲᠦᠮᠵᠢᠲᠡᠢ ᠠᠬᠢᠭᠤᠯᠬᠤ ᠵᠢᠨ ᠲᠥᠯᠥᠭᠡ᠂ ᠬᠦᠬᠡᠬᠣᠲᠠ 3 ᠰᠠᠷ᠎ᠠ ᠵᠢᠨ 15 ᠤ᠋ ᠡᠳᠦᠷ ᠡᠴᠡ ᠡᠬᠢᠯᠡᠨ ᠪᠦᠬᠦ ᠬᠤᠳᠠ ᠵᠢᠨ ᠬᠡᠪᠴᠢᠶᠡᠨ ᠳ᠋ᠦ᠍ ᠬᠣᠶᠠᠷ ᠰᠠᠷ᠎ᠠ ᠵᠢᠨ ᠬᠤᠭᠤᠴᠠᠭ᠎ᠠ ᠲᠠᠢ《ᠨᠣᠭᠣᠭᠠᠨ ᠰᠡᠯᠡᠮ᠎ᠡ ᠲᠠᠷᠢᠶᠠᠯᠠᠩ ᠢ᠋ ᠬᠠᠮᠠᠭᠠᠯᠠᠬᠤ》 ᠬᠠᠪᠤᠷ ᠤ᠋ᠨ ᠲᠠᠷᠢᠶᠠᠯᠠᠩ ᠤ᠋ᠨ ᠬᠡᠷᠡᠭᠰᠡᠯ ᠤ᠋ᠨ ᠬᠠᠭᠤᠷᠮᠠᠭ ᠮᠠᠭᠤ ᠪᠠᠷᠠᠭ᠎ᠠ ᠲᠠᠸᠠᠷ ᠲᠦ᠍ ᠴᠣᠬᠢᠯᠲᠠ ᠥᠭᠬᠦ ᠲᠤᠰᠭᠠᠢ ᠴᠡᠭᠴᠡᠯᠡᠨ ᠵᠠᠰᠠᠬᠤ ᠠᠵᠢᠯᠯᠠᠭ᠎ᠠ ᠵᠢ ᠵᠣᠬᠢᠶᠠᠨ ᠪᠠᠢᠭᠤᠯᠤᠨ ᠥᠷᠨᠢᠭᠦᠯᠵᠦ᠂ ᠬᠠᠪᠤᠷ ᠤ᠋ᠨ ᠲᠠᠷᠢᠶᠠᠯᠠᠭ᠎ᠠ ᠵᠢᠨ ᠪᠡᠯᠡᠳᠭᠡᠯ ᠠᠵᠢᠯ ᠤ᠋ᠨ ᠤᠷᠤᠭᠱᠢᠲᠠᠢ ᠶᠠᠪᠤᠭᠳᠠᠬᠤ ᠵᠢᠴᠢ ᠲᠠᠷᠢᠶᠠᠯᠠᠩ ᠤ᠋ᠨ ᠬᠡᠷᠡᠭᠰᠡᠯ ᠤ᠋ᠨ ᠶᠠᠰᠤ ᠴᠢᠨᠠᠷ ᠤ᠋ᠨ ᠠᠮᠤᠷ ᠲᠦᠪᠱᠢᠨ ᠢ᠋ ᠦᠨᠡᠨ ᠬᠦ᠌ ᠪᠠᠲᠤᠯᠠᠵᠤ᠂ ᠲᠠᠷᠢᠶᠠᠯᠠᠩ ᠦᠢᠯᠡᠳᠪᠦᠷᠢᠯᠡᠯ ᠤ᠋ᠨ ᠤᠷᠤᠭᠱᠢᠲᠠᠢ ᠡᠬᠢᠯᠡᠯᠲᠡ ᠳ᠋ᠦ᠍ ᠬᠦᠴᠦᠨ ᠨᠡᠮᠡᠷᠢᠯᠡᠨ᠂ ᠪᠦᠬᠦ ᠵᠢᠯ ᠤ᠋ᠨ ᠲᠠᠷᠢᠮᠠᠯ ᠤ᠋ᠨ ᠤᠨᠠᠯᠳᠠ ᠪᠠ ᠲᠠᠷᠢᠶᠠᠴᠢᠳ ᠤ᠋ᠨ ᠣᠷᠣᠯᠭ᠎ᠠ ᠵᠢ ᠨᠡᠮᠡᠭᠳᠡᠭᠦᠯᠬᠦ ᠳ᠋ᠦ᠍ ᠪᠠᠲᠤ ᠴᠢᠩᠭ᠎ᠠ ᠲᠦᠱᠢᠭ ᠬᠠᠩᠭᠠᠵᠤ ᠪᠤᠢ ᠃

ᠲᠠᠷᠢᠶᠠᠯᠠᠩ ᠤ᠋ᠨ ᠬᠡᠷᠡᠭᠰᠡᠯ ᠪᠣᠯ ᠲᠠᠷᠢᠶᠠᠯᠠᠩ ᠦᠢᠯᠡᠳᠪᠦᠷᠢᠯᠡᠯ ᠤ᠋ᠨ ᠰᠠᠭᠤᠷᠢ ᠪᠠᠢᠵᠤ᠂ ᠠᠮᠤ ᠪᠤᠳᠠᠭᠠᠨ ᠤ᠋ ᠠᠮᠤᠷ ᠲᠦᠪᠱᠢᠨ ᠪᠠ ᠲᠠᠷᠢᠶᠠᠯᠠᠩ ᠤ᠋ᠨ ᠪᠦᠲᠦᠭᠡᠭᠳᠡᠬᠦᠨ ᠤ᠋ ᠶᠠᠰᠤ ᠴᠢᠨᠠᠷ ᠤ᠋ᠨ ᠠᠮᠤᠷ ᠲᠦᠪᠰᠢᠨ ᠳᠠᠢ ᠰᠢᠭᠤᠳ ᠬᠠᠷᠢᠴᠠᠭ᠎ᠠ ᠳᠠᠢ ᠪᠠᠢᠳᠠᠭ ᠃ ᠤᠢᠯᠠᠭᠠᠭᠰᠠᠨ ᠵᠢᠡᠷ ᠂ ᠬᠦᠬᠡᠬᠤᠳᠠ ᠵᠢᠨ 《 ᠨᠣᠭᠣᠭᠠᠨ ᠰᠡᠯᠡᠮ᠎ᠡ ᠲᠠᠷᠢᠶᠠᠯᠠᠩ ᠢ᠋ ᠬᠠᠮᠠᠭᠠᠯᠠᠬᠤ》 ᠬᠠᠪᠤᠷ ᠤ᠋ᠨ ᠲᠠᠷᠢᠶᠠᠯᠠᠩ ᠤ᠋ᠨ ᠬᠡᠷᠡᠭᠰᠡᠯ ᠤ᠋ᠨ ᠬᠠᠭᠤᠷᠮᠠᠭ ᠮᠠᠭᠤ ᠪᠠᠷᠠᠭ᠎ᠠ ᠲᠠᠸᠠᠷ ᠲᠦ᠍ ᠴᠣᠬᠢᠯᠲᠠ ᠥᠭᠬᠦ ᠲᠤᠰᠭᠠᠢ ᠴᠡᠭᠴᠡᠯᠡᠨ ᠵᠠᠰᠠᠬᠤ ᠠᠵᠢᠯᠯᠠᠭ᠎ᠠ ᠵᠢᠨ ᠳᠠᠰᠢᠷᠠᠮ ᠵᠢᠡᠷ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠲᠢᠩᠬᠢᠮ ᠤ᠋ᠨ ᠬᠢᠨ ᠲᠦᠷᠦᠬᠦᠬᠡᠨ ᠳ᠋ᠤ ᠬᠥᠬᠡᠬᠣᠲᠠ ᠵᠢᠨ ᠢᠦᠢᠴᠢᠤᠸᠠᠨ ᠲᠣᠭᠣᠷᠢᠭ ᠪᠤᠯᠤᠨ ᠰᠠᠢᠬᠠᠨ ᠲᠣᠭᠣᠷᠢᠭ ᠤ᠋ᠨ 13 ᠭᠤᠤᠯᠳᠠᠯᠭ᠎ᠠ ᠳᠠᠢ ᠲᠠᠷᠢᠶᠠᠯᠠᠩ ᠤ᠋ᠨ ᠬᠡᠷᠡᠭᠰᠡᠯ ᠤ᠋ᠨ ᠦᠢᠯᠡᠳᠪᠦᠷᠢᠯᠡᠯ ᠡᠵᠡᠩᠨᠡᠯᠲᠡ ᠵᠢᠨ ᠠᠵᠤ ᠠᠬᠤᠢᠯᠠᠯ ᠪᠠ ᠵᠠᠬ᠎ᠠ ᠳᠡᠯᠭᠡᠭᠦᠷ ᠲᠦ᠍ ᠬᠦᠷᠴᠦ ᠬᠠᠤᠯᠢ ᠬᠡᠷᠡᠭᠵᠢᠭᠦᠯᠦᠯᠲᠡ ᠵᠢᠨ ᠠᠵᠢᠯᠯᠠᠭ᠎ᠠ ᠥᠷᠨᠢᠭᠦᠯᠦᠭᠰᠡᠨ ᠪᠠᠢᠨ᠎ᠠ᠃ ᠬᠠᠤᠯᠢ ᠬᠡᠷᠡᠭᠵᠢᠭᠦᠯᠬᠦ ᠠᠵᠢᠯᠲᠠᠳ ᠲᠤᠬᠠᠢ ᠵᠢᠨ ᠲᠠᠯᠠᠪᠤᠷ ᠲᠦ᠍ ᠬᠦᠷᠴᠦ ᠂ ᠪᠣᠷᠣᠯᠠᠭᠤᠯᠵᠤ ᠪᠠᠢᠭ᠎ᠠ ᠳᠠᠷᠢᠶᠠᠨ ᠦᠷ᠎ᠡ᠂ ᠲᠠᠷᠢᠶᠠᠨ ᠡᠮ ᠂ ᠬᠢᠮᠢ ᠵᠢᠨ ᠪᠣᠷᠳᠣᠭᠤᠷ ᠤ᠋ᠨ ᠡᠵᠡᠩᠨᠡᠯᠲᠡ ᠵᠢᠨ ᠵᠥᠪᠱᠢᠶᠡᠷᠡᠯ ᠤ᠋ᠨ ᠦᠨᠡᠮᠯᠡᠯ ᠂ ᠪᠣᠷᠣᠯᠠᠭᠤᠯᠤᠭᠰᠠᠨ ᠲᠡᠮᠳᠡᠭᠯᠡᠯ ᠤ᠋ᠨ ᠡᠬᠡ ᠳᠠᠩᠰᠠ᠂ ᠬᠤᠭᠤᠴᠠᠭ᠎ᠠ ᠨᠢ ᠥᠩᠭᠡᠷᠡᠭᠰᠡᠨ ᠪᠤᠶᠤ ᠬᠢᠷᠢ ᠲᠡᠩᠴᠡᠭᠰᠡᠨ ᠦᠭᠡᠢ ᠦᠢᠯᠡᠳᠬᠦᠨ ᠪᠠᠢᠬᠤ ᠡᠰᠡᠬᠦ ᠵᠡᠷᠭᠡ ᠲᠠᠯ᠎ᠠ ᠪᠠᠷ ᠵᠦᠢᠯ ᠳᠠᠷᠠᠭᠠᠯᠠᠨ ᠪᠠᠢᠴᠠᠭᠠᠪᠠ᠃ ᠬᠠᠤᠯᠢ ᠬᠡᠷᠡᠭᠵᠢᠭᠦᠯᠬᠦ ᠠᠵᠢᠯᠲᠠᠳ ᠪᠠᠢᠴᠠᠭᠠᠬᠤ ᠶᠠᠪᠤᠴᠠ ᠳ᠋ᠦ᠍ ᠢᠯᠡᠷᠡᠭᠦᠯᠦᠭᠰᠡᠨ ᠡᠬᠡ ᠳᠠᠩᠰᠠ ᠨᠢ ᠪᠦᠷᠢᠨ ᠪᠤᠰᠤ ᠪᠠᠢᠬᠤ ᠵᠡᠷᠭᠡ ᠠᠰᠠᠭᠤᠳᠠᠯ ᠢ᠋ ᠲᠤᠬᠠᠢ ᠵᠢᠨ ᠭᠠᠵᠠᠷ ᠲᠤᠨᠢ ᠵᠠᠯᠠᠷᠠᠭᠤᠯᠤᠨ ᠵᠢᠯᠣᠭᠣᠳᠤᠭᠰᠠᠨ ᠪᠥᠭᠡᠳ ᠡᠵᠡᠩᠨᠡᠭᠴᠢᠳ ᠲᠦ᠍ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠬᠢᠵᠤ᠂ ᠲᠠᠷᠢᠶᠠᠯᠠᠩ ᠤ᠋ᠨ ᠬᠡᠷᠡᠭᠰᠡᠯ ᠤ᠋ᠨ ᠬᠠᠭᠤᠷᠮᠠᠭ ᠮᠠᠭᠤ ᠪᠠᠷᠠᠭ᠎ᠠ ᠲᠠᠸᠠᠷ ᠲᠦ᠍ ᠴᠣᠬᠢᠯᠲᠠ ᠥᠭᠬᠦ ᠪᠠ ᠬᠢᠨᠠᠨ ᠬᠠᠮᠢᠶᠠᠷᠬᠤ ᠠᠵᠢᠯ ᠢ᠋ ᠰᠠᠢᠲᠤᠷ ᠥᠷᠨᠢᠭᠦᠯᠵᠦ᠂ ᠬᠠᠪᠤᠷ ᠤ᠋ᠨ ᠤᠯᠠᠷᠢᠯ ᠤ᠋ᠨ ᠲᠠᠷᠢᠶᠠᠯᠠᠭ᠎ᠠ ᠵᠢᠨ ᠬᠠᠮᠢᠶᠠᠷᠤᠯᠲᠠ ᠪᠠ ᠬᠠᠪᠤᠷ ᠤ᠋ᠨ ᠲᠠᠷᠢᠶᠠᠯᠠᠭ᠎ᠠ ᠵᠢᠨ ᠪᠡᠯᠡᠳᠭᠡᠯ ᠠᠵᠢᠯ ᠢ᠋ ᠪᠠᠲᠤᠯᠠᠨ᠂ ᠵᠠᠬ᠎ᠠ ᠳᠡᠯᠭᠡᠭᠦᠷ ᠤ᠋ᠨ ᠡᠮᠬᠢ ᠵᠢᠷᠤᠮ ᠢ᠋ ᠬᠠᠮᠠᠭᠠᠯᠠᠵᠤ᠂ ᠬᠦᠬᠡᠬᠤᠳᠠ ᠵᠢᠨ ᠮᠠᠯ ᠠᠵᠤ ᠠᠬᠤᠢ ᠳᠠᠷᠢᠶᠠᠯᠠᠩ ᠤ᠋ᠨ ᠴᠢᠨᠠᠷ ᠰᠠᠢᠳᠠᠢ ᠬᠦᠭᠵᠢᠯᠳᠡ ᠳ᠋ᠤ ᠬᠦᠴᠦᠨ ᠨᠠᠮᠡᠷᠢᠯᠡᠵᠤ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面