2021-04-15 09:46:33
ᠬᠥᠯᠥᠨ ᠪᠣᠶᠢᠷ᠎ᠤᠨ ᠠᠲᠠᠷ ᠬᠠᠭᠠᠯᠪᠤᠷᠢᠯᠠᠯᠲᠠ᠎ᠶᠢᠨ ᠪᠦᠯᠦᠭᠯᠡᠯ ᠡᠨᠡ ᠵᠢᠯ 577.43 ᠲᠦᠮᠡᠨ ᠮᠥ ᠳᠠᠷᠢᠬᠤ᠎ᠪᠠᠷ ᠲᠥᠯᠥᠪᠯᠡᠵᠦ ᠪᠠᠶᠢᠨ᠎ᠠ᠂ ᠡᠭᠦᠨ᠎ᠳ᠋ᠤ ᠠᠮᠤ ᠲᠣᠰᠣᠨ᠎ᠤ ᠲᠠᠷᠢᠮᠠᠯ᠎ᠤᠨ ᠶᠡᠷᠦᠩᠬᠡᠶ ᠲᠠᠯᠠᠪᠠᠶ 525 ᠲᠦᠮᠡᠨ ᠮᠥ ᠪᠠᠶᠢᠵᠤ᠂ ᠶᠡᠷᠦᠩᠬᠡᠶ ᠳᠠᠷᠢᠬᠤ ᠲᠠᠯᠠᠪᠠᠶ᠎ᠶᠢᠨ 90%᠎ᠡᠴᠠ ᠳᠡᠭᠡᠭᠰᠢᠬᠢ᠎ᠶᠢ ᠡᠵᠡᠯᠡᠵᠦ᠂ ᠠᠳᠠᠯᠢ ᠬᠤᠭᠤᠴᠠᠭᠠᠨ᠎ᠤ᠎ᠬᠢ᠎ᠡᠴᠠ 2.9%᠎ᠪᠠᠷ ᠨᠡᠮᠡᠭᠳᠡᠬᠦ ᠪᠤᠯᠤᠨ᠎ᠠ᠃ ᠲᠠᠷᠢᠶᠡᠨ ᠦᠷ᠎ᠡ᠎ᠶᠢ ᠰᠢᠯᠭᠠᠨ ᠪᠠᠶᠢᠴᠠᠭᠠᠬᠤ᠂ ᠬᠥᠷᠥᠰᠥ᠎ᠶᠢ ᠰᠢᠨᠵᠢᠵᠦ ᠬᠢᠮᠢ᠎ᠶᠢᠨ ᠪᠤᠷᠳᠤᠭᠤᠷ ᠭᠡᠷᠡᠭᠯᠡᠬᠦ᠂ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ ᠁ ᠨᠢᠭᠡ ᠪᠦᠯᠦᠭ ᠲᠠᠷᠢᠶᠠᠯᠠᠩ᠎ᠤᠨ ᠰᠢᠨ᠎ᠡ ᠲᠦᠷᠦᠯ ᠵᠦᠢᠯ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠲᠤᠷᠰᠢᠯᠲᠠ᠎ᠶᠢᠨ ᠲᠠᠰᠤᠭ᠎ᠡᠴᠠ ᠲᠠᠷᠢᠶᠠᠨ ᠭᠠᠵᠠᠷ ᠲᠡᠶᠢᠰᠢ ᠰᠢᠯᠵᠢᠵᠦ᠂ ᠬᠠᠪᠤᠷ᠎ᠤᠨ ᠲᠠᠷᠢᠶᠠᠯᠠᠭ᠎ᠠ᠎ᠶᠢᠨ ᠦᠢᠯᠡᠳᠪᠦᠷᠢᠯᠡᠯ᠎ᠢ ᠨᠡᠩ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠢ ᠪᠣᠯᠭᠠᠪᠠ᠃
ᠣᠶᠢᠷ᠎ᠠ᠎ᠶᠢᠨ ᠡᠳᠦᠷ᠎ᠤᠳ᠎ᠲᠤ᠂ ᠬᠥᠯᠥᠨ ᠪᠣᠶᠢᠷ᠎ᠤᠨ ᠠᠲᠠᠷ ᠬᠠᠭᠠᠯᠪᠤᠷᠢᠯᠠᠯᠲᠠ᠎ᠶᠢᠨ ᠪᠦᠯᠦᠭᠯᠡᠯ ᠲᠠᠷᠢᠶᠠᠯᠠᠬᠤ ᠴᠠᠭ᠎ᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨ ᠮᠡᠷᠭᠡᠵᠢᠯ᠎ᠤᠨ ᠰᠢᠨ᠎ᠡ᠎ᠶᠢ ᠡᠭᠦᠳᠬᠦ᠎ᠶᠢᠨ ᠬᠥᠲᠥᠯᠥᠨ ᠳᠠᠭᠠᠭᠤᠯᠬᠤ ᠦᠢᠯᠡᠳᠦᠯ᠎ᠢ ᠴᠢᠩᠭᠠᠳᠬᠠᠵᠤ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠵᠤ ᠪᠠᠶᠢᠨ᠎ᠠ᠃
ᠬᠥᠯᠥᠨ ᠪᠣᠶᠢᠷ᠎ᠤᠨ ᠠᠲᠠᠷ ᠬᠠᠭᠠᠯᠪᠤᠷᠢᠯᠠᠯᠲᠠ᠎ᠶᠢᠨ ᠪᠦᠯᠦᠭᠯᠡᠯ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠦᠨᠡᠨ ᠬᠦ ᠪᠠᠲᠤᠯᠠᠬᠤ᠎ᠶᠢᠨ ᠲᠥᠯᠥᠭᠡ᠂ ᠨᠠᠮ᠎ᠤᠨ ᠲᠥᠪ ᠬᠣᠷᠢᠶᠠᠨ᠎ᠤ ︽ ᠠᠮᠤ ᠪᠤᠳᠠᠭᠠᠨ᠎ᠤ ᠬᠠᠩᠭᠠᠯᠭ᠎ᠠ᠎ᠶᠢ ᠪᠠᠲᠤᠯᠠᠬᠤ᠎ᠳ᠋ᠤ ᠭᠠᠵᠠᠷ ᠰᠢᠷᠣᠢ᠎ᠶᠢ ᠰᠠᠶᠢᠵᠢᠷᠠᠭᠤᠯᠬᠤ᠎ᠳ᠋ᠤ ᠲᠦᠰᠢᠭᠯᠡᠬᠦ᠂ ᠠᠮᠤ ᠪᠤᠳᠠᠭᠠᠨ᠎ᠤ ᠤᠨᠠᠯᠲᠠ᠎ᠶᠢ ᠨᠡᠮᠡᠭᠳᠡᠭᠦᠯᠬᠦ᠎ᠳ᠋ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠳ᠋ᠤ ᠲᠦᠰᠢᠭᠯᠡᠬᠦ︾ ᠪᠠᠶᠢᠯᠳᠤᠬᠤ ᠪᠤᠳᠤᠯᠭ᠎ᠠ᠎ᠶᠢᠨ ᠪᠠᠶᠢᠷᠢᠯᠠᠭᠤᠯᠤᠯᠲᠠ᠎ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠴᠢᠬᠢᠯᠠᠭᠦ ᠨᠤᠷᠮ᠎ᠠ ᠪᠠ ᠬᠦᠷᠤᠰᠤ ᠰᠢᠷᠣᠢ᠎ᠶᠢ ᠬᠡᠮᠵᠢᠬᠦ ᠨᠠᠶᠢᠷᠠᠯᠭ᠎ᠠ᠎ᠶᠢᠨ ᠲᠤᠷᠰᠢᠯᠲᠠ᠎ᠶᠢ ᠥᠷᠭᠡᠨ ᠥᠷᠨᠢᠭᠦᠯᠵᠦ᠂ ᠲᠠᠷᠢᠶᠡᠨ ᠦᠷ᠎ᠡ᠂ ᠬᠢᠮᠢ᠎ᠶᠢᠨ ᠪᠤᠷᠳᠤᠭᠤᠷ ᠬᠡᠷᠡᠭᠯᠡᠬᠦ ᠬᠡᠮᠵᠢᠶ᠎ᠡ᠎ᠶᠢ ᠵᠣᠬᠢᠰᠲᠠᠢ ᠨᠢᠭᠡᠳᠦᠯᠲᠡᠢ ᠲᠥᠯᠥᠪᠯᠡᠵᠦ᠂ 5000 ᠲᠣᠨ ᠲᠠᠷᠢᠶᠠᠨ ᠡᠮ᠂ 7 ᠲᠦᠮᠡᠨ ᠲᠣᠨ ᠬᠢᠮᠢ᠎ᠶᠢᠨ ᠪᠤᠷᠳᠤᠭᠤᠷ᠂ 900 ᠲᠦᠮᠡᠨ ᠵᠢᠩ ᠲᠠᠷᠢᠶᠡᠨ ᠦᠷ᠎ᠡ ᠬᠤᠳᠠᠯᠳᠤᠨ ᠠᠪᠴᠠᠢ᠃
ᠬᠥᠯᠥᠨ ᠪᠤᠢᠷ᠎ᠤᠨ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶᠢᠨ ᠪᠦᠯᠦᠭᠯᠡᠯ ᠠᠮᠤ ᠪᠤᠳᠠᠭᠠᠨ᠎ᠤ ᠠᠮᠤᠷ ᠲᠦᠪᠰᠢᠨ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠪᠦᠲᠦᠮᠵᠢᠲᠡᠢ ᠬᠠᠩᠭᠠᠯᠭ᠎ᠠ᠎ᠶᠢ ᠪᠠᠲᠤᠯᠠᠵᠤ᠂ ᠭᠣᠣᠯᠯᠠᠬᠴᠢ ᠠᠵᠤ ᠦᠢᠯᠡᠰ᠎ᠢ ᠨᠠᠷᠢᠯᠢᠭᠵᠢᠭᠤᠯᠤᠨ ᠬᠦᠴᠦᠷᠬᠡᠭᠵᠢᠭᠦᠯᠵᠦ᠂ ᠠᠮᠤ ᠪᠤᠳᠠᠭ᠎ᠠ ᠠᠵᠤ ᠠᠬᠤᠢ᠎ᠶᠢᠨ ᠲᠠᠷᠢᠮᠠᠯ ᠪᠣᠷᠳᠣᠭ᠎ᠠ ᠣᠨᠴᠠ ᠲᠠᠷᠢᠮᠡᠯᠢ ᠵᠣᠬᠢᠴᠠᠩᠭᠤᠢ ᠬᠥᠭᠵᠢᠬᠦᠯᠬᠦ ᠲᠠᠷᠢᠮᠠᠯ᠎ᠤᠨ ᠪᠦᠲᠦᠴᠡ᠎ᠶᠢ ᠪᠠᠶᠢᠭᠤᠯᠵᠤ᠂ ᠠᠮᠤ ᠲᠤᠰᠤᠨ᠎ᠤ ᠲᠠᠷᠢᠮᠠᠯ᠎ᠤᠨ ᠲᠠᠯᠠᠪᠠᠢ᠎ᠶᠢ ᠲᠣᠭᠲᠠᠪᠤᠷᠢᠵᠢᠭᠤᠯᠵᠤ᠂ ᠴᠢᠨᠠᠷ ᠰᠠᠶᠢᠲᠠᠢ ᠪᠣᠷᠣᠯᠠᠭᠤᠯᠭ᠎ᠠ ᠰᠠᠶᠢᠲᠠᠢ ᠥᠨᠳᠥᠷ ᠨᠠᠷᠢᠯᠢᠭ ᠣᠨᠴᠠ ᠠᠵᠤ ᠠᠬᠤᠢ᠎ᠶᠢᠨ ᠲᠠᠷᠢᠮᠠᠯ᠎ᠢ ᠪᠣᠶᠢᠵᠢᠭᠤᠯᠤᠨ ᠦᠢᠯᠡᠳᠪᠦᠷᠢᠯᠡᠵᠦ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ᠎ᠲᠠᠢ ᠠᠰᠢᠭ ᠲᠤᠰᠠ᠎ᠶᠢᠨ ᠬᠣᠯᠪᠣᠭ᠎ᠠ᠎ᠶᠢᠨ ᠲᠣᠭᠲᠠᠴᠠ ᠪᠠᠶᠢᠭᠤᠯᠵᠤ᠂ ᠠᠶᠤᠯ ᠲᠦᠭᠰᠢᠭᠦᠷᠢ᠎ᠶᠢ ᠡᠰᠡᠷᠭᠦᠴᠡᠬᠦ ᠴᠢᠳᠠᠪᠤᠷᠢ᠎ᠶᠢ ᠴᠢᠩᠭᠠᠤᠡᠬᠠᠪᠠ᠃
ᠴᠢᠨᠠᠷ ᠰᠠᠶᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠰᠢᠨ᠎ᠡ ᠮᠡᠷᠭᠡᠵᠢᠯ᠎ᠤᠨ ᠵᠠᠭᠪᠤᠷ᠎ᠢ ᠲᠠᠰᠤᠷᠠᠯᠲᠠ ᠥᠬᠡᠶ ᠳ᠋ᠦᠩᠨᠡᠨ ᠬᠤᠷᠠᠮᠳᠤᠭᠤᠯᠵᠤ ᠂ ᠣᠷᠣᠨ ᠲᠤᠭᠤᠷᠢᠭ ᠂ ᠡᠬᠢ ᠪᠠᠶᠠᠯᠢᠭ ᠂ ᠲᠣᠨᠣᠭ ᠲᠥᠬᠥᠭᠡᠷᠦᠮᠵᠢ ᠪᠠ ᠮᠡᠷᠭᠡᠵᠢᠯ᠎ᠤᠨ ᠳᠠᠪᠠᠭᠤᠯᠢᠭ᠎ᠢ ᠭᠦᠢᠴᠡᠳ ᠠᠭᠤᠳᠠᠯᠤᠨ ᠂ ᠰᠠᠶᠢᠨ ᠡᠭᠦᠯᠳᠡᠷ ᠰᠠᠶᠢᠨ ᠲᠠᠷᠢᠶ᠎ᠠ ᠰᠠᠶᠢᠨ ᠠᠷᠭ᠎ᠠ᠎ᠶᠢ ᠲᠥᠬᠥᠷᠵᠢᠭᠦᠯᠤᠨ ᠂ ᠲᠠᠷᠢᠶᠠᠯᠠᠩ᠎ᠤᠨ ᠮᠠᠰᠢᠨ ᠮᠸᠬᠠᠨᠢᠭ ᠲᠠᠷᠢᠶᠠᠯᠠᠩ᠎ᠤᠨ ᠮᠡᠷᠭᠡᠵᠢᠯ᠎ᠢ ᠠᠭᠤᠰᠤᠯᠴᠠᠭᠤᠯᠤᠡᠡᠰᠡᠨ ᠪᠣᠬᠢᠷᠲᠤᠯ ᠥᠬᠡᠶ ᠴᠢᠨᠠᠷ ᠰᠠᠶᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠮᠡᠷᠭᠡᠵᠢᠯ᠎ᠤᠨ ᠵᠠᠭᠪᠤᠷ᠎ᠢ ᠭᠤᠤᠯᠳᠠᠯᠭ᠎ᠠ᠎ᠲᠠᠢ ᠬᠤᠷᠠᠮᠳᠤᠭᠤᠯᠵᠤ ᠂ ᠰᠢᠨᠵᠢᠯᠡᠬᠦ ᠤᠬᠠᠭᠠᠨᠴᠢ᠎ᠪᠠᠷ ᠡᠮ ᠬᠡᠷᠡᠭᠯᠡᠬᠦ ᠪᠣᠷᠲᠣᠭᠣᠷ ᠬᠡᠷᠡᠭᠯᠡᠬᠦ᠎ᠶᠢ ᠠᠬᠢᠭᠤᠯᠤᠨ ᠂ ᠲᠠᠷᠢᠶᠠᠯᠠᠩ᠎ᠤᠨ ᠰᠢᠨ᠎ᠡ ᠮᠡᠷᠭᠡᠵᠢᠯ᠎ᠢ ᠰᠤᠳᠤᠯᠤᠨ ᠨᠡᠭᠡᠭᠡᠵᠦ ᠰᠢᠨ᠎ᠡ᠎ᠶᠢ ᠡᠭᠦᠳᠬᠦ ᠪᠠ ᠳᠡᠯᠭᠡᠷᠡᠭᠦᠯᠦᠨ ᠬᠡᠷᠡᠭᠯᠡᠬᠦ᠎ᠶᠢ ᠴᠢᠩᠭᠠᠳᠬᠠᠵᠤ ᠪᠠᠢᠨ᠎ᠠ ᠃ ᠦᠷ᠎ᠡ ᠰᠠᠴᠤᠬᠤ ᠮᠠᠰᠢᠨ ᠂ ᠲᠷᠠᠺᠲ᠋ᠤᠷ ᠂ ᠪᠤᠭᠤᠳᠠᠶ᠎ᠶᠢᠨ ᠲᠠᠷᠢᠮᠠᠯ᠎ᠤᠨ ᠮᠠᠰᠢᠨ ᠵᠡᠷᠭᠡ ᠬᠠᠪᠤᠷ᠎ᠤᠨ ᠲᠠᠷᠢᠶᠠᠯᠠᠭ᠎ᠠ᠎ᠳ᠋ᠤ ᠣᠷᠣᠭᠤᠯᠬᠤ᠎ᠪᠠᠷ ᠪᠠᠶᠢᠭ᠎ᠠ ᠡᠯ᠎ᠡ ᠲᠥᠷᠥᠯ᠎ᠤᠨ ᠲᠠᠷᠢᠶᠠᠯᠠᠩ᠎ᠤᠨ ᠮᠠᠰᠢᠨ ᠪᠠᠭᠠᠵᠢ᠎ᠶᠢ ᠪᠠᠶᠢᠴᠠᠭᠠᠨ ᠵᠠᠰᠠᠵᠤ ᠰᠡᠯᠪᠢᠨ ᠂ ᠬᠠᠪᠤᠷ᠎ᠤᠨ ᠲᠠᠷᠢᠶᠠᠯᠠᠭ᠎ᠠ᠎ᠶᠢᠨ ᠤᠷᠤᠭᠰᠢᠲᠠᠢ ᠶᠠᠪᠤᠭᠳᠠᠬᠤ᠎ᠶᠢ ᠦᠨᠡᠨ ᠬᠦ ᠪᠠᠲᠤᠯᠡᠵᠤ ᠪᠠᠢᠨ᠎ᠠ ᠃
ᠠᠶᠤᠯᠬᠦᠢ ᠦᠢᠯᠡᠳᠪᠦᠷᠢᠯᠡᠯ᠎ᠤᠨ ᠠᠵᠢᠯ᠎ᠢ ᠪᠠᠶᠢᠴᠠᠭᠠᠬᠤ ᠪᠠ ᠱᠠᠯᠠᠪᠳᠠᠭᠤᠯᠤᠨ ᠵᠢᠯᠣᠭᠣᠳᠴᠤ ᠰᠤᠭᠤᠴᠢᠨ ᠪᠠᠶᠢᠴᠠᠭᠠᠬᠤ᠎ᠶᠢ ᠥᠷᠨᠢᠭᠦᠯᠵᠦ ᠂ ᠲᠣᠭᠲᠠᠭᠠᠯ᠎ᠡᠴᠠ ᠵᠥᠷᠢᠴᠡᠭᠰᠡᠨ ᠂ ᠳᠦᠷᠢᠮ᠎ᠡᠴᠠ ᠵᠥᠷᠢᠴᠡᠨ ᠠᠵᠢᠯᠯᠠᠵᠤ ᠪᠠᠶᠢᠭ᠎ᠠ ᠦᠵᠡᠭᠳᠡᠯ᠎ᠢ ᠭᠣᠣᠯᠳᠠᠯᠭ᠎ᠠ᠎ᠲᠠᠢ ᠱᠠᠯᠠᠪᠳᠠᠭᠤᠯᠤᠨ ᠪᠠᠶᠢᠴᠠᠭᠠᠵᠤ ᠂ ᠭᠡᠮ ᠰᠤᠭᠤᠭ᠎ᠢ ᠠᠷᠢᠯᠭᠠᠨ ᠂ ᠬᠠᠪᠤᠷ᠎ᠤᠨ ᠲᠠᠷᠢᠶᠠᠯᠠᠭ᠎ᠠ᠎ᠶᠢᠨ ᠦᠢᠯᠡᠳᠪᠦᠷᠢᠯᠡᠯ᠎ᠤᠨ ᠤᠷᠤᠭᠰᠢᠲᠠᠶ ᠶᠠᠪᠤᠭᠳᠠᠬᠤ᠎ᠶᠢ ᠪᠠᠲᠤᠯᠠᠵᠤ ᠪᠠᠢᠨ᠎ᠠ ᠃ ᠡᠪᠦᠯ᠎ᠤᠨ ᠰᠡᠯᠡᠭᠦᠦ ᠴᠠᠭ᠎ᠢ ᠠᠰᠢᠭᠯᠠᠨ ᠂ ᠣᠯᠠᠨ ᠵᠦᠢᠯ᠎ᠤᠨ ᠮᠡᠷᠭᠡᠵᠢᠯ᠎ᠤᠨ ᠪᠣᠯᠪᠠᠰᠤᠷᠡᠯ ᠥᠷᠨᠢᠭᠦᠯᠵᠦ ᠂ ᠡᠯ᠎ᠡ ᠲᠥᠷᠥᠯ᠎ᠤᠨ ᠲᠤᠬᠠᠶᠢᠯᠠᠭᠰᠠᠨ ᠠᠵᠢᠯ᠎ᠤᠨ ᠪᠣᠯᠪᠠᠰᠤᠷᠡᠯ᠎ᠤᠨ ᠠᠩᠭᠢ᠎ᠶᠢ ᠨᠡᠶᠢᠲᠡ 12 ᠬᠤᠭᠤᠴᠠᠭ᠎ᠠ ᠵᠣᠬᠢᠶᠠᠨ ᠪᠠᠶᠢᠭᠤᠯᠵᠤ ᠂ 2300 ᠬᠥᠮᠦᠨ ᠤᠳᠠᠭ᠎ᠠ ᠪᠣᠯᠪᠠᠰᠤᠷᠠᠭᠤᠯᠪᠠ ᠃
ᠡᠨᠠ ᠵᠢᠯ ᠂ ᠬᠥᠯᠥᠨ ᠪᠤᠢᠷ᠎ᠤᠨ ᠠᠲᠠᠷ ᠬᠠᠭᠠᠯᠪᠤᠷᠢᠯᠠᠯᠲᠠ᠎ᠶᠢᠨ ᠪᠦᠯᠦᠭᠯᠡᠯ ᠪᠠᠰᠠ ᠤᠰᠤᠨ ᠠᠰᠢᠬᠯᠠᠯᠲᠠ᠎ᠶᠢᠨ ᠰᠠᠭᠤᠷᠢ ᠲᠥᠬᠥᠭᠡᠷᠦᠮᠵᠢ᠎ᠶᠢᠨ ᠪᠦᠲᠦᠭᠡᠨ ᠪᠠᠶᠢᠭᠤᠯᠤᠯᠲᠠ᠎ᠶᠢ ᠭᠦᠨᠵᠡᠭᠡᠢ ᠠᠬᠢᠭᠤᠯᠵᠤ ᠂ ᠪᠦᠲᠦᠮᠵᠢᠲᠡᠢ ᠤᠰᠤᠯᠠᠯᠲᠠ᠎ᠶᠢᠨ ᠲᠠᠯᠠᠪᠠᠢ᠎ᠶᠢ 100 ᠲᠦᠮᠡᠨ ᠮᠦ ᠪᠡᠶᠡᠯᠡᠭᠦᠯᠬᠦ᠎ᠪᠠᠷ ᠴᠢᠷᠮᠠᠶᠢᠵᠤ ᠪᠤᠢ ︔ ᠪᠦᠯᠦᠭᠯᠡᠯ᠎ᠤᠨ ᠲᠠᠷᠢᠶᠠᠯᠠᠩ᠎ᠤᠨ ᠴᠠᠭ ᠠᠭᠤᠷ᠎ᠤᠨ ᠦᠢᠯᠡᠴᠢᠯᠡᠭᠡᠨ᠎ᠤ ᠪᠠᠲᠤᠯᠠᠭ᠎ᠠ᠎ᠶᠢᠨ ᠰᠢᠰᠲ᠋ᠧᠮ᠎ᠤᠨ ᠪᠠᠶᠢᠭᠤᠯᠤᠯᠲᠠ᠎ᠶᠢ ᠠᠬᠢᠭᠤᠯᠵᠤ ᠂ ᠭᠠᠮᠰᠢᠭ᠎ᠢ ᠰᠡᠷᠭᠡᠶᠢᠯᠡᠵᠦ ᠭᠠᠮᠰᠢᠭ᠎ᠢ ᠪᠠᠭᠠᠰᠬᠠᠬᠤ ᠴᠢᠳᠠᠪᠤᠷᠢ᠎ᠶᠢ ᠳᠡᠭᠡᠭᠰᠢᠯᠡᠭᠦᠯᠬᠦ ᠪᠤᠯᠤᠨ᠎ᠠ ︔ ᠬᠠᠮᠠᠭᠠᠯᠠᠯᠲᠠ᠎ᠶᠢᠨ ᠴᠢᠨᠠᠷᠲᠠᠢ ᠲᠠᠷᠢᠶᠠᠯᠠᠬᠤ ᠮᠡᠷᠭᠡᠵᠢᠯ᠎ᠢ ᠳᠡᠯᠭᠡᠷᠡᠭᠦᠯᠬᠦ ᠡᠷᠴᠢᠮ᠎ᠢᠶᠡᠨ ᠦᠷᠭᠦᠯᠵᠢᠯᠡᠨ ᠴᠢᠩᠭᠠᠳᠬᠠᠵᠤ ᠂ ᠰᠠᠯᠬᠢᠨ᠎ᠤ ᠭᠠᠮᠰᠢᠭ ᠪᠠ ᠭᠠᠩ ᠬᠠᠭᠰᠠᠷᠠᠭᠠᠨ᠎ᠤ ᠰᠦᠷᠳᠡᠭᠦᠯᠦᠯ᠎ᠢ ᠪᠦᠲᠦᠮᠵᠢᠲᠡᠢ ᠠᠷᠭᠠᠴᠠᠭᠠᠨ ᠂ ᠲᠠᠷᠢᠮᠠᠯ᠎ᠤᠨ ᠪᠦᠲᠦᠴᠡ ᠪᠠ ᠡᠭᠦᠯᠳᠡᠷ᠎ᠤᠨ ᠪᠦᠲᠦᠴᠡ᠎ᠶᠢ ᠰᠢᠨᠵᠢᠯᠡᠬᠦ ᠤᠬᠠᠭᠠᠨᠴᠢ᠎ᠪᠠᠷ ᠵᠦᠶ ᠵᠣᠬᠢᠰᠲᠠᠶ ᠲᠣᠬᠢᠷᠠᠭᠤᠯᠵᠤ ᠂ ᠲᠠᠷᠢᠮᠠᠯ᠎ᠤᠨ ᠡᠭᠡᠯᠵᠢᠯᠡᠨ ᠳᠠᠷᠢᠬᠤ᠎ᠶᠢ ᠰᠠᠶᠢᠲᠤᠷ ᠬᠢᠵᠦ ᠂ ᠤᠨᠠᠯᠲᠠ᠎ᠶᠢ ᠲᠣᠭᠲᠠᠪᠤᠷᠢᠵᠢᠭᠤᠯᠤᠨ ᠨᠡᠮᠡᠭᠳᠡᠭᠦᠯᠬᠦ᠎ᠶᠢ ᠦᠨᠡᠨ ᠬᠦ ᠪᠠᠲᠤᠯᠠᠵᠤ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠼᠠᠢ ᠬᠤᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃