2022-04-18 10:19:15
ᠣᠷᠢᠬᠠᠨ ᠬᠠᠪᠤᠷᠡᠬᠡ ᠲᠡᠯᠡᠬᠡᠢᠳ᠋ᠥ᠍ ᠰᠠᠭᠠᠳᠠᠬᠣᠶᠠ᠂ ᠮᠠᠨ᠎ᠦ ᠣᠯᠣᠰ᠎ᠦᠨ《ᠲᠠᠸᠠᠷ᠎ᠦᠨ ᠠᠮᠣ ᠪᠣᠳᠠᠭᠠᠨᠦ ᠰᠠᠭᠣᠷᠢᠨ》ᠬᠡᠮᠡᠭ᠌ᠳᠡᠭ᠌ᠰᠡᠨ ᠲᠠᠯᠠᠳ ᠬᠣᠱᠢᠭᠤᠨᠦ ᠭᠠᠵᠠᠷ ᠪᠣᠯᠭᠠᠨᠳ᠋ᠥ᠍ ᠬᠠᠪᠤᠷ᠎ᠤᠨ ᠲᠠᠷᠢᠶᠠᠯᠠᠡᠭᠳ᠋ᠦ ᠶᠠᠭᠠᠷᠠᠯᠳᠤᠨ᠎ᠠ᠃ ᠰᠣᠷᠪᠣᠯᠵᠢᠯᠠᠬ᠍ᠴᠢ᠂ ᠳᠣᠰ ᠬᠣᠱᠢᠭᠤᠨ᠎ᠤ ᠪᠠᠢ ᠨᠢᠢ ᠵᠢᠩ ᠪᠠᠯᠭᠠᠰᠤᠨᠦ ᠲᠠᠷᠢᠶᠠᠴᠢᠨ᠂ ᠲᠠᠷᠢᠮᠡᠯ᠎ᠤᠨ ᠲᠤᠮᠤ ᠡᠷᠦᠬᠡ ᠸᠠᠩ ᠡᠦ ᠮᠢᠩ᠎ᠦᠨ ᠬᠢᠨ ᠳ᠋ᠥ᠍ ᠬᠥᠷᠬᠥ᠌ ᠳ᠋ᠥ᠍᠂ ᠶᠠᠬ ᠲᠠᠷᠢᠶᠠᠨ ᠭᠠᠵᠠᠷ ᠲᠡᠬᠡᠷ᠎ᠠ ᠪᠠᠨ ᠬᠡᠳᠣᠨ ᠬᠥᠮᠥᠰ ᠲᠡᠢ ᠶᠠᠭᠣ ᠨᠢᠬᠡ᠎ᠶ᠋ᠢ ᠶᠠᠷᠢᠯᠴᠠᠵᠣ ᠮᠠᠰᠢ ᠶᠠᠭᠠᠷᠠᠤ ᠪᠠᠢᠯ᠎ᠠ᠃ 《ᠡᠨᠡ ᠵᠢᠯ ᠪᠢ 1000 ᠮᠤ᠌ ᠵᠢᠨ ᠲᠠᠷᠢᠶᠠᠨ ᠭᠠᠵᠠᠷᠲᠦ᠋ᠷᠢᠶᠡᠰᠦᠯᠡᠨ ᠠᠪᠴᠤ ᠶᠠᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠪᠠᠨ ᠥᠷᠬᠡᠳᠭᠡᠵᠣ ᠡᠷᠳᠡᠨᠢ ᠱᠢᠰᠢ ᠳᠠᠷᠢᠬᠤ ᠲᠠᠯᠠᠪᠠᠢ ᠪᠠᠨ ᠨᠡᠮᠡᠭᠳᠡᠬᠦᠯᠬᠦ᠌ᠪᠡᠷ ᠪᠠᠢᠨ᠎ᠠ》 ᠬᠡᠵᠣ ᠸᠠᠩ ᠡᠣ ᠮᠢᠩ ᠡᠨᠡ ᠬᠠᠪᠣᠷ᠎ᠦᠨ ᠲᠠᠷᠢᠶᠠᠯᠠᠡᠭ᠎ᠤᠨ ᠱᠢᠨ᠎ᠠ ᠲᠦᠯᠦᠪᠯᠡᠬᠡ ᠪᠠᠨ ᠶᠠᠷᠢᠵᠤ ᠪᠠᠢᠯ᠎ᠠ᠃
ᠸᠠᠩ ᠡᠦ ᠮᠢᠩ ᠪᠣᠯ ᠪᠠᠶ ᠨᠶ᠋ᠢ ᠵᠢᠩ ᠪᠠᠯᠭᠠᠰᠤᠨ᠎ᠤ ᠬᠠᠢ᠌ᠯᠠᠰᠣ ᠲᠣᠰᠭᠣᠨᠳ᠋ᠥ᠍ ᠳᠥᠷᠥᠵᠣ ᠥᠰᠥᠭ᠌ᠰᠡᠨ ᠲᠠᠷᠢᠶᠠᠴᠢᠨ᠃ ᠲᠡᠷᠡ ᠪᠡᠷ᠄ 《ᠪᠢ ᠳᠡᠭᠡᠷ᠎ᠡ ᠵᠠᠭᠤᠨ᠎ᠤ ᠶᠡᠷᠡᠭᠡᠳ ᠣᠨᠡᠴᠨ ᠡᠬᠢᠯᠡᠨ ᠡᠷᠳᠡᠨᠢ ᠱᠢᠰᠢ ᠲᠠᠷᠢᠵᠠᠢ᠂ ᠲᠡᠷᠡ ᠦᠶ᠎ᠡ ᠳ᠋ᠤ ᠮᠠᠰᠢᠨ ᠮᠧᠬᠠᠨᠢᠭ ᠬᠡᠵᠤ ᠪᠠᠢᠬᠤ ᠦᠬᠡᠢ᠂ ᠮᠤᠷᠢ ᠦᠬᠡᠷᠢᠶᠡᠷᠢᠶᠡᠨ ᠲᠠᠷᠢᠶᠠᠯᠠᠵᠤ᠂ ᠲᠩᠷᠢ᠎ᠶ᠋ᠢᠨ ᠴᠢᠷᠠᠢ᠎ᠶ᠋ᠢ ᠬᠠᠷᠠᠵᠤ ᠪᠤᠳᠠᠭ᠎ᠠ ᠢᠳᠡᠵᠣ ᠪᠠᠢ᠌ᠬ᠍ᠰᠠᠨ ᠴᠠᠭ; ᠬᠣᠵᠢᠮ ᠨᠢ ᠤᠯᠤᠰ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠥᠭᠡᠷᠡᠴᠢᠯᠡᠯᠲᠡ᠎ᠶ᠋ᠢᠨ ᠲᠦᠷᠦᠯ ᠵᠦᠢᠯᠡᠴᠨ ᠠᠱᠢᠭ ᠬᠦᠷᠲᠡᠵᠦ᠍᠂ ᠭᠠᠵᠠᠷ ᠱᠢᠷᠣᠢ᠎ᠶ᠋ᠢ ᠲᠥᠪᠯᠡᠷᠡᠭᠦᠯᠦᠨ᠂ ᠤᠰᠤᠯᠠᠯᠲᠠ᠎ᠶ᠋ᠢᠨ ᠨᠥᠬᠥᠴᠡᠯ᠎ᠢ ᠰᠠᠢᠵᠢᠷᠠᠭᠣᠯᠵᠤ᠂ ᠶᠡᠬᠡ ᠬᠡᠮᠵᠢᠶᠡᠨ᠎ᠦ ᠭᠠᠵᠠᠷ ᠱᠢᠷᠣᠢ᠎ᠶ᠋ᠢ ᠳᠠᠭᠠᠭᠠᠴᠢᠯᠠᠵᠤ᠂ ᠠᠭᠠᠵᠢᠮ᠎ᠢᠶᠠᠷ ᠬᠡᠪᠴᠢᠶᠡᠵᠢᠭ᠌ᠰᠡᠨ ᠡᠵᠡᠩᠨᠡᠯᠲᠡ᠎ᠶ᠋ᠢᠨ ᠵᠠᠮ᠎ᠢᠶᠠᠷ ᠵᠠᠮᠨᠠᠪᠠ; ᠰᠡᠭᠦᠯᠡᠷ ᠨᠢ ᠪᠢ ᠲᠤᠰᠬᠠᠢ ᠬᠤᠷᠱᠢᠶ᠎ᠠ ᠪᠠᠢᠭᠤᠯᠵᠤ᠂ ᠨᠡᠢᠭᠡᠮᠴᠢᠯᠡᠭ᠌ᠰᠡᠨ ᠦᠢᠯᠡᠴᠢᠯᠡᠭᠡᠨ᠎ᠦ ᠵᠠᠭ᠍ᠪᠤᠷ᠎ᠢ ᠬᠠᠢᠨ ᠰᠦᠪᠡᠭ᠌ᠴᠢᠯᠡᠭᠰᠡᠨ ᠪᠦᠭᠡᠳ ᠲᠠᠷᠢᠶᠠᠯᠠᠩ᠎ᠤᠨ ᠮᠠᠱᠢᠨ᠎ᠤ ᠦᠢᠯᠡᠴᠢᠯᠡᠭᠡᠨ᠎ᠦ ᠠᠩᠬᠢ᠎ᠶ᠋ᠢ ᠪᠠᠢᠭᠤᠯᠵᠤ᠂ ᠲᠠᠷᠢᠶᠠᠯᠠᠩ᠎ᠤᠨ ᠮᠠᠱᠢᠨ᠎ᠤ ᠦᠢᠯᠡᠴᠢᠯᠡᠭᠡ᠎ᠶ᠋ᠢ ᠡᠬᠢᠯᠡᠨ ᠬᠢᠵᠤ ᠪᠠᠢ᠌ᠨ᠎ᠠ》ᠭᠡᠵᠦ᠍ ᠥᠩᠬᠡᠷᠡᠭ᠌ᠰᠡᠨ ᠪᠠ ᠡᠳᠣᠬᠡ ᠪᠡᠨ ᠡᠷᠬᠢᠴᠡᠬᠥᠯᠪᠡ᠃
ᠸᠠᠩ ᠡᠸ᠋ ᠮᠢᠩ ᠪᠣᠯ 30 ᠭᠠᠷᠤᠶ ᠵᠢᠯ ᠲᠠᠷᠢᠶ᠎ᠠ ᠳᠠᠷᠢᠬ᠍ᠰᠠᠨ ᠲᠠᠷᠢᠶᠠᠴᠢᠨ ᠪᠦᠭᠡᠳ ᠲᠠᠯᠠᠳ ᠬᠣᠱᠢᠭᠤᠨ᠎ᠤ ᠬᠠᠮᠤᠭ᠎ᠤᠨ ᠡᠷᠲᠡ ᠬᠡᠪᠴᠢᠶᠡᠵᠢᠭᠦᠯᠦᠨ ᠳᠠᠷᠢᠭ᠍ᠰᠠᠨ ᠬᠤᠪᠢ᠎ᠶ᠋ᠢᠨ ᠲᠠᠷᠢᠶᠠᠴᠢᠨ ᠪᠠᠢᠵᠤ᠂ ᠪᠥᠬᠥ᠌ ᠬᠣᠱᠢᠭᠤᠨ᠎ᠤ ᠤᠯᠠᠮᠵᠢᠯᠠᠯᠲᠤ ᠲᠠᠷᠢᠮᠠᠯ᠎ᠤᠨ ᠵᠠᠭ᠍ᠪᠤᠷ᠎ᠢ ᠣᠲᠣ ᠦᠶ᠎ᠡ᠎ᠶ᠋ᠢᠨ ᠲᠠᠷᠢᠶᠠᠯᠠᠩ ᠳᠠᠢᠰᠢ ᠬᠤᠪᠢᠷᠠᠭᠤᠯᠬᠤ᠎ᠶ᠋ᠢ ᠠᠬᠢᠭᠤᠯᠣᠬ᠍ᠰᠠᠨ ᠬᠣᠱᠢᠭᠤᠴᠢ ᠪᠣᠯᠬᠣ ᠶᠣᠮ᠃ ᠠᠩᠬ᠎ᠠ 100 ᠭᠠᠷᠤᠶ ᠮᠥ᠍ ᠤᠰᠤᠨ ᠲᠠᠷᠢᠶ᠎ᠠ᠎ᠶ᠋ᠢ ᠳᠠᠭᠠᠭᠠᠴᠢᠯᠠᠬᠤ᠎ᠳᠠᠭᠠᠨ《ᠭᠠᠭ᠍ᠴᠠᠭᠠᠷ᠎ᠢᠶᠠᠨ ᠲᠡᠮᠡᠴᠡᠵᠦ᠍》 ᠪᠠᠢᠭ᠍ᠰᠠᠨᠡᠴᠨ ᠣᠲᠣ ᠪᠣᠯᠬᠤ᠎ᠳᠤ 《 ᠺᠣᠮᠫᠠᠨᠢ + ᠲᠤᠰᠬᠠᠢ ᠬᠣᠷᠱᠢᠶ᠎ᠠ + ᠲᠠᠷᠢᠶᠠᠴᠢᠨ ᠡᠷᠦᠬᠡ》 ᠶ᠋ᠢᠨ ᠵᠠᠭ᠍ᠪᠤᠷ᠎ᠢᠶᠠᠷ ᠳᠠᠮᠵᠢᠭᠤᠯᠤᠨ 5000 ᠭᠠᠷᠤᠶ ᠮᠥ᠍ ᠭᠠᠵᠠᠷ ᠱᠢᠷᠣᠶ᠎ᠶ᠋ᠢ ᠡᠷᠭᠢᠯᠲᠡ᠎ᠳᠦ ᠣᠷᠣᠭᠤᠯᠣᠬ᠍ᠰᠠᠨ ᠳᠣᠮᠣ ᠲᠠᠷᠢᠶᠠᠴᠢᠨ ᠡᠷᠣᠬᠡ ᠪᠣᠯᠣᠬ᠍ᠰᠠᠨ ᠪᠠᠢ᠌ᠨ᠎ᠠ᠃ ᠲᠡᠷᠡ ᠦᠢᠯᠡᠳᠦᠯᠭᠡ ᠵᠢᠨ ᠶᠠᠪᠤᠴᠠ᠎ᠳᠤ᠂ ᠡᠷᠳᠡᠨᠢ ᠱᠢᠰᠢ ᠳᠠᠷᠢᠬᠤ ᠣᠢᠯᠠᠭᠠᠭ᠍ᠳᠠᠬᠤᠨ ᠵᠢᠡᠨ ᠢᠳᠡᠭ ᠢᠳᠡᠭ᠎ᠢᠶᠡᠷ ᠬᠤᠪᠢᠷᠠᠭᠤᠯᠵᠤ᠂ ᠲᠤᠰᠬᠠᠢ ᠬᠣᠷᠱᠢᠶ᠎ᠠ ᠪᠠᠢ᠌ᠭᠣᠯᠵᠣ᠂ ᠲᠠᠷᠢᠶᠠᠴᠢᠳ᠎ᠢ ᠳᠠᠢ᠌ᠴᠢᠯᠠᠵᠤ᠂ ᠨᠢᠭᠡᠳᠦᠯᠲᠡᠶ᠎ᠪᠡᠷ ᠪᠦᠲᠦᠭᠡᠨ ᠪᠠᠢᠭᠤᠯᠬᠤ᠂ ᠨᠢᠭᠡᠳᠦᠯᠲᠡᠶ᠎ᠪᠡᠷ ᠬᠠᠮᠢᠶᠠᠷᠬᠤ᠂ ᠦᠢᠯᠡᠳᠪᠦᠷᠢᠯᠡᠯ᠎ᠦᠨ ᠮᠡᠷᠭᠡᠵᠢᠯ᠎ᠢ ᠨᠢᠭᠡᠳᠭᠡᠬᠦ᠂ ᠲᠦᠷᠦᠯ ᠲᠡᠮᠳᠡᠭ᠎ᠢ ᠨᠢᠭᠡᠳᠭᠡᠬᠦ᠂ ᠨᠢᠭᠡᠳᠦᠯᠲᠡᠶ᠎ᠪᠡᠷ ᠪᠣᠷᠣᠯᠠᠭᠤᠯᠬᠤ᠎ᠶ᠋ᠢ ᠪᠡᠶᠡᠯᠡᠭᠦᠯᠦᠭᠰᠡᠨ ᠪᠠᠢ᠌ᠨ᠎ᠠ᠃ ᠪᠠᠰᠠ ᠲᠤᠰᠬᠠᠢ ᠬᠤᠷᠱᠢᠶ᠎ᠠ᠎ᠳᠦ ᠪᠠᠨ ᠲᠷᠠᠺᠲ᠋ᠣᠷ᠂ ᠬᠠᠳᠤᠵᠤ ᠬᠤᠷᠢᠶᠠᠬᠤ ᠮᠠᠱᠢᠨ᠂ ᠠᠴᠢᠶᠠᠨ᠎ᠤ ᠮᠠᠱᠢᠨ ᠵᠡᠷᠭᠡ ᠶᠡᠬᠡ ᠪᠠᠭ᠎ᠠ 15 ᠮᠠᠱᠢᠨ ᠬᠤᠳᠠᠯᠳᠤᠨ ᠠᠪᠴᠤ᠌᠂ ᠨᠡᠢᠭᠡᠮᠴᠢᠯᠡᠭ᠌ᠰᠡᠨ ᠦᠢᠯᠡᠴᠢᠯᠡᠭᠡ ᠥᠷᠨᠢᠭᠦᠯᠵᠦ᠍᠂ ᠲᠠᠷᠢᠶᠠᠯᠠᠬᠤ ᠵᠢᠨ ᠪᠦᠬᠦ ᠶᠠᠪᠤᠴᠠ ᠵᠢ ᠮᠠᠰᠢᠨᠴᠢᠯᠠᠬᠰᠠᠨ ᠪᠠᠢᠨ᠎ᠠ᠃
2012 ᠣᠨ᠎ᠳᠤ᠂ ᠸᠠᠩ ᠡᠦ ᠮᠢᠩ ᠤᠯᠤᠰ᠎ᠤᠨ ᠬᠥᠳᠡᠭᠡ ᠠᠵᠤ ᠠᠬᠤᠢ ᠬᠦᠳᠡᠭᠡ ᠲᠤᠰᠬᠤᠨ᠎ᠤ ᠶᠠᠮᠤᠨ᠎ᠳᠤ《ᠪᠦᠬᠦ᠌ ᠤᠯᠤᠰ᠎ᠤᠨ ᠠᠮᠤ ᠪᠤᠳᠠᠭ᠎ᠠ ᠲᠠᠷᠢᠬᠤ ᠲᠤᠮᠤ ᠡᠷᠦᠬᠡ》 ᠪᠡᠷ ᠦᠨᠡᠯᠡᠭ᠌ᠳᠡᠪᠡ᠃ ᠤᠳᠤ᠂ ᠸᠠᠩ ᠡᠦ ᠮᠢᠩ ᠬᠡᠪᠴᠢᠶᠡᠵᠢᠭ᠌ᠰᠡᠨ ᠲᠡᠵᠢᠭᠡᠨ ᠦᠷᠡᠵᠢᠭᠦᠯᠬᠦ᠌ ᠦᠢᠯᠡᠰ᠎ᠢ ᠬᠥᠭ᠌ᠵᠢᠭᠦᠯᠵᠦ᠍᠂ ᠡᠷᠬᠢᠨ ᠲᠣᠭᠣᠷᠢᠨ᠎ᠤ 200 ᠭᠠᠷᠤᠢ ᠲᠠᠷᠢᠶᠠᠴᠢᠨ ᠡᠷᠦᠬᠡ᠎ᠶ᠋ᠢᠨ 400 ᠭᠠᠷᠤᠢ ᠬᠥᠮᠦᠨ᠎ᠢ ᠲᠠᠢ᠌ᠴᠢᠯᠠᠨ ᠣᠷᠣᠯᠭ᠎ᠠ᠎ᠶ᠋ᠢ ᠨᠢ ᠨᠡᠮᠡᠭ᠌ᠳᠡᠭᠦᠯᠦᠨ ᠪᠠᠶᠠᠵᠢᠭᠤᠯᠵᠠᠢ᠃ 2021 ᠣᠨ᠎ᠤ 6 ᠰᠠᠷ᠎ᠠ᠎ᠳᠤ᠂ ᠲᠡᠭᠦᠨ᠎ᠦ ᠡᠵᠡᠩᠨᠡᠵᠦ᠍ ᠪᠠᠢᠭ᠎ᠠ《ᠳᠠᠯᠠᠳ ᠬᠣᠱᠢᠭᠤᠨ᠎ᠤ ᠱᠢᠶᠠᠩ ᠹᠸᠩ ᠲᠠᠷᠢᠵᠦ᠍ ᠲᠡᠵᠢᠭᠡᠨ ᠦᠷᠡᠵᠢᠭᠦᠯᠬᠦ᠌ ᠲᠠᠷᠢᠶᠠᠴᠢᠨ᠎ᠤ ᠲᠤᠰᠭᠠᠢ ᠬᠤᠷᠱᠢᠶ᠎ᠠ》᠎ᠶ᠋ᠢ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ᠂ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ ᠵᠡᠷᠭᠡ ᠤᠯᠠᠨ ᠰᠠᠯᠠᠭ᠎ᠠ ᠮᠥᠴᠢᠷ᠎ᠡᠴᠡ ᠪᠦᠬᠦ᠌ ᠤᠯᠤᠰ᠎ᠤᠨ ᠲᠠᠷᠢᠶᠠᠴᠢᠳ᠎ᠤᠨ ᠬᠠᠮᠲᠤᠷᠠᠯᠴᠠᠭᠠᠨ᠎ᠤ ᠵᠢᠱ᠌ᠢᠢ᠎ᠡ ᠦᠵᠡᠭᠦᠯᠬᠦ᠌ ᠬᠤᠷᠱᠢᠶ᠎ᠠ᠎ᠪᠠᠷ ᠲᠠᠬᠢᠨ ᠦᠨᠡᠯᠡᠭ᠌ᠰᠡᠨ ᠪᠠᠢ᠌ᠨ᠎ᠠ᠃
ᠰᠣᠷᠪᠣᠯᠵᠢᠯᠠᠭ᠎ᠠ ᠥᠨᠳᠣᠷᠯᠡᠬᠥ᠌ ᠪᠡᠷ᠂《ᠬᠡᠪᠴᠢᠶᠡᠵᠢᠭᠦᠯᠬᠦ᠂ ᠠᠵᠤ ᠦᠢᠯᠡᠰᠵᠢᠭᠦᠯᠬᠦ᠌ ᠵᠠᠮ᠎ᠢᠶᠠᠷ ᠵᠠᠮᠨᠠᠪᠠᠯ᠂ ᠬᠥᠳᠡᠭᠡ ᠲᠣᠰᠭᠣᠨ᠎ᠤ ᠠᠵᠤ ᠦᠢᠯᠡᠰ᠎ᠦᠨ ᠬᠥᠭ᠌ᠵᠢᠯᠲᠡ ᠱᠢᠨ᠎ᠡ ᠠᠮᠢᠵᠢᠷᠠᠯ᠎ᠤᠨ ᠬᠦᠴᠦᠨ ᠪᠠ ᠠᠮᠢᠳᠤ ᠰᠣᠷᠭᠣᠭ ᠬᠦᠴᠦᠨ᠎ᠢ ᠤᠭ᠍ᠲᠤᠨ ᠠᠪᠴᠢᠷᠠᠬᠤ ᠪᠣᠯᠤᠨ᠎ᠠ》 ᠭᠡᠵᠦ᠍ ᠸᠠᠩ ᠡᠦ ᠮᠢᠩ ᠰᠣᠷᠪᠣᠯᠵᠢᠯᠠᠬ᠍ᠴᠢ ᠳ᠋ᠥ᠍ ᠬᠥᠨ ᠰᠡᠭᠡᠭᠡᠷᠡᠯᠲᠡᠢᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃