2023-02-22 10:17:46
ᠵᠢᠯ ᠤ᠋ᠨ ᠠᠵᠢᠯ ᠬᠠᠪᠤᠷ ᠲᠠᠭᠠᠨ ᠬᠡᠳᠡᠭ᠂ ᠬᠠᠪᠤᠷ ᠡᠷᠳᠡ ᠪᠡᠯᠡᠳᠬᠡᠬᠦ ᠦᠬᠡᠢ ᠪᠤᠯ ᠵᠢᠯ ᠤ᠋ᠨ ᠠᠵᠢᠯ ᠬᠤᠵᠢᠮᠳᠡᠨᠠ᠃ ᠬᠠᠲᠤᠨ ᠭᠤᠤᠯ᠎ᠤᠨ ᠬᠦᠪᠡᠬᠡᠨ᠎ᠳᠦ᠂ ᠣᠷᠳᠣᠰ ᠬᠣᠲᠠ᠎ᠶ᠋ᠢᠨ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ ᠶᠠᠭ ᠡᠮᠬᠢ ᠵᠢᠷᠤᠮ᠎ᠲᠠᠶ ᠠᠬᠢᠵᠤ᠂ ᠲᠠᠷᠢᠶᠠᠯᠠᠩ᠎ᠤᠨ ᠣᠳᠣᠬᠢᠴᠢᠯᠠᠯᠲᠠ ᠢᠳᠡ ᠬᠦᠴᠦᠳᠠᠢ ᠶᠠᠪᠤᠭᠳᠠᠵᠤ ᠪᠠᠢᠨ᠎ᠠ᠃

ᠠᠵᠢᠯᠴᠢᠨ ᠦᠭᠡᠷ᠎ᠤᠨ ᠫᠸᠩ ᠰᠠᠷᠠᠪᠴᠢ ᠪᠠᠷᠢᠬᠤ ᠪᠡᠷ ᠶᠠᠭᠠᠷᠠᠯᠳᠠᠢ ᠠᠵᠢᠯᠯᠠᠵᠦ ᠪᠠᠢᠭ᠎ᠠ ᠨᠢ᠃
ᠵᠠᠩ ᠵᠢᠶᠦ᠋ᠨ ᠶᠢᠩ ᠰᠡᠭᠦᠳᠡᠷᠯᠡᠪᠡ
ᠣᠢᠷ᠎ᠠ᠎ᠶ᠋ᠢᠨ ᠵᠢᠯ ᠡᠴᠡ ᠨᠠᠭᠠᠰᠢ᠂ ᠣᠷᠳᠣᠰ ᠬᠣᠲᠠ ᠠᠮᠤ ᠪᠤᠳᠠᠭᠠᠨ᠎ᠤ ᠤᠨᠠᠯᠲᠠ᠎ᠶ᠋ᠢ ᠲᠣᠭ᠍ᠲᠠᠪᠤᠷᠢᠵᠢᠭᠤᠯᠵᠤ ᠬᠠᠩᠭᠠᠯᠭ᠎ᠠ᠎ᠶ᠋ᠢ ᠪᠠᠲᠤᠯᠠᠬᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠱᠢᠨ᠎ᠡ ᠴᠠᠭ ᠦᠶ᠎ᠡ᠎ᠶ᠋ᠢᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠭᠤᠤᠯ ᠢᠨᠵᠧᠨᠧᠷᠢᠩ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠮᠠᠯ ᠠᠵᠤ ᠠᠬᠤᠶ ᠲᠠᠷᠢᠶᠠᠯᠠᠩ᠎ᠤᠨ ᠬᠦᠴᠦᠷᠬᠡᠭ ᠬᠣᠲᠠ᠎ᠶ᠋ᠢ ᠪᠦᠳᠦᠭᠡᠨ ᠪᠠᠢᠭᠤᠯᠬᠤ ᠪᠡᠷ ᠬᠦᠴᠦᠯᠡᠨ ᠴᠢᠷᠮᠠᠢᠵᠤ ᠪᠠᠢᠨ᠎ᠠ᠃
ᠠᠵᠤ ᠦᠶ᠋ᠯᠡᠰ ᠬᠥᠭ᠌ᠵᠢᠨ ᠮᠠᠨᠳᠤᠵᠤ ᠮᠠᠯ ᠠᠵᠤ ᠠᠬᠤᠶ᠎ᠲᠠᠷᠢᠶᠠᠯᠠᠩ ᠤ᠋ᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ
2022 ᠣᠨ᠎ᠳᠤ᠂ ᠣᠷᠳᠣᠰ ᠬᠣᠲᠠ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ᠎ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠤᠨ᠂ ᠨᠢᠭᠡᠳᠦᠭᠡᠷ ᠠᠵᠤ ᠦᠶ᠋ᠯᠡᠰ᠎ᠢ ᠳᠠᠬᠢᠨ ᠴᠤᠭᠴᠠᠯᠠᠬᠤ 3 ᠵᠢᠯ᠎ᠦᠨ ᠠᠵᠢᠯᠯᠠᠭ᠎ᠠ᠎ᠶ᠋ᠢ ᠡᠬᠢᠯᠡᠬᠦᠯᠪᠡ᠂ ᠲᠠᠷᠢᠶᠠᠯᠠᠩ ᠣᠶ ᠱᠢᠭᠤᠶ ᠮᠠᠯ ᠠᠵᠤ ᠠᠬᠤᠶ ᠵᠢᠭᠠᠰᠤᠨ ᠤ᠋ ᠠᠵᠤ ᠠᠬᠤᠶ᠎ᠶ᠋ᠢᠨ ᠦᠶ᠋ᠯᠡᠳᠬᠦᠨ᠎ᠦ ᠶᠡᠷᠦᠩᠬᠡᠶ ᠥᠷᠲᠡᠭ 311.2 ᠳ᠋ᠦᠩᠱᠢᠭᠤᠷ ᠲᠥᠭᠥᠷᠢᠭ᠎ᠲᠦ ᠬᠦᠷᠴᠦ᠍᠂ 6.8 % ᠪᠠᠷ ᠨᠡᠮᠡᠭ᠌ᠳᠡᠨ᠂ ᠪᠦᠬᠦ ᠤᠯᠤᠰ᠂ ᠪᠥᠬᠥ᠌ ᠣᠷᠣᠨ᠎ᠤ ᠳᠤᠮᠳᠠᠴᠢ ᠨᠡᠮᠡᠭ᠌ᠳᠡᠯ᠎ᠦᠨ ᠬᠤᠷᠳᠤᠴᠠ ᠡᠴᠡ ᠦᠨᠳᠤᠷ ᠪᠤᠯᠪᠠ; ᠮᠠᠯ ᠠᠵᠤ ᠠᠬᠤᠶ᠎ᠶ᠋ᠢᠨ ᠬᠤᠪᠢ᠎ᠶ᠋ᠢᠨ ᠵᠢᠩ 36.7% ᠪᠠᠢᠭ᠍ᠰᠠᠨ᠎ᠠᠴᠠ᠎ᠪᠠᠨ 40.4 % ᠪᠣᠯᠵᠣ ᠳᠡᠭᠡᠭ᠌ᠰᠢᠯᠡᠪᠡ; ᠮᠠᠯᠴᠢᠨ ᠲᠠᠷᠢᠶᠠᠴᠢᠨ ᠤ᠋ ᠬᠥᠮᠦᠨ ᠳᠤᠮᠳᠠᠴᠢ ᠵᠢᠨ ᠡᠵᠡᠮᠳᠡᠵᠦ᠍ ᠪᠣᠯᠬᠤ ᠣᠷᠣᠯᠭ᠎ᠠ 25234 ᠲᠥᠭᠥᠷᠢᠭ᠎ᠲᠦ ᠬᠦᠷᠴᠦ᠍᠂ ᠪᠦᠬᠦ᠌ ᠣᠷᠣᠨ᠎ᠤ ᠬᠣᠶᠠᠳᠤᠭᠠᠷ᠎ᠲᠤ ᠵᠢᠭᠰᠠᠭᠠᠭᠳᠠᠵᠤ᠂ 7% ᠪᠡᠷ ᠨᠡᠮᠡᠭ᠌ᠳᠡᠪᠡ᠃ ᠡᠬᠦᠨ ᠢ᠋ᠢᠡᠷ ᠦᠵᠡᠪᠡᠯ ᠂ ᠨᠢᠭᠡᠳᠦᠭᠡᠷ ᠠᠵᠤ ᠦᠢᠯᠡᠰ᠎ᠢ ᠳᠠᠬᠢᠨ ᠴᠤᠭᠴᠠᠯᠠᠬᠤ ᠠᠵᠢᠯ 《ᠦᠳᠲᠡᠷ ᠲᠦᠷᠭᠡᠨ ᠡᠬᠢᠯᠡᠯᠳᠡ》 ᠲᠠᠢ ᠪᠠᠢᠭ᠍ᠰᠠᠨ᠎ᠠᠴᠠ᠎ᠪᠠᠨ 《 ᠬᠡᠰᠡᠭ ᠲᠠᠯ᠎ᠠ ᠢ᠋ᠢ ᠲᠦᠪᠯᠡᠷᠡᠬᠦᠯᠬᠦ》᠂ 《ᠪᠦᠬᠦᠯᠢ ᠴᠣᠭ᠍ᠴᠠ᠎ᠶ᠋ᠢᠨ ᠪᠦᠷᠢᠯᠳᠦᠯ》 ᠲᠡᠢᠰᠢ ᠤᠷᠤᠭ᠍ᠰᠢᠯᠠᠵᠤ ᠪᠠᠢᠨ᠎ᠠ᠃
ᠮᠠᠯ ᠠᠵᠤ ᠠᠬᠤᠶ ᠲᠠᠷᠢᠶᠠᠯᠠᠨᠭ᠌ ᠤ᠋ᠨ ᠪᠠᠯᠠ ᠣᠷᠣᠭᠤᠯᠤᠯᠲᠠ᠎ᠶ᠋ᠢᠨ ᠨᠡᠮᠡᠭ᠌ᠳᠡᠯ᠎ᠢ ᠴᠢᠨᠭᠭᠠᠷᠠᠭᠤᠯᠪᠠ᠃ ᠣᠢᠷ᠎ᠠ᠎ᠶ᠋ᠢᠨ ᠬᠣᠶᠠᠷ ᠵᠢᠯ᠎ᠳᠦ ᠣᠷᠳᠣᠰ ᠬᠣᠲᠠ ᠵᠢᠨ ᠬᠢᠨ ᠶ᠋ᠢᠨ ᠹᠧᠩ ᠶᠤᠸᠠᠨ ᠴᠠᠭᠠᠨ ᠥᠳᠥᠲᠦ ᠲᠠᠬᠢᠶ᠎ᠠ᠂ ᠲᠠᠢᠵᠧᠤ ᠬᠣᠲᠠ᠎ᠶ᠋ᠢᠨ ᠯᠢᠦᠶ ᠸᠧ ᠴᠤᠸᠠᠨ ᠤᠶᠤᠨᠲᠤ ᠲᠠᠷᠢᠶᠠᠯᠠᠩ ᠵᠡᠷᠭᠡ ᠳ᠋ᠦᠩᠱᠢᠭᠤᠷ ᠲᠥᠭᠥᠷᠢᠭ᠎ᠡᠴᠡ ᠳᠡᠭᠡᠭ᠌ᠰᠢᠬᠢ ᠲᠥᠷᠥᠯ ᠵᠦᠶ᠋ᠯ᠎ᠢ 23 ᠣᠷᠣᠭᠤᠯᠤᠨ ᠠᠪᠴᠢᠷᠠᠵᠤ᠂ ᠶᠡᠷᠦᠩᠬᠡᠶ ᠪᠠᠯᠠ ᠣᠷᠣᠭᠤᠯᠤᠯᠲᠠ᠎ᠨᠢ 260 ᠳ᠋ᠦᠩᠱᠢᠭᠤᠷ ᠲᠥᠭᠥᠷᠢᠭ᠎ᠢ ᠳᠠᠪᠠᠵᠤ᠂ ᠠᠷᠠᠯᠵᠢᠶᠠᠴᠢᠨ ᠤᠷᠢᠵᠤ ᠪᠠᠯᠠ ᠮᠦᠡᠭᠬᠦ ᠤᠷᠤᠭᠤᠯᠤᠨ ᠠᠪᠴᠢᠷᠠᠬᠰᠠᠨ ᠬᠡᠮᠵᠢᠶ᠎ᠠ ᠨᠢ ᠣᠢᠷ᠎ᠠ᠎ᠶ᠋ᠢᠨ ᠵᠢᠯ᠎ᠦᠨ ᠲᠤᠷᠰᠢᠬᠢ ᠬᠠᠮᠤᠭ᠎ᠤᠨ ᠰᠠᠢᠨ ᠲᠦᠪᠱᠢᠨ᠎ᠳᠦ ᠬᠦᠷᠴᠦ᠍᠂ ᠮᠠᠯ ᠠᠵᠤ ᠠᠬᠤᠶ᠎ᠲᠠᠷᠢᠶᠠᠯᠠᠩ ᠤ᠋ᠨ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠳᠠᠢᠴᠢᠯᠠᠨ 50 ᠳ᠋ᠦᠩᠱᠢᠭᠤᠷ ᠭᠠᠷᠤᠢ ᠲᠥᠭᠥᠷᠢᠭ ᠤ᠋ᠨ ᠪᠡᠯᠡ ᠤᠷᠤᠭᠤᠯᠵᠡᠢ᠃
ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠥᠬᠥᠭᠡᠷᠦᠮᠵᠢ᠎ᠶ᠋ᠢ ᠪᠡᠬᠢᠵᠢᠭᠦᠯᠪᠡ᠃ ᠣᠷᠳᠣᠰ ᠬᠣᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 16.6 ᠲᠦᠮᠡᠨ ᠮᠥ᠍ ᠱᠢᠨ᠎ᠡ᠎ᠪᠡᠷ ᠪᠦᠳᠦᠭᠡᠨ ᠪᠠᠢᠭᠤᠯᠤᠭ᠍ᠰᠠᠨ ᠪᠤᠶᠤ ᠥᠭᠡᠷᠡᠴᠢᠯᠡᠨ ᠰᠠᠢᠵᠢᠷᠠᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠦᠶ᠋ᠲᠡᠨ᠎ᠢᠶᠡᠷ ᠬᠠᠳᠠᠭᠠᠯᠠᠵᠤ ᠱᠢᠨ᠎ᠡ ᠰᠣᠷᠭᠣᠭ ᠪᠠᠢᠯᠭᠠᠬᠤ ᠲᠥᠬᠥᠭᠡᠷᠦᠮᠵᠢ᠎ᠶ᠋ᠢ 35 ᠪᠠᠢᠭᠤᠯᠵᠤ᠂ ᠬᠥᠮᠥᠷᠭᠡᠯᠡᠨ ᠬᠠᠳᠠᠭᠠᠯᠠᠬᠤ ᠴᠢᠳᠠᠪᠤᠷᠢ᠎ᠶ᠋ᠢ ᠱᠢᠨ᠎ᠡ᠎ᠪᠡᠷ 1.2 ᠲᠦᠮᠡᠨ ᠲᠣᠨ ᠨᠡᠮᠡᠭ᠌ᠳᠡᠭᠦᠯᠪᠡ᠃ ᠲᠣᠮᠣ ᠬᠡᠯᠪᠡᠷᠢ᠎ᠶ᠋ᠢᠨ ᠲᠡᠵᠢᠭᠡᠨ ᠦᠷᠡᠵᠢᠭᠦᠯᠬᠦ᠌ ᠲᠠᠯᠠᠪᠠᠢ᠎ᠶ᠋ᠢ ᠱᠢᠨ᠎ᠡ᠎ᠪᠡᠷ 16 ᠪᠠᠢᠭᠤᠯᠵᠤ᠂ 969 ᠲᠡᠵᠢᠭᠡᠨ ᠦᠷᠡᠵᠢᠭᠦᠯᠬᠦ᠌ ᠲᠠᠯᠠᠪᠠᠢ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠨ ᠥᠭᠡᠷᠡᠴᠢᠯᠡᠵᠦ᠍᠂ 22 ᠳᠤᠮᠳᠠ ᠪᠠᠭ᠎ᠠ ᠮᠠᠯᠵᠢᠯ᠎ᠤᠨ ᠲᠠᠯᠠᠪᠠᠢ᠎ᠶ᠋ᠢ ᠥᠭᠡᠷᠡᠴᠢᠯᠡᠨ ᠪᠠᠢᠭᠤᠯᠪᠠ᠃
ᠲᠠᠨᠢᠬᠦᠨ ᠲᠠᠪᠠᠳᠠᠢ ᠣᠷᠣᠱᠢᠨ ᠰᠠᠭᠤᠷᠢᠰᠢᠯ ᠨᠢ ᠬᠠᠮᠲᠤ ᠪᠠᠷ ᠪᠠᠶᠠᠵᠢᠬᠤ ᠬᠦᠰᠡᠯ᠎ᠢ ᠲᠡᠷᠭᠡᠯᠰᠢᠬᠦᠯᠬᠦ ᠠᠬᠢᠴᠠ᠎ᠵᠢ ᠲᠦᠷᠭᠡᠳᠭᠡᠪᠡ
ᠳ᠋ᠦᠩᠱᠧᠩ᠎ᠦᠨ ᠣᠲᠣ ᠦᠶ᠎ᠡ᠎ᠶ᠋ᠢᠨ ᠥᠨᠳᠥᠷ ᠪᠦᠲᠦᠮᠵᠢᠲᠤ ᠲᠠᠷᠢᠶᠠᠯᠠᠩ᠎ᠤᠨ ᠠᠵᠤ ᠦᠶ᠋ᠯᠡᠰ᠎ᠦᠨ ᠬᠦᠷᠢᠶᠡᠯᠡᠩ᠎ᠳᠦ ᠬᠦᠷᠪᠠᠯ᠂ ᠠᠮᠢ ᠠᠬᠤᠶ᠎ᠶ᠋ᠢᠨ ᠲᠠᠷᠢᠶᠠᠯᠠᠩ᠎ᠤᠨ ᠬᠦᠯᠡᠮᠵᠢ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠠᠮᠢ ᠠᠬᠤᠶ᠂ ᠬᠤᠳᠠᠯᠳᠤᠨ ᠠᠪᠬᠤ᠂ ᠬᠥᠳᠡᠭᠡ ᠲᠣᠰᠭᠣᠨ᠎ᠤ ᠵᠢᠭᠤᠯᠴᠢᠯᠠᠯ᠎ᠢ ᠪᠡᠶᠡᠴᠢᠯᠡᠨ ᠣᠢᠯᠠᠭᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠤᠨᠴᠠᠯᠢᠬ᠍ᠳᠤ ᠠᠵᠤ ᠦᠶ᠋ᠯᠡᠰ᠎ᠦᠨ ᠵᠠᠭ᠍ᠪᠤᠷ ᠶᠠᠭ ᠡᠨᠳᠡ ᠪᠠᠢᠭᠤᠯᠤᠭᠳᠠᠭᠰᠠᠨ ᠪᠠᠢᠨ᠎ᠠ᠃
《ᠣᠲᠣ ᠶᠠᠭ ᠬᠦᠯᠡᠮᠵᠢ᠎ᠶ᠋ᠢᠨ ᠢᠳᠡᠱᠢᠨ ᠨᠣᠭᠣᠭ᠎ᠠ ᠬᠠᠩᠭᠠᠨ ᠪᠣᠷᠣᠯᠠᠭᠤᠯᠬᠤ ᠬᠥᠭ᠌ᠵᠢᠶᠡᠨᠲᠡᠶ ᠤᠯᠠᠷᠢᠯ ᠪᠤᠯᠵᠤ ᠪᠠᠢᠨ᠎ᠠ᠂ ᠡᠳᠦᠷ ᠪᠦᠷᠢ ᠭᠦᠵᠡᠯᠵᠡᠭᠡᠨ᠎ᠡ᠂ ᠲᠥᠪᠡᠳ ᠬᠠᠰᠢ᠂ ᠥᠷᠭᠡᠰᠦᠲᠦ ᠬᠡᠮᠬᠡ ᠵᠡᠷᠭᠡ ᠡᠯ᠎ᠡ ᠲᠥᠷᠥᠯ᠎ᠦᠨ ᠵᠢᠮᠢᠰ ᠢᠳᠡᠱᠢᠨ ᠨᠣᠭᠣᠭ᠎ᠠ᠎ᠶ᠋ᠢ ᠪᠠᠷᠤᠭ 8000 ᠵᠢᠩ ᠤᠷᠴᠢᠮ ᠬᠤᠷᠢᠶᠠᠵᠤ᠂ ᠭᠤᠤᠯᠳᠠᠭᠤ ᠬᠣᠲᠠ᠎ᠶ᠋ᠢᠨ ᠲᠣᠭᠣᠷᠢᠭ᠎ᠤᠨ ᠡᠯ᠎ᠡ ᠬᠤᠳᠠᠯᠳᠤᠭ᠎ᠠ ᠳᠡᠯᠭᠡᠭᠦᠷ᠂ ᠪᠥᠭᠡᠮ᠎ᠢᠶᠡᠷ ᠬᠤᠳᠠᠯᠳᠤᠬᠤ ᠵᠠᠬ᠎ᠠ ᠳᠡᠯᠭᠡᠭᠦᠷ ᠪᠠ ᠪᠢᠳᠡᠨ᠎ᠤ ᠱᠢᠭᠤᠳ ᠡᠵᠡᠩᠨᠡᠬᠦ᠌ ᠳᠡᠯᠭᠡᠭᠦᠷ᠎ᠲᠦ ᠪᠣᠷᠣᠯᠠᠭᠤᠯᠵᠤ ᠪᠠᠢᠨ᠎ᠠ》 ᠭᠡᠵᠦ᠍ ᠠᠵᠤ ᠦᠶ᠋ᠯᠡᠰ᠎ᠦᠨ ᠬᠦᠷᠢᠶᠡᠯᠡᠩ᠎ᠦᠨ ᠲᠥᠷᠥᠯ ᠵᠦᠶ᠋ᠯ᠎ᠦᠨ ᠬᠠᠷᠢᠭᠤᠴᠠᠯᠭᠠᠲᠠᠨ ᠾᠧ ᠵᠢᠶᠠ ᠱᠢᠤᠸᠠᠨ ᠰᠤᠷᠪᠤᠯᠵᠢᠯᠠᠭ᠍ᠴᠢ᠎ᠳᠤ ᠬᠡᠯᠡᠨ᠎ᠠ᠃
ᠣᠲᠣ ᠣᠷᠳᠣᠰᠬᠤᠳᠠ ᠢ᠋ᠢᠨ ᠮᠠᠯᠵᠢᠬᠤ ᠲᠠᠷᠢᠶᠠᠯᠠᠬᠤ ᠣᠷᠣᠨ᠎ᠳᠤ᠂ 《ᠭᠠᠵᠠᠷ ᠱᠢᠷᠣᠶ᠎ᠶ᠋ᠢᠨ ᠡᠵᠡᠨᠭᠨᠡᠯᠳᠡ ᠢ᠋ᠢᠨ ᠡᠷᠬᠡ ᠢ᠋ᠢ ᠬᠦᠢᠯᠬᠡᠬᠡᠬᠦ + ᠰᠲ᠋ᠣᠺ᠎ᠤᠨ ᠡᠷᠬᠡ᠎ᠶ᠋ᠢᠨ ᠠᠱᠢᠭ ᠣᠷᠣᠯᠭ᠎ᠠ》 ᠵᠡᠷᠭᠡ ᠣᠷᠣᠯᠭ᠎ᠠ᠎ᠶ᠋ᠢ ᠨᠡᠮᠡᠭ᠌ᠳᠡᠭᠦᠯᠬᠦ᠌ ᠵᠠᠭ᠍ᠪᠤᠷ᠎ᠢ ᠪᠥᠬᠥ᠌ ᠬᠦᠴᠦᠨ᠎ᠢᠶᠡᠷ ᠳᠡᠯᠭᠡᠷᠡᠭᠦᠯᠵᠦ᠍᠂ ᠮᠠᠯᠴᠢᠨ ᠲᠠᠷᠢᠶᠠᠴᠢᠨ᠎ᠢ ᠠᠵᠤ ᠦᠶ᠋ᠯᠡᠰ᠎ᠦᠨ ᠬᠡᠯᠬᠢᠶ᠎ᠡ᠎ᠳᠦ ᠤᠢᠷᠠᠳᠤᠭᠤᠯᠤᠨ᠂ ᠮᠠᠯᠴᠢᠨ ᠲᠠᠷᠢᠶᠠᠴᠢᠨ ᠪᠤᠯᠤᠨ ᠠᠵᠤ ᠠᠬᠤᠢᠯᠠᠯ᠎ᠤᠨ ᠠᠱᠢᠭ ᠲᠤᠰᠠ᠎ᠶ᠋ᠢᠨ ᠬᠤᠯᠪᠤᠭᠠᠨ᠎ᠤ ᠨᠣᠷᠮ᠎ᠠ᠎ᠶ᠋ᠢ 80% ᠭᠠᠷᠤᠢ᠎ᠳᠦ ᠬᠦᠷᠭᠡᠪᠡ᠃ ᠬᠥᠳᠡᠭᠡ ᠲᠣᠰᠭᠣᠨ᠎ᠤ ᠤᠷᠤᠨ ᠰᠠᠭᠤᠴᠡ ᠢ᠋ᠢ ᠠᠮᠢᠳᠤᠯᠢᠭ ᠪᠣᠯᠭᠠᠨ ᠠᠱᠢᠭ᠍ᠯᠠᠬᠤ ᠥᠭᠡᠷᠡᠴᠢᠯᠡᠯᠲᠡ᠎ᠶ᠋ᠢᠨ ᠲᠤᠷᠱᠢᠯᠲᠠᠢ᠋ᠢᠨ ᠴᠡᠭ ᠤ᠋ᠨ ᠠᠵᠢᠯ ᠢ᠋ ᠡᠭᠦᠳᠦᠨ ᠪᠠᠢᠭᠤᠯᠬᠤ᠎ᠶ᠋ᠢ ᠠᠬᠢᠭᠤᠯᠵᠤ᠂ 《ᠪᠠᠭ᠎ᠠ ᠵᠢᠵᠢᠭ ᠠᠵᠤ ᠠᠬᠤᠢ᠎ᠶ᠋ᠢᠨ ᠴᠣᠭ᠍ᠴᠠ》᠎ᠶ᠋ᠢᠨ ᠡᠵᠡᠩᠨᠡᠯᠲᠡ᠎ᠶ᠋ᠢᠨ ᠵᠠᠭ᠍ᠪᠤᠷ᠎ᠢ ᠳᠡᠯᠭᠡᠷᠡᠭᠦᠯᠵᠦ᠍᠂ ᠮᠠᠯᠴᠢᠨ ᠲᠠᠷᠢᠶᠠᠴᠢᠨ᠎ᠤ ᠡᠵᠡᠩᠨᠡᠯᠲᠡ᠎ᠶ᠋ᠢᠨ ᠴᠢᠨᠠᠷᠲᠠᠢ᠂ ᠡᠳ᠋ ᠬᠦᠷᠦᠨᠭ᠌ᠭᠡ᠎ᠶ᠋ᠢᠨ ᠴᠢᠨᠠᠷᠲᠠᠢ ᠣᠷᠣᠯᠭ᠎ᠠ᠎ᠶ᠋ᠢ ᠨᠡᠮᠡᠭ᠌ᠳᠡᠭᠦᠯᠵᠤ ᠪᠠᠢᠨ᠎ᠠ᠃ ᠬᠣᠷᠱᠢᠶ᠎ᠠ᠂ ᠭᠡᠷ ᠪᠦᠯᠢ᠎ᠶ᠋ᠢᠨ ᠲᠠᠷᠢᠶᠠᠯᠠᠩ ᠮᠠᠯᠵᠢᠯ᠎ᠤᠨ ᠲᠠᠯᠠᠪᠠᠢ ᠵᠡᠷᠭᠡ ᠡᠵᠡᠩᠨᠡᠯᠲᠡ᠎ᠶ᠋ᠢᠨ ᠭᠣᠣᠯ ᠴᠣᠭ᠍ᠴᠠ 127 ᠵᠢ ᠲᠡᠳᠬᠦᠨ ᠳᠠᠮᠵᠢᠵᠤ᠂ ᠬᠣᠲᠠ᠎ᠶ᠋ᠢᠨ ᠲᠡᠰ᠎ᠤᠨ ᠮᠠᠯ ᠠᠵᠤ ᠠᠬᠤᠢ ᠲᠠᠷᠢᠶᠠᠯᠠᠨᠭ᠌ ᠤ᠋ᠨ ᠲᠠᠭᠠᠭᠤᠯᠤᠭᠴᠢ ᠠᠵᠤ ᠠᠬᠤᠢᠯᠠᠯ ᠢ᠋ ᠱᠢᠨ᠎ᠡ᠎ᠪᠡᠷ 32 ᠪᠣᠢᠵᠢᠭᠤᠯᠵᠤ᠂ ᠮᠠᠯ᠎ᠤᠨ ᠠᠱᠢᠭ ᠱᠢᠮᠡᠲᠠᠷᠢᠶᠠᠯᠠᠨᠭ᠌ ᠤ᠋ᠨ ᠪᠦᠲᠦᠭᠡᠭ᠌ᠳᠡᠬᠦᠨ᠎ᠢ ᠡᠳ᠋ᠱᠢᠭᠦᠯᠤᠨ ᠪᠤᠯᠪᠠᠰᠤᠷᠠᠭᠤᠯᠤᠭᠰᠠᠨ ᠨᠣᠷᠮ᠎ᠠ 70 % ᠳ᠋ᠤ ᠬᠦᠷᠴᠤ᠂ ᠨᠢᠭ᠍ᠲᠠ ᠬᠡᠯᠪᠡᠷᠢ᠎ᠶ᠋ᠢᠨ ᠲᠠᠷᠢᠶᠠᠯᠠᠩ ᠪᠠ ᠠᠵᠤ ᠠᠬᠤᠢᠯᠠᠯ᠎ᠤᠨ ᠠᠱᠢᠭ ᠲᠤᠰᠠ᠎ᠶ᠋ᠢᠨ ᠬᠤᠯᠪᠤᠭᠠᠨ᠎ᠤ ᠬᠠᠷᠢᠴᠠᠯ 65 % ᠭᠠᠷᠤᠢ ᠪᠣᠯᠪᠠ ᠃ 3 ᠲᠣᠰᠭᠣᠨ ᠪᠠᠯᠭᠠᠰᠤ ᠨᠢ ᠪᠥᠬᠥ᠌ ᠤᠯᠤᠰ ᠤ᠋ᠨ 《ᠨᠢᠭᠡ ᠲᠣᠰᠭᠣᠨ ᠨᠢᠭᠡ ᠪᠦᠲᠦᠭᠡᠭᠳᠡᠭᠦᠨ ᠲᠠᠢ ᠪᠠᠢᠬᠤ》 ᠪᠠ ᠳᠤᠮᠳᠠᠳᠤ ᠤᠯᠤᠰ ᠤ᠋ᠨ ᠦᠵᠡᠰᠭᠦᠯᠡᠩᠲᠦ ᠰᠠᠢᠬᠠᠨ ᠰᠡᠯᠡᠭᠦᠴᠡᠯ ᠤ᠋ᠨ ᠬᠥᠳᠡᠭᠡ ᠲᠣᠰᠭᠣᠨ ᠤ᠋ ᠵᠢᠱ᠌ᠢᠶ᠎ᠡ ᠦᠵᠡᠭᠦᠯᠬᠦ᠌ ᠲᠣᠰᠭᠣᠨ ᠪᠠᠯᠭᠠᠰᠤ᠎ᠪᠠᠷ ᠦᠨᠡᠯᠡᠭ᠌ᠳᠡᠵᠦ᠍᠂ 5 ᠲᠣᠰᠭᠣᠨ ᠪᠠᠯᠭᠠᠰᠤ ᠨᠢ ᠪᠥᠬᠥ᠌ ᠤᠯᠤᠰ ᠤ᠋ᠨ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠭᠤᠤᠯᠳᠠᠯᠭ᠎ᠠ᠎ᠲᠠᠶ ᠪᠠᠯᠭᠠᠰᠤ (ᠲᠣᠰᠭᠣᠨ) ᠪᠠ ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠭᠤᠤᠯᠳᠠᠯᠭ᠎ᠠ᠎ᠲᠠᠶ ᠲᠣᠰᠭᠣᠨ ᠵᠢᠡᠷ ᠦᠨᠡᠯᠡᠭ᠌ᠳᠡᠪᠡ᠃ 4 ᠬᠣᠲᠠ ᠵᠢᠨ ᠲᠡᠰ ᠤ᠋ᠨ ᠠᠵᠤ ᠦᠢᠯᠡᠰ ᠤ᠋ᠨ ᠬᠦᠷᠢᠶᠡᠯᠡᠩ᠂ 5 ᠠᠵᠤ ᠦᠢᠯᠡᠰ ᠤ᠋ᠨ ᠬᠦᠴᠦᠷᠬᠡᠭ ᠪᠠᠯᠭᠠᠰᠤ᠂ 25 《ᠨᠢᠭᠡ ᠲᠣᠰᠭᠣᠨ ᠨᠢᠭᠡ ᠪᠦᠲᠦᠭᠡᠭᠳᠡᠭᠦᠨ ᠲᠠᠢ ᠪᠠᠢᠬᠤ》 ᠵᠢᠱ᠌ᠢᠶ᠎ᠡ ᠦᠵᠡᠭᠦᠯᠬᠦ᠌ ᠲᠣᠰᠭᠣᠨ ᠪᠠ 3 ᠣᠨᠴᠠᠯᠢᠭ᠍ᠲᠤ ᠠᠵᠤ ᠦᠢᠯᠡᠰ ᠤ᠋ᠨ ᠰᠠᠭᠤᠷᠢᠨ ᠢ᠋ ᠱᠢᠨ᠎ᠡ ᠪᠡᠷ ᠪᠠᠢᠭᠤᠯᠵᠠᠢ᠃ ᠪᠥᠬᠥ᠌ ᠤᠯᠤᠰ ᠤ᠋ᠨ ᠪᠣᠬᠢᠷᠲᠤᠯ ᠥᠬᠡᠶ ᠢᠳᠡᠭᠡᠨ᠎ᠦ ᠲᠦᠭᠦᠬᠡᠶ ᠮᠠᠲ᠋ᠧᠷᠢᠶᠠᠯ ᠤ᠋ᠨ ᠪᠠᠷᠢᠮᠵᠢᠶᠠᠵᠢᠭ᠍ᠰᠠᠨ ᠦᠶ᠋ᠯᠡᠳᠪᠦᠷᠢᠯᠡᠯ ᠤ᠋ᠨ ᠰᠠᠭᠤᠷᠢᠨ ᠢ᠋ 54.5 ᠲᠦᠮᠡᠨ ᠮᠥ᠍ ᠪᠠᠢᠭᠤᠯᠵᠤ᠂13 ᠪᠦᠲᠦᠭᠡᠭᠳᠡᠭᠦᠨ ᠨᠢ ᠪᠥᠬᠥ᠌ ᠤᠯᠤᠰ ᠤ᠋ᠨ ᠨᠠᠷᠠᠲᠤ ᠣᠨᠴᠠ ᠱᠢᠯᠢᠳᠡᠭ ᠱᠢᠨ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠂ 34 ᠪᠦᠲᠦᠭᠡᠭᠳᠡᠭᠦᠨ ᠨᠢ ᠪᠣᠬᠢᠷᠲᠤᠯ ᠥᠬᠡᠶ ᠢᠳᠡᠭᠡᠨ ᠤ᠋ ᠵᠦᠪᠰᠢᠶᠡᠷᠡᠯ ᠢ᠋ ᠤᠯᠵᠤ᠂ 2 ᠲᠥᠷᠥᠯ ᠵᠦᠶ᠋ᠯ ᠨᠢ ᠤᠯᠤᠰ ᠤ᠋ᠨ ᠭᠠᠵᠠᠷ ᠵᠦᠶ ᠵᠢᠨ ᠲᠡᠮᠳᠡᠭ᠌ᠲᠦ ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠬᠠᠮᠠᠭᠠᠯᠠᠯᠲᠠ ᠵᠢᠨ ᠢᠨᠵᠧᠨᠧᠷᠢᠩ᠎ᠳᠦ ᠵᠢᠭ᠍ᠰᠠᠭᠠᠭ᠍ᠳᠠᠵᠠᠢ ᠃
ᠪᠠᠲᠤᠯᠠᠭ᠎ᠠ ᠵᠢ ᠴᠢᠩᠭᠠᠳᠭᠠᠵᠤ ᠮᠠᠯᠵᠢᠬᠤ ᠲᠠᠷᠢᠶᠠᠯᠠᠬᠤ ᠣᠷᠣᠨ ᠤ᠋ ᠥᠭᠡᠷᠡᠴᠢᠯᠡᠯᠲᠡ ᠵᠢ ᠠᠬᠢᠭᠤᠯᠪᠠ
ᠣᠷᠳᠣᠰ ᠬᠣᠲᠠ ᠪᠡᠯᠴᠢᠭᠡᠷᠯᠡᠭᠦᠯᠬᠦ᠌ ᠵᠢ ᠵᠤᠭᠰᠤᠭᠠᠬᠤ᠂ ᠪᠡᠯᠴᠢᠭᠡᠷ ᠢ᠋ ᠠᠮᠠᠷᠠᠭᠤᠯᠬᠤ᠂ ᠮᠠᠯ ᠪᠡᠯᠴᠢᠭᠡᠷ ᠢ᠋ ᠲᠡᠩᠴᠡᠭᠦᠷᠢᠲᠡᠶ ᠪᠠᠢᠯᠭᠠᠬᠤ ᠲᠦᠷᠢᠮ ᠢ᠋ ᠴᠢᠩᠭ᠎ᠠ ᠨᠠᠢᠳᠠᠪᠤᠷᠢᠵᠢᠭᠤᠯᠵᠤ᠂ ᠠᠭᠤᠷᠬᠠᠶ ᠵᠢᠨ ᠣᠷᠣᠨ ᠤ᠋ ᠳᠠᠬᠢᠨ ᠬᠠᠭᠠᠯᠪᠤᠷᠢᠯᠠᠯᠲᠠ ᠵᠢᠨ ᠣᠷᠣᠨ ᠵᠡᠷᠭᠡ ᠴᠢᠨᠠᠷ ᠮᠠᠭᠤ ᠭᠠᠵᠠᠷ ᠢ᠋ ᠪᠦᠲᠦᠮᠵᠢᠲᠡᠶ ᠠᠱᠢᠭ᠍ᠯᠠᠨ ᠴᠢᠨᠠᠷ ᠰᠠᠢᠲᠠᠶ ᠲᠡᠵᠢᠭᠡᠯ ᠡᠪᠡᠰᠦ ᠪᠣᠷᠳᠣᠭᠠᠨ ᠤ᠋ ᠰᠠᠭᠤᠷᠢᠨ ᠢ᠋ ᠪᠥᠲᠥᠭᠡᠨ ᠪᠠᠢᠭᠤᠯᠪᠠ᠃ ᠬᠠᠶᠠᠭ᠍ᠳᠠᠮᠠᠯ ᠬᠠᠭᠤᠴᠢᠨ ᠰᠦᠯᠢᠶᠣᠣ ᠪᠦᠷᠬᠦᠪᠴᠢ ᠵᠢ ᠲᠣᠰ ᠤᠯᠠᠷᠢᠯ᠎ᠳᠤ ᠪᠤᠴᠠᠭᠠᠨ ᠬᠤᠷᠢᠶᠠᠭ᠍ᠰᠠᠨ ᠨᠣᠷᠮ᠎ᠠ 83.2% ᠲᠦ᠍ ᠬᠦᠷᠴᠦ᠍᠂ ᠡᠰᠢ ᠰᠦᠷᠡᠯ ᠢ᠋ ᠶᠡᠷᠦᠩᠬᠡᠢᠯᠡᠨ ᠠᠱᠢᠭ᠍ᠯᠠᠭ᠍ᠰᠠᠨ ᠨᠣᠷᠮ᠎ᠠ 88.6% ᠳ᠋ᠤ ᠬᠦᠷᠴᠦ᠍᠂ ᠮᠠᠯ ᠵᠢᠭᠦᠷᠲᠡᠨ᠎ᠦ ᠢᠯᠭᠠᠳᠠᠰᠤ ᠵᠢ ᠶᠡᠷᠦᠩᠬᠡᠢᠯᠡᠨ ᠠᠱᠢᠭ᠍ᠯᠠᠭ᠍ᠰᠠᠨ ᠨᠣᠷᠮ᠎ᠠ 92% ᠡᠴᠠ ᠳᠡᠭᠡᠭ᠌ᠰᠢ᠎ᠳᠦ ᠲᠣᠭ᠍ᠲᠠᠪᠤᠷᠢᠵᠢᠵᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌ ᠲᠠᠯᠠᠪᠠᠶ ᠵᠢᠨ ᠢᠯᠭᠠᠳᠠᠰᠤ ᠵᠢ ᠱᠢᠶ᠋ᠳᠪᠦᠷᠢᠯᠡᠬᠦ᠌ ᠲᠥᠬᠥᠭᠡᠷᠦᠮᠵᠢ ᠵᠢᠨ ᠢᠵᠢ ᠪᠥᠷᠢᠳᠦᠭᠦᠯᠦᠭ᠌ᠰᠡᠨ ᠨᠣᠷᠮ᠎ᠠ 100% ᠳ᠋ᠤ ᠬᠥᠷᠴᠠᠢ᠃ ᠬᠥᠳᠡᠭᠡ ᠲᠣᠰᠭᠣᠨ ᠤ᠋ ᠨᠣᠭᠣᠭᠠᠷᠠᠭᠤᠯᠤᠯᠲᠠ ᠭᠣᠶᠣᠵᠢᠭᠤᠯᠤᠯᠲᠠ ᠵᠢᠨ ᠵᠢᠱ᠌ᠢᠶ᠎ᠡ ᠦᠵᠡᠭᠦᠯᠬᠦ᠌ ᠲᠣᠰᠭᠣᠨ 62᠎ᠢ ᠪᠠᠢᠭᠤᠯᠵᠤ᠂ ᠬᠥᠳᠡᠭᠡ ᠲᠣᠰᠭᠣᠨ ᠤ᠋ ᠠᠮᠢ ᠠᠬᠤᠶ ᠵᠢᠨ ᠨᠣᠭᠣᠭᠠᠷᠠᠭᠤᠯᠤᠯᠲᠠ ᠵᠢᠨ ᠬᠡᠮᠵᠢᠶ᠎ᠡ ᠵᠢ 2.27 ᠲᠦᠮᠡᠨ ᠮᠥ᠍ ᠱᠢᠨ᠎ᠡ ᠪᠡᠷ ᠨᠡᠮᠡᠭ᠌ᠳᠡᠭᠦᠯᠵᠠᠢ᠃ ᠪᠥᠬᠥ᠌ ᠵᠢᠯ᠎ᠳᠦ 3.07 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠵᠤ᠂ ᠠᠷᠪᠠᠨ ᠶᠡᠬᠡ ᠬᠥᠨᠳᠡᠶ ᠵᠢ ᠶᠡᠷᠦᠩᠬᠡᠢᠯᠡᠨ ᠵᠠᠰᠠᠬᠤ ᠲᠥᠷᠥᠯ ᠵᠦᠶ᠋ᠯ ᠢ᠋ ᠬᠡᠷᠡᠭ᠌ᠵᠢᠭᠦᠯᠵᠦ᠍᠂ ᠬᠠᠲᠤᠨ ᠭᠤᠤᠯ ᠤ᠋ᠨ 21 ᠠᠶᠤᠯᠲᠠᠶ ᠪᠠᠷᠢᠯᠭ᠎ᠠ ᠵᠢᠨ ᠬᠡᠰᠡᠭ᠎ᠲᠦ ᠠᠶᠤᠯ᠎ᠠᠴᠠ ᠠᠪᠤᠷᠠᠬᠤ ᠵᠠᠰᠠᠯᠳᠠ ᠬᠢᠵᠤ ᠂ ᠰᠠᠪᠠ ᠭᠠᠵᠠᠷ ᠤ᠋ᠨ ᠬᠥᠷᠥᠰᠥ᠍ ᠱᠢᠷᠣᠶ ᠵᠢ ᠬᠠᠮᠠᠭᠠᠯᠠᠬᠤ ᠶᠡᠷᠦᠩᠬᠡᠢᠯᠡᠭ᠌ᠰᠡᠨ ᠵᠠᠰᠠᠯᠲᠠ ᠵᠢ 119 ᠲᠡᠭ᠌ᠰᠢ ᠳᠥᠷᠪᠡᠯᠵᠢᠨ ᠺᠢᠯᠣᠮᠧᠲ᠋ᠷ ᠪᠡᠶᠡᠯᠡᠭᠦᠯᠪᠡ᠃
ᠡᠷᠦᠬᠡ ᠵᠢᠨ ᠵᠣᠷᠯᠣᠩ ᠢ᠋ 4228 ᠥᠭᠡᠷᠡᠴᠢᠯᠡᠵᠦ᠍᠂ ᠮᠠᠯᠵᠢᠬᠤ ᠲᠠᠷᠢᠶᠠᠯᠠᠬᠤ ᠣᠷᠣᠨ ᠤ᠋ ᠨᠡᠢᠲᠡ ᠵᠢᠨ ᠵᠣᠷᠯᠣᠩ ᠢ᠋ 144 ᠪᠠᠢᠭᠤᠯᠵᠤ᠂ ᠪᠠᠢᠭᠤᠯᠤᠮᠵᠢ᠎ᠲᠦ ᠪᠠᠯᠭᠠᠰᠤ ᠳ᠋ᠤ ᠨᠡᠢᠲᠡ 33 ᠪᠤᠬᠢᠷ ᠤᠰᠤ ᠵᠢ ᠱᠢᠢᠳᠪᠦᠷᠢᠯᠡᠬᠦ᠌ ᠲᠥᠬᠥᠭᠡᠷᠦᠮᠵᠢ ᠵᠢ ᠪᠠᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ ᠠᠮᠢᠳᠤᠷᠠᠯ ᠤ᠋ᠨ ᠬᠣᠭ ᠨᠣᠪᠰᠢ ᠵᠢ ᠬᠣᠷᠢᠶᠠᠨ ᠲᠡᠭᠡᠭᠡᠪᠦᠷᠢᠯᠡᠵᠦ᠍ ᠱᠢᠢᠳᠪᠦᠷᠢᠯᠡᠭ᠌ᠰᠡᠨ ᠨᠣᠷᠮ᠎ᠠ 100% ᠳ᠋ᠦ ᠬᠥᠷᠪᠡ᠃ ᠮᠠᠯᠵᠢᠬᠤ ᠲᠠᠷᠢᠶᠠᠯᠠᠬᠤ ᠣᠷᠣᠨ ᠤ᠋ ᠵᠠᠰᠠᠮᠠᠯ ᠵᠠᠮ ᠢ᠋ ᠱᠢᠨ᠎ᠡ ᠪᠡᠷ ᠥᠭᠡᠷᠡᠴᠢᠯᠡᠨ ᠪᠠᠢᠭᠤᠯᠬᠤ ᠲᠥᠷᠥᠯ ᠵᠦᠶ᠋ᠯ ᠢ᠋ 300 ᠭᠠᠷᠤᠶ ᠺᠢᠯᠣᠮᠧᠲ᠋ᠷ ᠬᠡᠷᠡᠭ᠌ᠵᠢᠭᠦᠯᠵᠦ᠍᠂ ᠵᠠᠮ ᠤ᠋ᠨ ᠲᠤᠤᠷᠵᠢᠯ ᠤ᠋ᠨ ᠪᠥᠲᠥᠭᠡᠨ ᠪᠠᠢᠭᠤᠯᠤᠯᠲᠠ ᠵᠢ ᠬᠥᠳᠡᠭᠡ ᠲᠣᠰᠭᠣᠨ ᠲᠡᠢᠰᠢ 437 ᠺᠢᠯᠣᠮᠧᠲ᠋ᠷ ᠤᠷᠲᠤᠳᠭᠠᠵᠤ᠂ ᠬᠥᠳᠡᠭᠡ ᠲᠣᠰᠭᠣᠨ ᠤ᠋ ᠵᠠᠰᠠᠮᠠᠯ ᠵᠠᠮ ᠤ᠋ᠨ ᠬᠠᠮᠢᠶᠠᠷᠤᠯᠳᠠ ᠠᠷᠠᠴᠢᠯᠠᠨ ᠬᠠᠮᠠᠭᠠᠯᠠᠯᠳᠠ ᠵᠢ 261 ᠺᠢᠯᠣᠮᠧᠲ᠋ᠷ ᠬᠢᠪᠡ᠃ ᠮᠠᠯᠵᠢᠬᠤ ᠲᠠᠷᠢᠶᠠᠯᠠᠬᠤ ᠣᠷᠣᠨ ᠤ᠋ ᠤᠰᠤ ᠬᠠᠩᠭᠠᠬᠤ ᠪᠠᠲᠤᠯᠠᠭ᠎ᠠ ᠵᠢᠨ ᠢᠨᠵᠧᠨᠧᠷᠢᠩ ᠢ᠋ 33 ᠬᠡᠷᠡᠭ᠌ᠵᠢᠭᠦᠯᠵᠦ᠍᠂ 3.5 ᠲᠦᠮᠡᠨ ᠮᠠᠯᠴᠢᠨ ᠲᠠᠷᠢᠶᠠᠴᠢᠨ ᠤ᠋ ᠤᠰᠤ ᠬᠠᠩᠭᠠᠬᠤ ᠪᠠᠲᠤᠯᠠᠭ᠎ᠠ ᠵᠢᠨ ᠲᠦᠪᠱᠢᠨ ᠢ᠋ ᠪᠠᠲᠤᠳᠭᠠᠨ ᠳᠡᠭᠡᠭ᠌ᠰᠢᠯᠡᠭᠦᠯᠪᠡ᠃ ᠤᠯᠤᠰ ᠤ᠋ᠨ ᠲᠣᠭᠠᠴᠢᠯᠠᠭ᠍ᠰᠠᠨ ᠬᠥᠳᠡᠭᠡ ᠲᠣᠰᠭᠣᠨ ᠤ᠋ ᠲᠤᠷᠱᠢᠯᠲᠠ ᠵᠢᠨ ᠴᠡᠭ ᠤ᠋ᠨ ᠪᠥᠲᠥᠭᠡᠨ ᠪᠠᠢᠭᠤᠯᠤᠯᠲᠠ ᠵᠢ ᠠᠬᠢᠭᠤᠯᠵᠤ᠂ ᠣᠲᠣᠭ ᠤ᠋ᠨ ᠡᠮᠦᠨᠡᠲᠦ ᠬᠣᠱᠢᠭᠤ᠎ᠨᠢ ᠥᠪᠥᠷ ᠮᠣᠩᠭᠣᠯ ᠤ᠋ᠨ ᠴᠣᠷ ᠤ᠋ᠨ ᠭᠠᠭ᠍ᠴᠠ ᠨᠡᠢᠲᠡᠯᠢᠭ ᠬᠡᠷᠡᠭ ᠤ᠋ᠨ ᠵᠢᠱ᠌ᠢᠶ᠎ᠡ ᠪᠣᠯᠤᠭ᠍ᠰᠠᠨ ᠤ᠋ ᠬᠤᠪᠢ᠎ᠳᠤ 《ᠤᠯᠤᠰ ᠤ᠋ᠨ ᠲᠣᠭᠠᠴᠢᠯᠠᠭ᠍ᠰᠠᠨ ᠬᠥᠳᠡᠭᠡ ᠲᠣᠰᠭᠣᠨ ᠢ᠋ ᠪᠥᠲᠥᠭᠡᠨ ᠪᠠᠢᠭᠤᠯᠬᠤ ᠵᠦᠭ᠌ᠯᠡᠭᠦᠷ 1.0 》 ᠳ᠋ᠦ᠍ ᠣᠷᠣᠪᠠ᠃ ᠮᠠᠯᠵᠢᠬᠤ ᠲᠠᠷᠢᠶᠠᠯᠠᠬᠤ ᠣᠷᠣᠨ ᠤ᠋ ᠥᠷᠭᠡᠨ ᠪᠦᠰᠡᠲᠦ ᠰᠦᠯᠵᠢᠶ᠎ᠡ᠂ ᠦᠨᠳᠦᠰᠦᠨ ᠡᠮᠴᠢᠯᠡᠭᠡᠨ᠎ᠦ ᠦᠶ᠋ᠯᠡᠴᠢᠯᠡᠭᠡ᠂ ᠲᠦᠷᠭᠡᠨ ᠬᠦᠷᠭᠡᠯᠳᠠ ᠵᠢ ᠲᠣᠰᠭᠣᠨ᠎ᠳᠤ ᠣᠷᠣᠭᠤᠯᠬᠤ᠂ ᠰᠤᠮᠤ ᠱᠢᠶᠠᠩ ᠪᠠᠯᠭᠠᠰᠤ ᠵᠢᠨ ᠦᠨᠳᠦᠰᠦᠨ ᠱᠠᠲᠤᠨ ᠤ᠋ ᠬᠠᠩᠭᠠᠨ ᠪᠣᠷᠣᠯᠠᠭᠤᠯᠬᠤ ᠬᠣᠷᠱᠢᠶ᠎ᠠ ᠵᠢ ᠦᠨᠳᠦᠰᠦᠨ᠎ᠳᠡᠭᠡᠨ ᠪᠦᠷᠢᠨ ᠪᠥᠷᠬᠥᠭᠦᠯᠬᠦ᠌᠎ᠳᠦ ᠬᠦᠷᠦᠭᠦᠯᠵᠦ᠍᠂ ᠬᠡᠷ ᠪᠦᠯᠢ ᠵᠢᠨ ᠡᠮᠴᠢ ᠵᠢᠨ ᠭᠤᠤᠯᠳᠠᠯᠭ᠎ᠠ᠎ᠲᠠᠶ ᠬᠥᠮᠦᠰ ᠤ᠋ᠨ ᠭᠡᠷ᠎ᠡ ᠲᠣᠭ᠍ᠲᠠᠨ ᠦᠶ᠋ᠯᠡᠴᠢᠯᠡᠬᠦ᠌ ᠪᠦᠷᠬᠦᠴᠡ ᠵᠢᠨ ᠨᠣᠷᠮ᠎ᠠ ᠵᠢ 90% ᠳ᠋ᠤ ᠬᠦᠷᠦᠭᠦᠯᠵᠦ᠍᠂ ᠪᠥᠬᠥ᠌ ᠣᠷᠣᠨ᠎ᠳᠤ ᠤᠷᠢᠤᠨ ᠵᠢᠨᠷ ᠬᠥᠳᠡᠭᠡ ᠲᠣᠰᠭᠣᠨ ᠤ᠋ ᠡᠮᠴᠢ ᠵᠢᠨ ᠨᠠᠰᠤᠵᠢᠯ ᠤ᠋ᠨ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠨᠠᠢᠳᠠᠪᠤᠷᠢᠵᠢᠭᠤᠯᠵᠠᠢ᠃
《ᠳᠥᠷᠪᠡᠨ ᠡᠷᠬᠡ ᠳᠥᠷᠪᠡᠨ ᠳᠦᠷᠢᠮ ᠭᠤᠷᠪᠠᠨ ᠪᠣᠭᠣᠮᠲᠠ ᠵᠢ ᠠᠳᠬᠤᠬᠤ》 ᠵᠡᠷᠭᠡ ᠨᠡᠢᠲᠡᠯᠢᠭ ᠵᠢᠱ᠌ᠢᠶ᠎ᠡ ᠵᠢ ᠳᠡᠯᠭᠡᠷᠡᠭᠦᠯᠪᠡ᠃ 735 ᠭᠠᠴᠠᠭ᠎ᠠ ᠲᠣᠰᠭᠣᠨ᠎ᠳᠤ ᠬᠤᠪᠢ ᠬᠤᠷᠠᠮᠳᠤᠭᠤᠯᠬᠤ ᠲᠦᠷᠢᠮ᠂ ᠨᠠᠷᠢᠨ ᠲᠠᠩᠰᠠ ᠵᠢᠨ ᠲᠦᠷᠢᠮ ᠢ᠋ ᠳᠡᠯᠭᠡᠷᠡᠭᠦᠯᠦᠨ ᠬᠡᠷᠡᠭ᠌ᠯᠡᠵᠦ᠍᠂ ᠦᠨᠳᠦᠰᠦᠨ ᠱᠠᠲᠤᠨ ᠤ᠋ ᠵᠠᠰᠠᠯᠲᠠ ᠵᠢᠨ ᠲᠣᠣᠷᠵᠢᠭᠤᠯᠤᠭ᠍ᠰᠠᠨ ᠱᠢᠰᠲ᠋ᠧᠮ ᠢ᠋ ᠪᠦᠷᠢᠨᠱᠢᠬᠦᠯᠪᠡ᠃ ᠪᠥᠬᠥ᠌ ᠬᠣᠲᠠ ᠵᠢᠨ ᠮᠠᠯᠵᠢᠬᠤ ᠲᠠᠷᠢᠶᠠᠯᠠᠬᠤ ᠣᠷᠣᠨ ᠤ᠋ 1.8 ᠲᠦᠮᠡ ᠭᠠᠷᠤᠶ ᠨᠠᠮ ᠤ᠋ᠨ ᠭᠡᠱᠢᠭᠦᠨ 14.5 ᠲᠦᠮᠡᠨ ᠡᠷᠦᠬᠡ ᠵᠢᠨ ᠣᠯᠠᠨ ᠲᠦᠮᠡᠨ᠎ᠲᠡᠶ ᠬᠠᠷᠢᠯᠴᠠᠵᠤ ᠦᠶ᠋ᠯᠡᠴᠢᠯᠡᠭᠡ ᠬᠦᠷᠳᠡᠭᠡᠨ᠂ 6.1 ᠲᠦᠮᠡ ᠭᠠᠷᠤᠶ ᠬᠤᠪᠢ ᠪᠣᠳᠠᠲᠠᠶ ᠬᠦᠴᠢᠷᠳᠡᠯ ᠢ᠋ ᠨᠢ ᠱᠢᠶ᠋ᠳᠪᠦᠷᠢᠯᠡᠪᠡ᠃ ᠰᠤᠮᠤ ᠱᠢᠶᠠᠩ ᠪᠠᠯᠭᠠᠰᠤ ᠵᠢᠨ ᠰᠡᠳᠭᠢᠴᠡ ᠵᠢᠨ ᠡᠷᠡᠭᠦᠯ ᠮᠡᠨᠳᠦ᠍ ᠵᠢᠨ ᠦᠶ᠋ᠯᠡᠴᠢᠯᠡᠭᠡᠨ᠎ᠦ ᠲᠠᠯᠠᠪᠤᠷ ᠭᠠᠵᠠᠷ ᠤ᠋ᠨ ᠬᠠᠮᠤᠷᠬᠤ ᠬᠡᠮᠵᠢᠶ᠎ᠡ ᠵᠢ 100% ᠳ᠋ᠤ ᠬᠦᠷᠦᠭᠦᠯᠵᠦ᠍ ᠂ ᠪᠥᠬᠥ᠌ ᠣᠷᠣᠨ ᠤ᠋ ᠮᠠᠯᠵᠢᠬᠤ ᠲᠠᠷᠢᠶᠠᠯᠠᠬᠤ ᠣᠷᠣᠨ ᠤ᠋ ᠵᠢᠱ᠌ᠢᠶ᠎ᠡ ᠦᠵᠡᠭᠦᠯᠬᠦ᠌ 28 ᠰᠣᠶᠣᠯ ᠤ᠋ᠨ ᠡᠷᠦᠬᠡ ᠵᠢ ᠡᠬᠦᠳᠦᠨ ᠪᠠᠢᠭᠤᠯᠪᠠ᠃
ᠨᠠᠮ ᠤ᠋ᠨ ᠬᠣᠷᠢᠳᠤᠭᠠᠷ ᠶᠡᠬᠡ ᠬᠤᠷᠠᠯ ᠡᠴᠡ ᠣᠳᠣᠬᠢᠴᠢᠯᠠᠭ᠍ᠰᠠᠨ ᠬᠦᠴᠦᠷᠬᠡᠭ ᠤᠯᠤᠰ ᠢ᠋ ᠪᠦᠲᠦᠭᠡᠨ ᠪᠠᠢᠭᠤᠯᠬᠤ ᠪᠦᠷᠢᠶ᠎ᠡ ᠵᠢ ᠬᠠᠩᠭᠢᠨᠠᠭᠤᠯᠤᠯᠠ᠃ ᠡᠨᠡ ᠵᠢᠯ᠂ ᠣᠷᠳᠣᠰ ᠬᠣᠲᠠ ᠵᠢᠨ ᠮᠠᠯ ᠠᠵᠤ ᠠᠬᠤᠶ ᠲᠠᠷᠢᠶᠠᠯᠠᠨᠭ᠌ ᠤ᠋ᠨ ᠱᠢᠰᠲ᠋ᠧᠮ 《ᠭᠤᠷᠪᠠᠨ ᠳᠥᠷᠪᠡ ᠵᠢ ᠪᠠᠢᠭᠤᠯᠬᠤ》 ᠬᠠᠷᠠᠯᠲᠠ᠎ᠳᠤ ᠡᠭᠦᠷᠭᠡ ᠵᠢ ᠲᠣᠭ᠍ᠲᠠᠭᠠᠵᠤ᠂ ᠨᠢᠭᠡᠳᠦᠭᠡᠷ ᠠᠵᠤ ᠦᠶ᠋ᠯᠡᠰ ᠢ᠋ ᠳᠠᠬᠢᠨ ᠴᠣᠭ᠍ᠴᠠᠯᠠᠬᠤ ᠵᠢ ᠲᠦᠷᠭᠡᠳᠭᠡᠨ ᠠᠬᠢᠭᠤᠯᠵᠤ᠂ ᠮᠠᠯ ᠠᠵᠤ ᠠᠬᠤᠶ ᠲᠠᠷᠢᠶᠠᠯᠠᠨᠭ᠌ ᠤ᠋ᠨ ᠬᠦᠴᠦᠷᠬᠡᠭ ᠬᠣᠲᠠ ᠵᠢ ᠬᠦᠴᠦᠯᠡᠨ ᠪᠠᠢᠭᠤᠯᠵᠤ᠂ ᠬᠥᠳᠡᠭᠡ ᠲᠣᠰᠭᠣᠨ ᠢ᠋ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠵᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤ᠋ᠨ ᠬᠦᠴᠦᠷᠬᠡᠭ ᠤᠯᠤᠰ ᠢ᠋ ᠲᠦᠷᠭᠡᠳᠭᠡᠨ ᠪᠠᠢᠭᠤᠯᠬᠤ᠎ᠳᠤ ᠣᠷᠳᠣᠰ ᠤ᠋ᠨ ᠬᠦᠴᠦᠨ ᠴᠢᠳᠠᠯ᠎ᠢᠶᠠᠨ ᠡᠷᠭᠦᠬᠦ ᠪᠤᠯᠤᠨ᠎ᠠ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃