ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2022-04-10 19:34:47

ᠵᠣᠬᠢᠶᠠᠭ᠍ᠴᠢ᠄ ᠭᠤᠸ᠎ᠠ ᠣᠩᠱᠢᠭ᠍ᠰᠠᠨ ᠣᠳᠠᠭ᠎ᠠ᠄ 3

— ᠮᠠᠨ ᠤ᠋ ᠤᠷᠤᠨ ᠤ᠋ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤ᠋ᠨ ᠪᠦᠳᠦᠬᠡᠨ ᠪᠠᠢᠭᠤᠯᠤᠯᠳᠠ ᠵᠢᠨ ᠲᠤᠬᠠᠢ ᠲᠠᠳᠠᠯᠠᠭ᠎ᠠ

ᠬᠠᠭᠳᠠ ᠨᠤᠭᠤᠭᠠᠷᠠᠵᠤ ᠬᠦᠢᠯᠡᠰᠤᠨ ᠮᠤᠳᠤ ᠴᠡᠴᠡᠭᠯᠡᠵᠤ ᠡᠬᠢᠯᠡᠯ᠎ᠠ᠂ ᠪᠦᠬᠦ ᠤᠷᠤᠨ ᠤ᠋ ᠡᠯ᠎ᠡ ᠭᠠᠵᠠᠷ ᠤ᠋ᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢᠨ ᠲᠥᠷᠥᠯ ᠵᠦᠢᠯ ᠤ᠋ᠨ ᠤᠷᠤᠨ ᠳ᠋ᠤ ᠲᠠᠷᠢᠶᠠᠯᠠᠩ ᠤ᠋ᠨ ᠮᠠᠱᠢᠨ ᠨᠠᠭᠠᠰᠢ ᠴᠠᠭᠠᠰᠢ ᠰᠦᠯᠵᠢᠯᠳᠦᠵᠤ ᠭᠤᠤ ᠰᠤᠪᠠᠭ ᠳᠠᠳᠠᠨ ᠬᠦᠷᠦᠰᠤ ᠱᠢᠷᠣᠢ ᠤᠷᠪᠠᠭᠤᠯᠵᠤ᠂ ᠲᠠᠷᠢᠶᠠᠴᠢᠳ ᠤᠨᠠᠭᠰᠠᠨ ᠮᠠᠯᠠᠭᠠᠢ ᠪᠠᠨ ᠠᠪᠬᠤ ᠵᠠᠪ ᠦᠬᠡᠢ ᠶᠠᠭᠠᠷᠠᠯᠳᠤᠨ᠎ᠠ ᠃

ᠬᠥᠬᠡᠬᠣᠲᠠ ᠵᠢᠨ ᠲᠦᠮᠡᠳ ᠵᠡᠭᠦᠨ ᠬᠤᠱᠢᠭᠤᠨ ᠤ᠋ ᠳᠠᠪᠤᠨᠰᠠᠢᠨ ᠱᠢᠶᠠᠩ ᠤ᠋ᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢᠨ ᠲᠥᠷᠥᠯ ᠵᠦᠢᠯ ᠤ᠋ᠨ ᠤᠷᠤᠨ ᠳ᠋ᠤ ᠱᠢᠨ᠎ᠡ ᠪᠠᠷ ᠮᠠᠯᠲᠠᠭᠰᠠᠨ ᠭᠣᠣ ᠰᠤᠪᠠᠭ ᠤ᠋ᠨ ᠵᠠᠬ᠎ᠠ ᠪᠡᠷ ᠬᠦᠮᠦᠨ ᠬᠠᠷ᠎ᠠ ᠰᠦᠯᠵᠢᠯᠳᠤᠵᠤ᠂ ᠰᠠᠶᠢᠬᠠᠨ ᠤᠷᠪᠠᠭᠤᠯᠤᠭᠰᠠᠨ ᠲᠠᠷᠢᠶᠠᠨ ᠭᠠᠵᠠᠷ ᠡᠴᠡ ᠴᠢᠬᠢᠭᠯᠢᠭ ᠦᠨᠦᠷ ᠬᠠᠩᠬᠤᠯᠤᠨ᠎ᠠ᠃ ᠨᠢᠳᠤᠨᠤᠨ ᠲᠦᠮᠡᠳ ᠵᠡᠭᠦᠨ ᠬᠤᠱᠢᠭᠤᠨ ᠤ᠋ ᠠᠮᠤ ᠪᠤᠳᠠᠭᠠᠨ ᠤ᠋ ᠤᠨᠠᠯᠲᠠ 67 ᠲᠦᠮᠡᠨ ᠲᠤᠨ ᠳ᠋ᠦ᠍ ᠬᠦᠷᠴᠦ᠂ ᠪᠦᠬᠦ ᠤᠯᠤᠰ ᠤ᠋ᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠲᠡᠷᠢᠭᠦᠨ ᠦ᠌ ᠬᠠᠮᠲᠤ ᠵᠢᠨ ᠢᠷᠠᠭᠤ ᠠᠯᠳᠠᠷ ᠢ᠋ ᠬᠦᠷᠲᠡᠭᠰᠡᠨ ᠶᠤᠮ ᠃

ᠲᠦᠮᠡᠳ ᠵᠡᠭᠦᠨ ᠬᠤᠱᠢᠭᠤ ᠲᠠᠷᠢᠶᠠᠯᠠᠩ ᠤ᠋ᠨ ᠲᠣᠮᠣ ᠬᠣᠱᠢᠭᠤ ᠪᠣᠯᠤᠭᠰᠠᠨ ᠤ᠋ ᠬᠤᠪᠢ ᠳ᠋ᠦ᠍ ᠂ ᠡᠨᠡ ᠵᠢᠯ ᠠᠮᠤ ᠪᠤᠳᠠᠭᠠᠨ ᠤ᠋ ᠶᠡᠷᠦᠩᠬᠡᠢ ᠲᠠᠷᠢᠮᠠᠯ ᠤ᠋ᠨ ᠲᠠᠯᠠᠪᠠᠢ ᠵᠢ ᠦᠷᠭᠦᠯᠵᠢᠯᠡᠨ 150 ᠲᠦᠮᠡᠨ ᠮᠦ᠍ ᠣᠷᠴᠢᠮ ᠳ᠋ᠦ᠍ ᠲᠣᠭᠲᠠᠪᠤᠷᠢᠵᠢᠭᠤᠯᠵᠤ ᠂ ᠬᠦᠬᠡᠬᠣᠲᠠ ᠵᠢᠨ 37 ᠲᠦᠮᠡᠨ ᠮᠦ᠍ ᠵᠢᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢᠨ ᠡᠭᠦᠷᠭᠡ ᠡᠴᠡ 20.4 ᠲᠦᠮᠡᠨ ᠮᠦ᠍ ᠵᠢ ᠨᠢ ᠬᠤᠪᠢᠳᠠᠨ ᠡᠬᠦᠷᠬᠡᠯᠡᠭᠰᠡᠨ ᠪᠠᠢᠨ᠎ᠠ᠃《ᠬᠤᠵᠢᠷᠯᠢᠭ ᠭᠠᠵᠠᠷ ᠢ᠋ ᠰᠠᠢᠵᠢᠷᠠᠭᠤᠯᠤᠨ ᠦᠨᠳᠦᠷ ᠪᠠᠷᠢᠮᠵᠢᠶᠠᠳᠤ ᠳᠠᠷᠢᠶᠠᠨ ᠭᠠᠵᠠᠷ ᠪᠤᠯᠭᠠᠭᠰᠠᠨ ᠤ᠋ ᠳᠠᠷᠠᠭ᠎ᠠ ᠠᠮᠤ ᠪᠤᠳᠠᠭᠠᠨ ᠤ᠋ ᠮᠦ᠍ ᠳᠤᠮᠳᠠᠴᠢ ᠵᠢᠨ ᠤᠨᠠᠯᠳᠠ 20% ᠪᠡᠷ ᠳᠡᠭᠡᠭᠰᠢᠯᠡᠨ᠂ ᠶᠡᠷᠦᠩᠬᠡᠢᠯᠡᠭᠰᠡᠨ ᠦᠷ᠎ᠡ ᠠᠰᠢᠭ ᠨᠢ 15% ᠪᠡᠷ ᠳᠡᠭᠡᠭᠰᠢᠯᠡᠵᠤ᠂ ᠳᠠᠷᠢᠶᠠᠴᠢᠳ ᠤ᠋ᠨ ᠬᠦᠮᠦᠨ ᠳᠤᠮᠳᠠᠴᠢ ᠵᠢᠨ ᠴᠡᠪᠡᠷ ᠤᠷᠤᠯᠭ᠎ᠠ ᠵᠢ 20% ᠪᠡᠷ ᠨᠡᠮᠡᠭᠳᠡᠭᠦᠯᠵᠠᠢ᠃ ᠡᠨᠡ ᠪᠤᠯ ᠰᠢᠯᠭᠠᠨ ᠪᠠᠢᠴᠠᠭᠠᠯᠳᠠ ᠪᠡᠷ ᠲᠠᠮᠵᠢᠨ ᠤᠯᠤᠭᠰᠠᠨ ᠪᠤᠳᠠᠳᠠᠢ ᠲᠤᠭ᠎ᠠ ᠪᠠᠷᠢᠮᠳᠠ ᠪᠤᠯᠬᠤ ᠶᠤᠮ》 ᠭᠡᠵᠤ ᠲᠦᠮᠡᠳ ᠵᠡᠭᠦᠨ ᠬᠤᠰᠢᠭᠤᠨ ᠤ᠋ ᠳᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠳᠤᠪᠴᠢᠶ᠎ᠠ ᠵᠢᠨ ᠲᠦᠷᠦᠯ ᠵᠦᠢᠯ ᠤ᠋ᠨ ᠬᠠᠷᠢᠭᠤᠴᠠᠯᠭᠠᠳᠠᠨ ᠵᠠᠩ ᠹᠧᠢ ᠯᠦᠩ ᠲᠠᠨᠢᠯᠴᠠᠭᠤᠯᠤᠨ᠎ᠠ ᠃

ᠲᠦᠮᠡᠳ ᠵᠡᠭᠦᠨ ᠬᠤᠱᠢᠭᠤ ᠲᠡᠢ ᠠᠳᠠᠯᠢ ᠪᠠᠷ ᠪᠣᠷᠣᠲᠣᠬᠣᠢ ᠵᠢᠨ ᠤᠰᠤᠯᠠᠯᠲᠠ ᠵᠢᠨ ᠣᠷᠣᠨ ᠳ᠋ᠡᠬᠢ ᠪᠠᠶᠠᠨᠨᠠᠭᠤᠷ ᠬᠣᠲᠠ ᠵᠢᠨ ᠯᠢᠨ ᠾᠧ ᠲᠣᠭᠣᠷᠢᠭ ᠤ᠋ᠨ ᠭᠠᠨᠵᠤᠤᠷ ᠰᠦᠮ᠎ᠡ ᠪᠠᠯᠭᠠᠰᠤ ᠵᠢᠨ ᠬᠤᠶᠠᠷᠮᠤᠳᠤ ᠲᠣᠰᠭᠣᠨ ᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢᠨ ᠵᠢᠱ᠌ᠢᠢ᠎ᠡ ᠦᠵᠡᠭᠦᠯᠬᠦ ᠣᠷᠣᠨ ᠳ᠋ᠦ᠍ ᠴᠦ᠍ ᠳᠠᠷᠢᠶᠠᠴᠢᠳ ᠬᠦᠷᠦᠰᠤ ᠱᠢᠷᠣᠢ ᠵᠢ ᠲᠡᠭᠱᠢᠯᠡᠨ ᠬᠠᠪᠤᠷ ᠤ᠋ᠨ ᠲᠠᠷᠢᠶᠠᠯᠠᠭ᠎ᠠ ᠵᠢᠨ ᠪᠡᠯᠡᠳᠭᠡᠯ ᠠᠵᠢᠯ ᠳ᠋ᠠᠭᠠᠨ ᠶᠠᠭᠠᠷᠠᠯᠳᠤᠨ᠎ᠠ᠃ ᠳᠤᠰ ᠵᠢᠱ᠌ᠢᠢ᠎ᠡ ᠦᠵᠡᠭᠦᠯᠬᠦ ᠣᠷᠣᠨ ᠨᠢ ᠲᠣᠣᠷᠯᠢᠭ ᠬᠡᠯᠪᠡᠷᠢ ᠪᠠᠷ ᠪᠠᠢᠷᠢᠱᠢᠵᠤ᠂ ᠭᠣᠣᠯ ᠵᠠᠮ ᠤ᠋ᠨ ᠬᠣᠶᠠᠷ ᠲᠠᠯ᠎ᠠ ᠪᠠᠷ ᠲᠥᠪᠯᠡᠷᠡᠨ ᠵᠠᠯᠭᠠᠯᠳᠤᠭᠰᠠᠨ ᠲᠠᠷᠢᠶᠠᠨ ᠭᠠᠵᠠᠷ᠂ ᠤᠰᠤ ᠲᠠᠳᠠᠬᠤ ᠰᠤᠪᠠᠭ᠂ ᠤᠰᠤ ᠵᠠᠯᠠᠬᠤ ᠰᠤᠪᠠᠭ᠂ ᠬᠠᠯᠬᠠᠪᠴᠢ ᠣᠢ ᠵᠡᠷᠭᠡ ᠵᠢ ᠢᠵᠢ ᠪᠦᠷᠢᠳᠦᠭᠦᠯᠦᠨ ᠪᠦᠳᠦᠭᠡᠨ ᠪᠠᠢᠭᠤᠯᠵᠠᠢ᠃ 《ᠮᠠᠨ ᠤ᠋ ᠡᠨᠳᠡᠬᠢ ᠲᠠᠷᠢᠶᠠᠨ ᠭᠠᠵᠠᠷ ᠲᠡᠭᠱᠢᠬᠡᠨ ᠪᠤᠯᠵᠤ᠂ ᠭᠠᠩᠳᠠᠪᠠᠯ ᠤᠰᠤᠯᠠᠵᠤ ᠲᠡᠢᠯᠤᠨ᠎ᠠ᠂ ᠪᠤᠷᠤᠭᠠᠨ ᠶᠡᠬᠡᠳᠠᠢ ᠪᠤᠯ ᠲᠠᠷᠢᠶᠠᠨ ᠭᠠᠵᠠᠷ ᠲᠦ᠍ ᠬᠤᠷᠠᠭᠰᠠᠨ ᠤᠰᠤ ᠵᠢ ᠪᠠᠰᠠ ᠭᠠᠳᠠᠭᠰᠢ ᠵᠠᠯᠠᠵᠤ ᠲᠠᠢᠯᠬᠦ ᠪᠤᠯᠵᠠᠢ᠃ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤ᠋ᠨ ᠪᠦᠳᠦᠬᠡᠨ ᠪᠠᠢᠭᠤᠯᠤᠯᠳᠠ ᠬᠢᠭᠰᠡᠨ ᠡᠴᠡ ᠠᠮᠤ ᠪᠤᠳᠠᠭᠠᠨ ᠤ᠋ ᠮᠦ᠍ ᠳᠤᠮᠳᠠᠴᠢ ᠵᠢᠨ ᠤᠨᠠᠯᠳᠠ 100 ᠭᠠᠷᠤᠢ ᠺᠢᠯᠦᠭᠷᠠᠮ ᠨᠡᠮᠡᠭᠳᠡᠯ᠎ᠠ》ᠭᠡᠵᠦ ᠬᠤᠶᠠᠷᠮᠤᠳᠤ ᠲᠣᠰᠭᠣᠨ ᠤ᠋ ᠠᠷᠠᠳ ᠤ᠋ᠳ ᠰᠠᠨᠠᠯ ᠨᠢᠬᠡᠳᠠᠢ ᠶᠠᠷᠢᠵᠠᠭᠠᠨ᠎ᠠ ᠃

ᠪᠠᠶᠠᠨᠨᠠᠭᠤᠷ ᠬᠣᠲᠠ ᠤᠢᠷ᠎ᠠ ᠵᠢᠨ ᠬᠤᠶᠠᠷ ᠵᠢᠯ ᠳ᠋ᠤ ᠪᠡᠯᠡ ᠣᠷᠣᠭᠤᠯᠤᠯᠲᠠ ᠪᠠᠨ ᠲᠥᠪᠯᠡᠷᠡᠭᠦᠯᠵᠤ᠂ ᠲᠠᠷᠢᠶᠠᠨ ᠭᠠᠵᠠᠷ ᠢ᠋ ᠵᠠᠯᠭᠠᠯᠳᠤᠭᠤᠯᠤᠨ ᠵᠠᠰᠠᠬᠤ᠂ ᠭᠣᠣᠯᠳᠠᠯᠭ᠎ᠠ ᠵᠢ ᠳᠣᠪᠣᠢᠯᠭᠠᠬᠤ᠂ ᠪᠦᠬᠦᠯᠢ ᠴᠣᠭᠴᠠ ᠪᠠᠷ ᠠᠬᠢᠭᠤᠯᠬᠤ ᠠᠷᠭ᠎ᠠ ᠬᠡᠯᠪᠡᠷᠢ ᠪᠡᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠪᠦᠲᠦᠭᠡᠨ ᠪᠠᠢᠭᠤᠯᠵᠤ᠂ 《ᠡᠷᠦᠬᠡ ᠪᠣᠯᠭᠠᠨ ᠳ᠋ᠦ᠍ ᠥᠨᠳᠥᠷ ᠪᠠᠷᠢᠮᠵᠢᠶᠠᠳᠤ ᠲᠠᠷᠢᠶᠠᠨ ᠭᠠᠵᠠᠷ ᠳᠠᠢ》 ᠂ 《ᠲᠣᠰᠭᠣᠨ ᠪᠣᠯᠭᠠᠨ ᠳ᠋ᠦ᠍ ᠥᠨᠳᠥᠷ ᠪᠠᠷᠢᠮᠵᠢᠶᠠᠳᠤ ᠲᠠᠷᠢᠶᠠᠨ ᠭᠠᠵᠠᠷ ᠳᠠᠢ》 ᠪᠠᠢᠬᠤ ᠪᠠᠢᠷᠢᠱᠢᠯ ᠢ᠋ ᠠᠯᠬᠤᠮ ᠠᠯᠬᠤᠮ ᠵᠢᠨᠷ ᠪᠦᠷᠢᠯᠳᠦᠬᠦᠯᠵᠤ᠂ ᠲᠠᠷᠢᠶᠠᠯᠠᠩ ᠤ᠋ᠨ ᠬᠡᠪᠴᠢᠶᠡᠵᠢᠭᠰᠡᠨ ᠦᠢᠯᠡᠳᠪᠦᠷᠢᠯᠡᠯ ᠢ᠋ ᠬᠦᠴᠦᠯᠡᠨ ᠠᠬᠢᠭᠤᠯᠵᠠᠢ᠃ ᠪᠦᠬᠦ ᠬᠤᠳᠠ ᠵᠢᠨ 7 ᠬᠤᠰᠢᠭᠤ ᠰᠢᠶᠠᠨ ᠳᠤᠭᠤᠷᠢᠭ ᠲᠦ᠍ ᠬᠤᠯᠪᠤᠭᠳᠠᠭᠰᠠᠨ ᠨᠡᠢᠳᠡ 232.19 ᠲᠦᠮᠡᠨ ᠮᠦ᠍ ᠵᠢᠨ ᠦᠨᠳᠦᠷ ᠪᠠᠷᠢᠮᠵᠢᠶᠠᠳᠤ ᠳᠠᠷᠢᠶᠠᠨ ᠭᠠᠵᠠᠷ ᠤ᠋ᠨ ᠪᠦᠳᠦᠭᠡᠨ ᠪᠠᠢᠭᠤᠯᠤᠯᠳᠠ ᠵᠢ ᠨᠢᠭᠡᠳᠦᠯᠳᠠᠢ ᠲᠦᠯᠦᠪᠵᠢᠭᠦᠯᠤᠨ ᠨᠠᠢᠳᠠᠪᠤᠷᠢᠵᠢᠭᠤᠯᠵᠤ᠂ ᠤᠳᠤᠬᠠᠨ ᠳ᠋ᠤ ᠨᠢᠬᠡᠨᠳᠡ 124.09 ᠲᠦᠮᠡᠨ ᠮᠦ᠍ ᠵᠢᠨ ᠳᠠᠷᠢᠶᠠᠨ ᠭᠠᠵᠠᠷ ᠤ᠋ᠨ ᠪᠦᠳᠦᠬᠡᠨ ᠪᠠᠢᠭᠤᠯᠤᠯᠳᠠ ᠵᠢ ᠳᠠᠭᠤᠰᠬᠠᠨ᠂ 108.1 ᠲᠦᠮᠡᠨ ᠮᠦ᠍ ᠵᠢᠨ ᠳᠠᠷᠢᠶᠠᠨ ᠭᠠᠵᠠᠷ ᠲᠦ᠍ ᠪᠠᠷᠢᠯᠭ᠎ᠠ ᠡᠬᠢᠯᠡᠭᠦᠯᠵᠤ ᠂ ᠡᠨᠡ ᠵᠢᠯ ᠤ᠋ᠨ ᠰᠡᠭᠦᠯᠴᠢ ᠪᠡᠷ ᠪᠦᠬᠦᠨ ᠢ᠋ ᠪᠠᠷᠢᠯᠭ᠎ᠠ ᠳᠠᠭᠤᠰᠬᠠᠬᠤ ᠪᠡᠷ ᠲᠦᠯᠦᠪᠯᠡᠵᠤ ᠪᠠᠢᠨ᠎ᠠ ᠃

ᠦᠨᠳᠦᠷ ᠪᠠᠷᠢᠮᠵᠢᠶᠠᠳᠤ ᠳᠠᠷᠢᠶᠠᠨ ᠭᠠᠵᠠᠷ ᠤ᠋ᠨ ᠪᠦᠳᠦᠭᠡᠨ ᠪᠠᠢᠭᠤᠯᠤᠯᠳᠠ ᠪᠤᠯ《ᠲᠠᠷᠢᠶᠠᠨ ᠭᠠᠵᠠᠷ ᠤ᠋ᠨ ᠠᠮᠤ ᠪᠤᠳᠠᠭᠠᠨ ᠤ᠋ ᠦᠢᠯᠡᠳᠪᠤᠷᠢᠯᠡᠯ ᠤ᠋ᠨ ᠴᠢᠳᠠᠪᠤᠷᠢ ᠵᠢ ᠪᠠᠳᠤᠯᠠᠵᠤ ᠮᠡᠷᠬᠡᠵᠢᠯ ᠵᠢᠡᠷ ᠠᠮᠤ ᠪᠤᠳᠠᠭᠠᠨ ᠤ᠋ ᠤᠨᠠᠯᠳᠠ ᠵᠢ ᠨᠡᠮᠡᠭᠳᠡᠬᠦᠯᠬᠦ》ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠰᠢᠨ ᠤ᠋ ᠪᠠᠢᠯᠳᠤᠬᠤ ᠪᠤᠳᠤᠯᠭ᠎ᠠ ᠵᠢ ᠳᠤᠭᠤᠰᠢᠯᠠᠭᠤᠯᠤᠨ ᠨᠠᠢᠳᠠᠪᠤᠷᠢᠵᠢᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ ᠡᠭᠦᠨ ᠤ᠋ ᠵᠤᠷᠢᠯᠭ᠎ᠠ ᠨᠢ ᠳᠠᠷᠢᠶᠠᠯᠠᠩ ᠤ᠋ᠨ ᠰᠠᠭᠤᠷᠢ ᠲᠦᠭᠦᠭᠡᠷᠦᠮᠵᠢ ᠪᠠ ᠦᠢᠯᠡᠳᠪᠦᠷᠢᠯᠡᠯ ᠤ᠋ᠨ ᠨᠦᠭᠦᠴᠡᠯ ᠢ᠋ ᠰᠠᠢᠵᠢᠷᠠᠭᠤᠯᠤᠨ᠂ ᠳᠠᠷᠢᠶᠠᠨ ᠭᠠᠵᠠᠷ ᠤ᠋ᠨ ᠶᠠᠰᠤ ᠴᠢᠨᠠᠷ ᠤ᠋ᠨ ᠲᠦᠪᠰᠢᠨ ᠢ᠋ ᠴᠢᠨᠠᠭᠰᠢᠳᠠ ᠳᠡᠭᠡᠭᠰᠢᠯᠡᠭᠦᠯᠵᠤ᠂ ᠠᠮᠤ ᠪᠤᠳᠠᠭᠠᠨ ᠤ᠋ ᠤᠨᠠᠯᠳᠠ ᠵᠢ ᠳᠤᠭᠳᠠᠪᠤᠷᠢᠵᠢᠭᠤᠯᠤᠨ᠂ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠳᠤᠯᠠᠵᠤ᠂ ᠳᠠᠷᠢᠶᠠᠴᠢᠳ ᠤ᠋ᠨ ᠤᠷᠤᠯᠭ᠎ᠠ ᠵᠢ ᠨᠠᠮᠡᠭᠳᠡᠭᠦᠯᠬᠦ ᠵᠢᠨ ᠲᠦᠯᠦᠭᠡ ᠶᠤᠮ ᠃

ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠲᠢᠩᠬᠢᠮ ᠤ᠋ᠨ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢᠨ ᠬᠠᠮᠢᠶᠠᠷᠤᠯᠲᠠ ᠵᠢᠨ ᠭᠠᠵᠠᠷ ᠡᠴᠡ ᠬᠠᠩᠭᠠᠭᠰᠠᠨ ᠮᠠᠲ᠋ᠸᠷᠢᠶᠠᠯ ᠢ᠋ ᠦᠨᠳᠤᠰᠤᠯᠡᠪᠡᠯ᠂ ᠤᠳᠤ ᠪᠦᠬᠦ ᠤᠷᠤᠨ ᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠶᠡᠷᠦᠩᠬᠡᠢ ᠲᠠᠯᠠᠪᠠᠢ 4589 ᠲᠦᠮᠡᠨ ᠮᠦ᠍ ᠪᠣᠯᠤᠨ ᠨᠡᠮᠡᠭᠳᠡᠵᠦ᠂ ᠮᠦ᠍ ᠳᠤᠮᠳᠠᠴᠢ ᠵᠢᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ 10% — 20% ᠪᠠᠷ ᠲᠠᠬᠡᠭᠰᠢᠯᠡᠬᠦᠯᠦᠨ᠂ ᠥᠪᠡᠷ ᠤ᠋ᠨ ᠥᠷᠲᠡᠭ ᠢ᠋ ᠠᠷᠪᠢᠯᠠᠬᠤ ᠪᠠ ᠦᠷ᠎ᠡ ᠠᠱᠢᠭ ᠢ᠋ ᠲᠡᠬᠡᠭᠰᠢᠯᠡᠬᠦᠯᠬᠦ ᠪᠡᠷ ᠲᠠᠮᠵᠢᠨ ᠮᠦ᠍ ᠳᠤᠮᠳᠠᠴᠢ ᠵᠢᠨ ᠠᠰᠢᠭ ᠤᠷᠤᠯᠭ᠎ᠠ ᠵᠢ 300 ᠭᠠᠷᠤᠢ ᠲᠥᠭᠥᠷᠢᠭ ᠨᠡᠮᠡᠭᠳᠡᠭᠦᠯᠵᠦ᠂ ᠠᠮᠤ ᠪᠤᠳᠠᠭᠠᠨ ᠤ᠋ ᠤᠨᠠᠯᠲᠠ ᠵᠢ ᠨᠡᠮᠡᠭᠳᠡᠭᠦᠯᠬᠦ᠂ ᠲᠠᠷᠢᠶᠠᠴᠢᠳ ᠤ᠋ᠨ ᠣᠷᠣᠯᠭ᠎ᠠ ᠵᠢ ᠨᠡᠮᠡᠭᠳᠡᠭᠦᠯᠬᠦ ᠲᠠᠯ᠎ᠠ ᠪᠡᠷ ᠴᠢᠬᠤᠯᠠ ᠦᠢᠯᠡᠳᠦᠯ ᠦᠵᠡᠭᠦᠯᠵᠦ ᠪᠠᠢᠨ᠎ᠠ᠃ ᠮᠠᠨ ᠤ᠋ ᠤᠷᠤᠨ ᠣᠳᠣᠬᠠᠨ ᠪᠤᠯᠳᠠᠯ᠎ᠠ ᠨᠢᠭᠡᠨᠲᠡ ᠣᠷᠣᠨ ᠨᠤᠲᠤᠭ ᠤ᠋ᠨ ᠡᠳ᠋ ᠤ᠋ᠨ ᠵᠠᠰᠠᠭ ᠤ᠋ᠨ ᠪᠡᠯᠡ ᠮᠦᠩᠭᠥ ᠵᠢ 15.4 ᠳ᠋ᠦᠩᠱᠢᠭᠤᠷ ᠲᠥᠭᠥᠷᠢᠭ ᠴᠤᠭᠯᠠᠭᠤᠯᠵᠤ᠂ ᠤᠰᠤᠯᠠᠯᠲᠠ ᠵᠢᠨ ᠲᠠᠷᠢᠶᠠᠨ ᠭᠠᠵᠠᠷ ᠪᠤᠯᠤᠨ ᠬᠠᠭᠤᠷᠠᠢ ᠲᠠᠷᠢᠶᠠᠨ ᠭᠠᠵᠠᠷ ᠤ᠋ᠨ ᠮᠦ᠍ ᠪᠦᠷᠢ ᠵᠢᠨ ᠪᠡᠯᠡ ᠣᠷᠣᠭᠤᠯᠤᠯᠲᠠ ᠵᠢᠨ ᠪᠠᠷᠢᠮᠵᠢᠶ᠎ᠠ ᠵᠢ ᠲᠤᠰ ᠪᠦᠷᠢ 1800 ᠲᠥᠭᠥᠷᠢᠭ ᠪᠠ 1300 ᠲᠥᠭᠥᠷᠢᠭ ᠪᠣᠯᠭᠠᠨ ᠳᠡᠭᠡᠭᠱᠢᠯᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢᠨ ᠲᠦᠪᠱᠢᠨ ᠢ᠋ ᠲᠣᠭᠲᠠᠭᠤᠨ ᠵᠢᠨᠷ ᠳᠡᠭᠡᠭᠱᠢᠯᠡᠬᠦᠯᠬᠦ ᠵᠢ ᠪᠦᠲᠦᠮᠵᠢᠲᠡᠢ ᠪᠠᠲᠤᠯᠠᠵᠤ ᠪᠤᠢ ᠃

ᠤᠢᠯᠠᠭᠠᠭᠰᠠᠨ ᠵᠢᠡᠷ ᠂ ᠡᠨᠡ ᠵᠢᠯ ᠮᠠᠨ ᠤ᠋ ᠤᠷᠤᠨ ᠦᠨᠳᠦᠰᠦᠨ ᠲᠠᠷᠢᠶᠠᠨ ᠭᠠᠵᠠᠷ ᠂ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠮᠵᠢᠲᠤ ᠣᠷᠣᠨ ᠂ ᠴᠢᠬᠤᠯᠠ ᠲᠠᠷᠢᠶᠠᠯᠠᠩ ᠤ᠋ᠨ ᠪᠦᠲᠦᠭᠡᠭᠳᠡᠬᠦᠨ ᠦ᠌ ᠬᠠᠮᠠᠭᠠᠯᠠᠯᠲᠠ ᠵᠢᠨ ᠣᠷᠣᠨ ᠵᠡᠷᠭᠡ ᠣᠷᠣᠨ ᠪᠦᠰᠡ ᠳ᠋ᠦ᠍ 400 ᠲᠦᠮᠡᠨ ᠮᠦ᠍ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ᠋ ᠱᠢᠨ᠎ᠡ ᠪᠠᠷ ᠪᠦᠳᠦᠬᠡᠨ ᠪᠠᠢᠭᠤᠯᠵᠤ᠂ ᠠᠮᠤ ᠪᠤᠳᠠᠭ᠎ᠠ ᠲᠠᠷᠢᠬᠤ ᠲᠣᠮᠣ ᠡᠷᠦᠬᠡ᠂ ᠭᠡᠷ ᠪᠦᠯᠢ ᠵᠢᠨ ᠲᠠᠷᠢᠶᠠᠯᠠᠩ ᠤ᠋ᠨ ᠲᠠᠯᠠᠪᠠᠢ᠂ ᠲᠠᠷᠢᠶᠠᠴᠢᠳ ᠤ᠋ᠨ ᠬᠣᠷᠱᠢᠭᠰᠠᠨ ᠵᠣᠬᠢᠶᠠᠨ ᠪᠠᠢᠭᠤᠯᠤᠯᠲᠠ ᠵᠡᠷᠭᠡ ᠱᠢᠨ᠎ᠡ ᠬᠡᠯᠪᠡᠷᠢ ᠵᠢᠨ ᠡᠵᠡᠩᠨᠡᠯᠲᠡ ᠵᠢᠨ ᠭᠣᠣᠯ ᠴᠣᠭᠴᠠ ᠵᠢᠨ ᠬᠡᠪᠴᠢᠶᠡᠵᠢᠭᠦᠯᠦᠨ ᠠᠮᠤ ᠪᠤᠳᠠᠭ᠎ᠠ ᠲᠠᠷᠢᠬᠤ ᠵᠢ ᠵᠣᠷᠢᠭᠵᠢᠭᠤᠯᠵᠤ ᠂ ᠰᠠᠢᠨ ᠲᠠᠷᠢᠶᠠᠨ ᠭᠠᠵᠠᠷ ᠡᠴᠡ ᠡᠯᠪᠡᠭ ᠠᠮᠤ ᠬᠤᠷᠢᠶᠠᠬᠤ ᠵᠢ ᠦᠨᠡᠨ ᠬᠦ᠌ ᠪᠠᠳᠤᠯᠠᠨ ᠠᠬᠢᠭᠤᠯᠵᠤ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面