2022-04-17 20:18:46
ᠬᠢᠵᠢᠭ᠎ᠦ᠋ᠨ ᠪᠠᠢᠳᠠᠯ᠎ᠢ ᠰᠡᠷᠭᠡᠢᠯᠡᠨ ᠡᠵᠡᠮᠳᠡᠬᠦ ᠵᠠᠩᠭᠢᠯᠠᠭ᠎ᠠ᠎ᠶᠢᠨ ᠴᠠᠭ ᠦᠶ᠎ᠡ ᠳ᠋ᠤ ᠬᠠᠪᠤᠷ᠎ᠤ᠋ᠨ ᠲᠠᠷᠢᠶᠠᠯᠠᠭ᠎ᠠ᠎ᠶᠢᠨ ᠪᠡᠯᠡᠳᠭᠡᠯ ᠠᠵᠢᠯ᠎ᠢ ᠦᠯᠦ ᠰᠠᠭᠠᠲᠠᠭᠠᠬᠤ ᠵᠢᠨ ᠲᠦᠯᠦᠭᠡ᠂ ᠦᠪᠡᠷᠲᠡᠭᠡᠨ ᠵᠠᠰᠠᠬᠤ ᠤᠷᠤᠨ᠎ᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦ᠋ᠨ ᠨᠡᠢᠭᠡᠮᠯᠢᠭᠦ᠋ᠨ ᠬᠢᠨ 《ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠡᠭᠦᠯᠡᠨ ᠲᠠᠪᠴᠠᠩ》APP ᠪᠡᠷ ᠳᠠᠮᠵᠢᠭᠤᠯᠤᠨ ᠰᠦᠯᠵᠢᠶᠡᠨ ᠳᠡᠭᠡᠷ᠎ᠡ ᠵᠦᠪᠯᠡᠯᠭᠡ ᠥᠭ᠌ᠬᠦ᠂ ᠲᠤᠰᠭᠠᠢ ᠮᠡᠷᠭᠡᠵᠢᠯᠲᠡᠨ ᠱᠢᠭᠤᠳ ᠨᠡᠪᠲᠡᠷᠡᠭᠦᠯᠭᠡ ᠬᠢᠬᠦ ᠪᠠ ᠮᠡᠳᠡᠭᠡ ᠵᠠᠩᠭᠢ᠎ᠶᠢᠨ ᠦᠢᠯᠡᠴᠢᠯᠡᠭᠡ ᠬᠠᠩᠭᠠᠬᠤ ᠵᠡᠷᠭᠡ ᠠᠷᠭ᠎ᠠ ᠬᠡᠯᠪᠡᠷᠢ ᠪᠡᠷ ᠮᠠᠯᠴᠢᠨ ᠲᠠᠷᠢᠶᠠᠴᠢᠨ᠎ᠤ ᠬᠠᠪᠤᠷ᠎ᠤ᠋ᠨ ᠲᠠᠷᠢᠶᠠᠯᠠᠩ ᠦᠢᠯᠡᠳᠪᠦᠷᠢᠯᠡᠯ ᠳ᠋ᠤ ᠬᠠᠪᠰᠤᠷᠤᠯᠭ᠎ᠠ ᠦᠵᠡᠬᠦᠯᠵᠦ᠂ ᠬᠢᠵᠢᠭ᠎ᠦ᠋ᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠲᠠᠷᠢᠶᠠᠯᠠᠩ ᠦᠢᠯᠡᠳᠪᠦᠷᠢᠯᠡᠯ᠎ᠢ ᠪᠠᠲᠤᠯᠠᠬᠤ ᠠᠵᠢᠯ᠎ᠢ ᠵᠡᠷᠭᠡ ᠪᠡᠷ ᠠᠬᠢᠭᠤᠯᠵᠤ᠂ ᠣᠯᠠᠨ ᠲᠦᠮᠡᠨ᠎ᠦ᠌ ᠣᠷᠣᠯᠭ᠎ᠠ᠎ᠪᠠᠨ ᠨᠡᠮᠡᠭ᠌ᠳᠡᠭᠦᠯᠬᠦᠳ᠋ᠦ᠍ ᠰᠠᠢᠨ ᠰᠠᠢᠬᠠᠨ ᠰᠠᠭᠤᠷᠢ᠎ᠶᠢ ᠲᠠᠯᠪᠢᠵᠤ ᠪᠤᠢ᠃
ᠰᠦᠯᠵᠢᠶᠡᠨ ᠳᠡᠭᠡᠷ᠎ᠡ ᠬᠦᠴᠢᠷ ᠠᠰᠠᠭᠤᠳᠠᠯ᠎ᠢ ᠬᠦᠯᠢᠶᠡᠨ ᠠᠪᠴᠤ᠌ ᠱᠢᠢᠳᠪᠦᠷᠢᠯᠡᠨ᠎ᠡ᠃ 《 ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ ᠡᠭᠦᠯᠡᠨ ᠲᠠᠪᠴᠠᠩ》 APP ᠨᠢ ᠮᠠᠯ ᠠᠵᠤ ᠠᠬᠤᠢ᠎ᠲᠠᠷᠢᠶᠠᠯᠠᠩ᠎ᠤᠨ ᠲᠤᠰᠭᠠᠢ ᠮᠡᠷᠭᠡᠵᠢᠯᠲᠡᠨ ᠪᠠ ᠮᠠᠯᠴᠢᠨ ᠲᠠᠷᠢᠶᠠᠴᠢᠨᠤ᠋ ᠬᠤᠭᠤᠷᠤᠨᠳᠤᠬᠢ ᠬᠦᠭᠦᠷᠭᠡ ᠬᠤᠯᠪᠤᠭᠠᠰᠤ ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠦᠯᠵᠢᠶᠡᠨ ᠳᠡᠭᠡᠷ᠎ᠡ ᠵᠦᠪᠯᠡᠯᠭᠡ ᠦᠭᠬᠦ ᠪᠡᠷ ᠳᠠᠮᠵᠢᠭᠤᠯᠤᠨ ᠥᠷᠭᠡᠨ ᠣᠯᠠᠨ ᠮᠠᠯᠴᠢᠨ ᠲᠠᠷᠢᠶᠠᠴᠢᠨ ᠡᠷᠦᠬᠡ᠎ᠶᠢ ᠬᠠᠪᠰᠤᠷᠴᠤ ᠦᠢᠯᠡᠳᠪᠦᠷᠢᠯᠡᠯ ᠠᠮᠢᠳᠤᠷᠠᠯ᠎ᠤ᠋ᠨ ᠬᠦᠴᠢᠷ ᠠᠰᠠᠭᠤᠳᠠᠯ᠎ᠢ ᠨᠢ ᠱᠢᠢᠳᠪᠦᠷᠢᠯᠡᠵᠦ ᠥᠭ᠌ᠴᠦ ᠪᠠᠢᠳᠠᠭ᠃ ᠤᠢᠯᠠᠭᠠᠭᠰᠠᠨ ᠵᠢᠡᠷ ᠤᠳᠤ ᠪᠤᠯᠲᠠᠯ᠎ᠠ ᠲᠤᠰ ᠲᠠᠪᠴᠠᠩᠵᠢᠡᠷ ᠠᠰᠠᠭᠤᠨ ᠯᠠᠪᠯᠠᠭᠰᠠᠨ ᠬᠡᠮᠵᠢᠶ᠎ᠡ 200 ᠭᠠᠷᠤᠢ ᠵᠤᠷᠪᠤᠰ ᠪᠠᠢᠵᠤ᠂ ᠡᠭᠦᠨ ᠳ᠋ᠦ 100 ᠭᠠᠷᠤᠢ ᠵᠤᠷᠪᠤᠰ᠎ᠲᠤ ᠲᠤᠰᠭᠠᠢ ᠮᠡᠷᠭᠡᠵᠢᠯ᠎ᠤᠨ ᠵᠦᠪᠯᠡᠯᠭᠡ ᠦᠭᠴᠦ᠂ ᠲᠠᠷᠢᠶᠠᠴᠢᠳ᠎ᠤᠨ ᠦᠢᠯᠡᠳᠪᠦᠷᠢᠯᠡᠯ᠎ᠤᠨ ᠮᠡᠷᠭᠡᠵᠢᠯ᠎ᠦ᠋ᠨ ᠬᠡᠷᠡᠭ᠌ᠴᠡᠭᠡ ᠱᠠᠭᠠᠷᠳᠠᠯᠭ᠎ᠠ᠎ᠶᠢ ᠦᠨᠡᠨᠬᠦ᠌ ᠱᠢᠢᠳᠪᠦᠷᠢᠯᠡᠵᠦ᠍ ᠪᠠᠢᠨ᠎ᠠ᠃
ᠲᠤᠰᠭᠠᠢ ᠮᠡᠷᠭᠡᠵᠢᠯᠲᠡᠳ ᠱᠢᠭᠤᠳ ᠨᠡᠪᠲᠡᠷᠡᠭᠦᠯᠭᠡ ᠬᠢᠵᠦ ᠦᠢᠯᠡᠳᠪᠦᠷᠢᠯᠡᠯ᠎ᠢ ᠠᠬᠢᠭᠤᠯᠤᠨ᠎ᠠ᠃ 《ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ ᠡᠭᠦᠯᠡᠨ ᠲᠡᠪᠴᠠᠩ》 APP ᠨᠢ ᠲᠠᠷᠢᠶᠠᠯᠠᠩ᠎ᠤ᠋ᠨ ᠲᠤᠰᠭᠠᠢ ᠮᠡᠷᠭᠡᠵᠢᠯᠲᠡᠳ᠎ᠢ ᠵᠣᠬᠢᠶᠠᠨ ᠪᠠᠢᠭᠤᠯᠤᠨ ᠰᠦᠯᠵᠢᠶᠡᠨ ᠳᠡᠭᠡᠷ᠎ᠡ ᠱᠢᠭᠤᠳ ᠨᠡᠪᠲᠡᠷᠡᠭᠦᠯᠬᠦ᠌᠂ ᠲᠤᠬᠠᠢ᠎ᠶᠢᠨ ᠲᠠᠯᠠᠪᠠᠢ᠎ᠳ᠋ᠤ ᠸᠢᠳᠢᠣ᠋ ᠱᠢᠩᠭᠡᠭᠡᠵᠦ᠍ ᠠᠪᠬᠤ᠂ ᠠᠯᠤᠰ ᠵᠢᠭᠠᠨ ᠰᠤᠷᠭᠠᠯᠲᠠ ᠵᠡᠷᠭᠡ ᠬᠡᠯᠪᠡᠷᠢ᠎ᠪᠡᠷ ᠬᠠᠪᠤᠷ᠎ᠤ᠋ᠨ ᠲᠠᠷᠢᠶᠠᠯᠠᠩ ᠦᠢᠯᠡᠳᠪᠦᠷᠢᠯᠡᠯ᠎ᠦ᠋ᠨ ᠮᠡᠷᠭᠡᠵᠢᠯ᠎ᠦ᠋ᠨ ᠵᠢᠯᠤᠭᠤᠳᠤᠯᠭ᠎ᠠ ᠵᠢᠨ ᠦᠢᠯᠡᠴᠢᠯᠡᠭᠡ ᠦᠷᠨᠢᠭᠦᠯᠬᠦ ᠵᠢᠨ ᠬᠠᠮᠲᠤ ᠲᠠᠷᠢᠶᠠᠴᠢᠳᠲᠤ᠌ ᠬᠠᠨᠳᠤᠭᠤᠯᠤᠨ 《ᠬᠠᠪᠤᠷ᠎ᠤ᠋ᠨ ᠲᠠᠷᠢᠶᠠᠯᠠᠩ᠎ᠤᠨ ᠮᠡᠷᠭᠡᠵᠢᠯ᠎ᠦ᠋ᠨ ᠬᠢᠴᠢᠶᠡᠯ᠎ᠦ᠋ᠨ ᠲᠠᠩᠬᠢᠮ》 ᠢ᠋ ᠲᠤᠰᠭᠠᠢᠯᠠᠨ ᠨᠡᠭᠡᠭᠡᠵᠦ᠂ ᠦᠪᠦᠷ ᠮᠤᠩᠭᠤᠯ᠎ᠤᠨ ᠤᠷᠭᠤᠮᠠᠯ᠎ᠤᠨ ᠬᠠᠮᠠᠭᠠᠯᠠᠯᠲᠠ ᠵᠢᠨ ᠨᠡᠢᠭᠡᠮᠯᠢᠭ᠎ᠤᠨ ᠰᠢᠦᠢ ᠯᠢ ᠮᠢᠨ ᠵᠡᠷᠭᠡ ᠲᠤᠰᠬᠠᠢ ᠮᠡᠷᠭᠡᠵᠢᠯᠲᠡᠳ᠎ᠢ ᠤᠷᠢᠵᠤ ᠲᠠᠷᠢᠮᠠᠯ᠎ᠤ᠋ᠨ ᠡᠭᠦᠯᠳᠡᠷ ᠰᠣᠩᠭᠣᠬᠤ᠂ ᠡᠪᠡᠳᠴᠢᠨ ᠬᠣᠷᠣᠬᠠᠢ᠎ᠶᠢᠨ ᠬᠥᠨᠥᠭᠡᠯ᠎ᠢ ᠬᠢᠨᠠᠨ ᠬᠡᠮᠵᠢᠬᠦ᠌ ᠬᠢᠭᠡᠳ ᠰᠡᠷᠭᠡᠢᠯᠡᠨ ᠵᠠᠰᠠᠬᠤ ᠵᠡᠷᠭᠡ ᠠᠭᠤᠯᠭ᠎ᠠ ᠵᠢᠨ ᠲᠤᠭᠤᠷᠢᠨ ᠳ᠋ᠤ ᠲᠤᠭᠲᠠᠭᠰᠠᠨ ᠬᠤᠭᠤᠴᠠᠭ᠎ᠠ ᠲᠠᠢ ᠪᠡᠷ ᠲᠠᠢᠯᠤᠮᠵᠢ ᠬᠢᠵᠦ ᠪᠠᠢᠳᠠᠭ ᠃
ᠮᠡᠳᠡᠭᠡ ᠵᠠᠩᠭᠢ᠎ᠶᠢᠨ ᠦᠢᠯᠡᠴᠢᠯᠡᠭᠡ ᠬᠠᠩᠭᠠᠵᠤ ᠬᠠᠪᠤᠷ᠎ᠤ᠋ᠨ ᠲᠠᠷᠢᠶᠠᠯᠠᠩ ᠦᠨ ᠪᠡᠯᠡᠳᠬᠡᠯ ᠬᠢᠨ᠎ᠡ᠃ ᠲᠤᠰ ᠲᠠᠪᠴᠠᠩ ᠨᠢ 《ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠬᠠᠪᠤᠷ᠎ᠤ᠋ᠨ ᠲᠠᠷᠢᠶᠠᠯᠠᠩ᠎ᠢ ᠠᠯᠢ ᠵᠢᠴᠦ ᠦᠯᠦ᠍ ᠰᠠᠭᠠᠲᠠᠭᠠᠬᠤ》ᠲᠤᠰᠭᠠᠢ ᠪᠤᠯᠤᠩ ᠲᠣᠬᠢᠷᠠᠭᠤᠯᠵᠤ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠬᠦᠯᠬᠦ ᠮᠡᠳᠡᠭᠡ ᠵᠠᠩᠭᠢᠨᠡᠢᠳᠡᠯᠡᠵᠦ᠂ ᠣᠳᠣᠪᠤᠯᠲᠠᠯᠠ ᠨᠢᠭᠡᠨᠲᠡ 2600 ᠭᠠᠷᠤᠢ ᠬᠤᠪᠢ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠵᠣᠬᠢᠶᠠᠯ ᠨᠡᠢᠳᠡᠯᠡᠭᠰᠡᠨ ᠪᠦᠭᠡᠳ ᠲᠠᠰᠤᠷᠠᠯᠲᠠ ᠦᠭᠡᠢ ᠱᠢᠨᠡᠳᠬᠡᠨ ᠨᠡᠮᠡᠵᠦ ᠪᠠᠢᠳᠠᠭ᠃ ᠲᠤᠰᠬᠠᠢ ᠮᠡᠷᠭᠡᠵᠢᠯᠲᠡᠳ ᠲᠤᠰ ᠪᠤᠯᠤᠩ ᠵᠢᠡᠷ ᠳᠠᠮᠵᠢᠨ 《ᠬᠢᠵᠢᠭ᠎ᠦ᠋ᠨ ᠪᠠᠢᠳᠠᠯ᠎ᠢ ᠰᠡᠷᠭᠡᠢᠯᠡᠨ ᠡᠵᠡᠮᠳᠡᠬᠦ ᠵᠦᠭ᠌ᠯᠡᠭᠦᠷ》 ᠵᠡᠷᠭᠡ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠮᠡᠳᠡᠯᠭᠡ᠎ᠶᠢ ᠨᠡᠢᠲᠡᠯᠡᠵᠦ᠍᠂ ᠬᠥᠳᠡᠭᠡ ᠲᠣᠰᠭᠣᠨᠤ᠋ ᠣᠯᠠᠨ ᠲᠦᠮᠡᠨ᠎ᠦ᠌ ᠱᠢᠨᠵᠢᠯᠡᠬᠦ᠌ ᠤᠬᠠᠭᠠᠨᠴᠢ᠎ᠪᠠᠷ ᠬᠢᠵᠢᠭ᠎ᠤᠨ ᠪᠠᠢᠳᠠᠯ᠎ᠢ ᠰᠡᠷᠭᠡᠢᠯᠡᠨ ᠡᠵᠡᠮᠳᠡᠬᠦ ᠦᠵᠡᠯ ᠤᠬᠠᠮᠰᠠᠷ᠎ᠢ ᠨᠡᠩ ᠢᠯᠡᠭᠦᠦ ᠳᠡᠭᠡᠭ᠌ᠰᠢᠯᠡᠭᠦᠯᠵᠦ᠍ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃