ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-10-25 10:27:17

ᠵᠣᠬᠢᠶᠠᠭ᠍ᠴᠢ᠄ ᠸ·ᠭᠡᠷᠡᠯᠳᠤ ᠣᠩᠱᠢᠭ᠍ᠰᠠᠨ ᠣᠳᠠᠭ᠎ᠠ᠄ 3

ᠤᠢᠷ᠎ᠡ ᠵᠢᠨ ᠡᠳᠦᠷ᠂ ᠦᠪᠦᠷ ᠮᠤᠩᠭᠤᠯ ᠎ᠤᠨ ᠨᠢᠭᠡᠳᠦᠭᠡᠷ ᠮᠠᠰᠢᠨ ᠮᠧᠬᠠᠨᠢᠭ᠎ᠤᠨ ᠪᠦᠯᠦᠭᠯᠡᠯ ᠪᠤᠭᠤᠲᠤ ᠬᠤᠳᠠ ᠳ᠋ᠤ ᠪᠦᠭᠡᠮ ᠬᠦᠴᠢᠯ᠎ᠤᠨ ᠪᠠᠢᠴᠠᠭᠠᠯᠳᠠ ᠵᠢᠨ ᠲᠡᠷᠭᠡ 1᠂ ᠪᠦᠭᠡᠮ ᠬᠦᠴᠢᠯ ᠎ᠤᠨ ᠪᠠᠢᠴᠠᠭᠠᠯᠳᠠ ᠵᠢᠨ ᠦᠯᠢᠭᠡᠷ ᠠᠪᠬᠤ ᠲᠡᠷᠭᠡ 2᠂ ᠰᠦᠭᠡᠷᠬᠦ ᠲᠠᠷᠤᠴᠠᠳᠤ ᠲᠦᠷᠭᠡᠨ ᠠᠪᠤᠷᠠᠯᠳᠠ ᠵᠢᠨ ᠲᠡᠷᠭᠡ 2᠂ ᠪᠦᠭᠡᠮ ᠬᠦᠴᠢᠯ ᠎ᠤᠨ ᠪᠠᠢᠴᠠᠭᠠᠯᠳᠠ ᠵᠢᠨ ᠴᠢᠩᠬᠡᠯᠢᠭ 1 ᠵᠢ ᠬᠠᠨᠳᠢᠪᠯᠠᠵᠦ ᠂ ᠮᠦᠨ 500 ᠲᠦᠮᠡᠨ ᠬᠠᠮᠠᠭᠠᠯᠠᠯᠳᠠ ᠵᠢᠨ ᠠᠮᠠᠪᠴᠢ ᠬᠠᠨᠳᠢᠪᠯᠠᠵᠦ ᠂ ᠡᠯ᠎ᠠ ᠲᠦᠷᠤᠯ ᠎ᠤᠨ ᠲᠤᠨᠤᠭ ᠲᠦᠭᠦᠭᠡᠷᠦᠮᠵᠢ ᠪᠤᠯᠤᠨ ᠡᠳ᠋ ᠪᠤᠳᠠᠰ᠎ᠢ ᠨᠤᠭᠤᠯᠵᠦ ᠪᠤᠳᠤᠬᠰᠠᠨ ᠦᠷᠳᠡᠭ ᠨᠢ 615 ᠲᠦᠮᠡᠨ ᠲᠦᠭᠦᠷᠢᠭ ᠲᠦ᠍ ᠬᠦᠷᠴᠦ᠂ ᠪᠤᠭᠤᠲᠤ ᠬᠤᠳᠠ ᠵᠢᠨ ᠬᠢᠵᠢᠭ ᠎ᠤᠨ ᠪᠠᠢᠳᠠᠯ ᠎ᠢ ᠰᠡᠷᠭᠡᠢᠯᠡᠨ ᠡᠵᠡᠮᠳᠡᠬᠦ ᠠᠵᠢᠯ ᠎ᠢ ᠬᠦᠴᠦᠳᠠᠢ ᠲᠡᠮᠵᠢᠭᠰᠡᠨ ᠪᠠᠢᠨ᠎ᠠ᠃

ᠦᠪᠡᠷᠳᠡᠭᠡᠨ ᠵᠠᠰᠠᠬᠤ ᠤᠷᠤᠨ ᠎ᠤ ᠬᠠᠮᠤᠭ᠎ᠤᠨ ᠲᠤᠮᠤ ᠲᠤᠨᠤᠭ ᠲᠦᠭᠦᠭᠡᠷᠦᠮᠵᠢ ᠦᠢᠯᠡᠳᠬᠦ ᠠᠵᠤ ᠠᠬᠤᠢᠯᠠᠯ ᠪᠤᠯᠤᠨ ᠴᠤᠷ ᠎ᠤᠨ ᠭᠠᠬᠴᠠ ᠬᠢᠵᠢᠭ ᠎ᠢ ᠡᠰᠡᠷᠭᠦᠴᠡᠬᠦ ᠲᠤᠨᠤᠭ ᠲᠦᠭᠦᠭᠡᠷᠦᠮᠵᠢ ᠵᠢᠴᠢ ᠡᠳ᠋ ᠪᠤᠳᠠᠰ ᠎ᠢ ᠦᠢᠯᠡᠳᠪᠦᠷᠢᠯᠡᠬᠦ ᠠᠵᠤ ᠠᠬᠤᠢᠯᠠᠯ ᠪᠤᠯᠤᠬᠰᠠᠨ ᠎ᠤ ᠬᠤᠪᠢ ᠳ᠋ᠤ᠂ ᠦᠪᠦᠷ ᠮᠤᠩᠭᠤᠯ ᠎ᠤᠨ ᠨᠢᠭᠡᠳᠦᠭᠡᠷ ᠮᠠᠰᠢᠨ ᠮᠧᠬᠠᠨᠢᠭ ᠎ᠤᠨ ᠪᠦᠯᠦᠭᠯᠡᠯ ᠨᠢ ᠨᠢᠭᠡ ᠲᠠᠯ᠎ᠠ ᠪᠡᠷ ᠬᠢᠵᠢᠭ ᠎ᠤᠨ ᠪᠠᠢᠳᠠᠯ ᠎ᠢ ᠰᠡᠷᠭᠡᠢᠯᠡᠨ ᠡᠵᠡᠮᠳᠡᠬᠦ ᠠᠵᠢᠯ ᠎ᠢ ᠰᠠᠢᠳᠤᠷ ᠬᠢᠵᠦ᠂ ᠨᠦᠭᠦᠭᠡ ᠲᠠᠯ᠎ᠠ ᠪᠠᠷ ᠠᠵᠤ ᠠᠬᠤᠢᠯᠠᠯ ᠎ᠤᠨ ᠦᠢᠯᠡᠳᠪᠦᠷᠢᠯᠡᠯ ᠡᠵᠡᠩᠨᠡᠯᠳᠡ ᠪᠡᠨ ᠴᠢᠩᠭ᠎ᠠ ᠠᠳᠬᠤᠬᠰᠠᠨ ᠪᠠᠢᠨ᠎ᠠ᠃ ᠪᠤᠭᠤᠲᠤ ᠬᠤᠳᠠ ᠵᠢᠨ ᠬᠢᠵᠢᠭ ᠎ᠤᠨ ᠪᠠᠢᠳᠠᠯ ᠎ᠤᠨ ᠰᠡᠷᠭᠡᠢᠯᠡᠨ ᠡᠵᠡᠮᠳᠡᠬᠦ ᠠᠵᠢᠯ ᠎ᠤᠨ ᠬᠠᠮᠢᠶ᠎ᠠ ᠪᠦᠬᠦᠢ ᠲᠤᠨᠤᠬ ᠲᠦᠭᠦᠭᠡᠷᠦᠮᠵᠢ ᠪᠤᠯᠤᠨ ᠡᠳ᠋ ᠪᠤᠳᠠᠰ ᠎ᠤᠨ ᠪᠠᠴᠢᠮ ᠬᠡᠷᠡᠭᠴᠡᠭᠡ ᠵᠢ ᠤᠢᠯᠠᠭᠠᠬᠰᠠᠨ ᠎ᠤ ᠲᠠᠷᠠᠭ᠎ᠠ᠂ ᠲᠤᠰ ᠪᠦᠯᠦᠭᠯᠡᠯ ᠲᠠᠷᠤᠢᠬᠠᠨ ᠨᠢᠭᠡ ᠪᠦᠯᠦᠭ ᠲᠤᠨᠤᠭ ᠲᠦᠭᠦᠭᠡᠷᠦᠮᠵᠢ ᠪᠤᠯᠤᠨ ᠡᠳ᠋ ᠪᠤᠳᠠᠰ ᠬᠠᠨᠳᠢᠪᠯᠠᠬᠤ ᠪᠡᠷ ᠲᠤᠬᠳᠠᠵᠦ᠂ ᠺᠠᠳ᠋ᠷ ᠠᠵᠢᠯᠳᠠᠨ᠎ᠢᠶᠡᠨ ᠵᠤᠬᠢᠶᠠᠨ ᠪᠠᠢᠭᠤᠯᠤᠨ ᠪᠠᠴᠢᠮ ᠦᠢᠯᠡᠳᠪᠦᠷᠢᠯᠡᠬᠦᠯᠵᠦ᠂ ᠡᠳᠡᠭᠡᠷ ᠲᠤᠨᠤᠭ ᠲᠦᠭᠦᠭᠡᠷᠦᠮᠵᠢ ᠪᠤᠯᠤᠨ ᠡᠳ᠋ ᠪᠤᠳᠠᠰ᠎ᠢ ᠠᠯᠢ ᠲᠦᠷᠭᠡᠨ ᠵᠢᠡᠷ ᠦᠢᠯᠡᠳᠪᠦᠷᠢᠯᠡᠨ ᠭᠠᠷᠭᠠᠬᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面