2022-10-26 14:52:49
ᠬᠦᠬᠡᠬᠤᠳᠠ᠎ᠳᠤ ᠠᠶᠤᠯ᠎ᠳᠦ ᠬᠢᠵᠢᠭᠦᠷᠪᠢᠰᠦᠨ ᠳᠡᠯᠭᠡᠷᠡᠭᠰᠡᠨ᠎ᠤ ᠲᠠᠷᠠᠭ᠎ᠠ ᠭᠡᠷ᠎ᠲᠡᠬᠡᠨ ᠲᠤᠰᠠᠭᠠᠷᠯᠠᠭᠳᠠᠵᠦ ᠪᠠᠢᠭᠰᠠᠨ ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠤ ᠥᠷᠭᠡᠨ ᠣᠯᠠᠨ ᠺᠠᠳ᠋ᠷ ᠠᠵᠢᠯᠲᠠᠨ《ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ》ᠲᠦ᠍ ᠠᠩᠬᠠᠷᠤᠯ᠎ᠢᠶᠠᠨ ᠲᠥᠪᠯᠡᠷᠡᠭᠦᠯᠵᠦ᠂ ᠦᠪᠡᠷ ᠦᠪᠡᠷᠰᠡᠳ᠎ᠤᠨ ᠠᠪᠢᠶᠠᠰ ᠴᠢᠳᠠᠪᠤᠷᠢ ᠪᠠᠨ ᠪᠠᠳᠠᠷᠠᠭᠤᠯᠤᠨ᠂ ᠬᠢᠵᠠᠭᠠᠷ ᠳᠠᠢ ᠨᠥᠬᠥᠴᠡᠯ᠎ᠦᠨ ᠲᠤᠤᠷ᠎ᠠ᠂ ᠳᠥᠭᠥᠮᠬᠡᠨ ᠵᠢᠷᠤᠭ᠎ᠤᠨ ᠪᠠᠭᠠᠵᠢ ᠬᠡᠷᠡᠭᠰᠡᠯ ᠵᠢᠡᠷ ᠠᠯᠢ ᠣᠯᠠᠨ ᠭᠤᠤᠯ ᠰᠡᠳᠦᠪ ᠲᠤᠪᠤᠢᠮ᠎ᠠ᠂ ᠲᠦᠷᠦᠯ ᠵᠦᠢᠯ ᠡᠯᠪᠡᠭ ᠪᠠᠶᠠᠯᠢᠭ 22 ᠤᠷᠠᠯᠢᠭ᠎ᠤᠨ ᠪᠦᠲᠦᠭᠡᠯ᠎ᠢ ᠵᠢᠷᠤᠵᠦ ᠪᠦᠳᠦᠭᠡᠨ ᠤᠳᠭ᠎ᠠ ᠤᠷᠠᠯᠢᠭ᠎ᠢᠶᠡᠷ ᠬᠦᠮᠦᠰ᠎ᠤᠨ ᠰᠡᠳᠬᠢᠯ᠎ᠢ ᠳᠠᠢᠪᠤᠰᠢᠷᠠᠭᠤᠯᠤᠨ᠂ ᠡᠷᠴᠢ ᠵᠤᠷᠢᠬ᠎ᠢ ᠨᠢ ᠬᠦᠪᠴᠢᠯᠡᠵᠦ᠂ ᠪᠦᠬᠦ᠌ ᠬᠣᠲᠠ᠎ᠶ᠋ᠢᠨ ᠠᠷᠠᠳ ᠬᠠᠮᠲᠤ᠎ᠪᠠᠷ ᠬᠢᠵᠢᠭ᠎ᠲᠡᠶ ᠲᠡᠮᠡᠴᠡᠭ᠌ᠰᠡᠨ ᠰᠡᠳᠭᠢᠯ ᠬᠥᠳᠡᠯᠭᠡᠮ᠎ᠡ ᠴᠠᠭ ᠮᠥᠴᠡ ᠪᠠ ᠮᠠᠷᠲᠠᠭ᠍ᠳᠠᠰᠢ ᠦᠭᠡᠢ ᠦᠢᠯᠡ ᠶᠠᠪᠤᠳᠠᠯ᠎ᠢ ᠳᠡᠮᠳᠡᠭᠯᠡᠨ ᠵᠢᠷᠤᠭᠯᠠᠪᠡ᠃
ᠡᠬᠦᠨ᠎ᠳᠤ᠂ ᠬᠢᠲᠠᠳ ᠵᠢᠷᠤᠭ᠂ ᠲᠣᠰᠣᠨ ᠪᠤᠳᠤᠭ᠎ᠤᠨ ᠵᠢᠷᠤᠭ᠂ ᠤᠰᠤᠨ ᠪᠤᠳᠤᠭ᠎ᠤᠨ ᠵᠢᠷᠤᠭ᠂ ᠲᠠᠲᠠᠯᠠᠭᠠᠨ ᠵᠢᠷᠤᠭ᠂ ᠲᠤᠰ᠎ᠤᠨ ᠬᠠᠷᠠᠨᠳᠠ᠎ᠶᠢᠨ ᠵᠢᠷᠤᠭ᠂ ᠬᠠᠪᠲᠠᠰᠤᠨ ᠵᠢᠷᠤᠭ᠂ ᠤᠷᠠᠨ ᠪᠢᠴᠢᠯᠭᠡ᠂ ᠲᠠᠮᠠᠭ᠎ᠠ ᠰᠡᠢᠯᠦᠮᠡᠯ᠂ ᠬᠠᠢᠴᠢᠯᠠᠮᠠᠯ ᠵᠡᠷᠭᠡ ᠵᠢ ᠪᠠᠭᠳᠠᠭᠠᠪᠠ ᠃ ᠣᠨᠴᠠᠭᠠᠢᠯᠠᠨ 《ᠤᠷᠠᠯᠢᠭ᠎ᠢᠶᠠᠷ ᠬᠢᠵᠢᠭ᠎ᠲᠡᠶ ᠲᠡᠮᠡᠴᠡᠵᠦ᠍ ᠭᠤᠤ᠎ᠠ ᠰᠠᠢᠬᠠᠨ᠎ᠢ ᠬᠥᠭᠡᠭᠡᠴᠡᠯᠳᠦᠬᠦ᠌ — ᠥᠪᠥᠷ ᠮᠣᠩᠭᠣᠯ᠎ᠤᠨ ᠤᠷᠠᠨ ᠵᠢᠷᠤᠭ᠎ᠤᠨ ᠣᠷᠳᠣᠨ᠎ᠤ ᠠᠵᠢᠯᠲᠠᠨ ᠠᠵᠢᠯᠴᠢᠨ᠎ᠤ ᠬᠢᠵᠢᠭ᠎ᠲᠡᠶ ᠲᠡᠮᠡᠴᠡᠬᠦ᠌ ᠭᠤᠤᠯ ᠰᠡᠳᠦᠪᠲᠦ ᠤᠷᠠᠨ ᠵᠢᠷᠤᠭ᠎ᠤᠨ ᠪᠦᠲᠦᠭᠡᠯ᠎ᠦᠨ ᠰᠦᠯᠵᠢᠶᠡᠨ ᠳᠡᠭᠡᠷᠡᠬᠢ ᠦᠵᠡᠬᠦᠯᠭᠡ》 ᠢ᠋ ᠳᠡᠯᠭᠡᠨ ᠦᠵᠡᠭᠦᠯᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ ᠬᠦᠮᠦᠰ ᠵᠠᠷᠯᠢᠭ᠎ᠢ ᠰᠣᠨᠣᠰᠤᠮᠠᠭ᠍ᠴᠠ᠎ᠪᠠᠨ ᠬᠥᠳᠡᠯᠦᠯᠴᠡᠵᠦ᠍᠂ ᠡᠮᠦᠨ᠎ᠡ ᠹᠷᠣᠨᠲ᠎ᠤᠨ ᠠᠵᠢᠯᠲᠠᠳ ᠪᠡᠶ᠎ᠡ᠎ᠪᠡᠷ᠎ᠢᠶᠡᠨ ᠬᠡᠪ ᠲᠦᠷᠢᠮ ᠪᠤᠯᠵᠥ᠍᠂ ᠥᠷᠭᠡᠨ ᠤᠯᠠᠨ ᠰᠠᠢ᠌ᠨ ᠳᠤᠷᠠᠴᠤᠳ ᠡᠮᠦᠨ᠎ᠡ ᠨᠢ ᠬᠣᠱᠢᠭᠤᠷᠠᠵᠤ᠂ ᠪᠦᠬᠦ᠌ ᠬᠤᠳᠠ᠎ᠶ᠋ᠢᠨ ᠠᠷᠠᠳ ᠢᠳᠡᠪᠬᠢᠯᠡᠨ ᠤᠷᠤᠯᠴᠠᠵᠦ ᠪᠦᠯᠬᠦᠮᠳᠡᠨ ᠲᠡᠮᠡᠴᠡᠵᠦ᠂ ᠵᠢᠷᠭᠠᠯ ᠵᠤᠪᠠᠯ᠎ᠢᠶᠡᠨ ᠬᠠᠮᠲᠤᠳᠭᠠᠭ᠍ᠰᠠᠨ ᠳᠣᠲᠣᠨᠣᠰᠣᠭ ᠪᠠᠢᠳᠠᠯ᠎ᠢ ᠵᠢᠷᠤᠭ᠍ᠯᠠᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃