2022-11-02 17:03:10
10 ᠰᠠᠷ᠎ᠠ᠎ᠶ᠋ᠢᠨ 30 ᠤ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠣᠢᠯᠠᠭᠠᠭ᠍ᠰᠠᠨ ᠵᠢᠡᠷ᠂ ᠬᠡᠰᠡᠭ ᠪᠦᠯᠦᠭ ᠬᠡᠷᠡᠭ᠌ᠯᠡᠭ᠌ᠴᠢᠳ᠎ᠦᠨ ᠲᠤᠰᠭᠠᠬ᠍ᠰᠠᠨ ᠵᠢᠷᠭᠢᠶ᠎ᠡ ᠬᠣᠯᠪᠤᠭ᠎ᠠ᠎ᠡᠴᠡ ᠬᠤᠳᠠᠯᠳᠤᠨ ᠠᠪᠤᠭ᠍ᠰᠠᠨ ᠠᠮᠤ ᠲᠣᠰᠣ ᠮᠢᠬ᠎ᠠ ᠨᠣᠭᠣᠭ᠎ᠠ ᠥᠨᠳᠡᠭᠡ ᠵᠡᠷᠭᠡ ᠠᠷᠠᠳ᠎ᠤᠨ ᠠᠮᠢᠳᠤᠷᠠᠯ᠎ᠤᠨ ᠪᠠᠷᠠᠭ᠎ᠠ ᠲᠠᠸᠠᠷ ᠨᠢ ᠦᠨ᠎ᠡ ᠬᠠᠩᠰᠢ᠎ᠶ᠋ᠢ ᠲᠣᠳᠣᠷᠬᠠᠶ ᠲᠡᠮᠳᠡᠭ᠌ᠯᠡᠭ᠌ᠰᠡᠨ ᠥᠬᠡᠶ ᠵᠢᠩ ᠯᠠᠩ ᠳᠤᠲᠠᠭ᠍ᠰᠠᠨ᠂ ᠢᠳᠡᠭᠡᠨ ᠦ ᠠᠮᠤᠷ ᠲᠦᠪᠱᠢᠨ ᠵᠡᠷᠭᠡ ᠠᠰᠠᠭᠤᠳᠠᠯ ᠤᠷᠤᠱᠢᠵᠦ᠍ ᠪᠠᠢᠬᠤ ᠪᠠᠢᠳᠠᠯ᠎ᠳᠤ ᠴᠢᠭ᠌ᠯᠡᠭᠦᠯᠦᠨ᠂ ᠬᠥᠬᠡᠬᠣᠲᠠ ᠶ᠋ᠢᠨ ᠵᠠᠬ᠎ᠠ ᠳᠡᠯᠭᠡᠭᠦᠷ ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠠᠴᠠ ᠬᠠᠤᠯᠢ ᠬᠡᠷᠡᠭ᠌ᠵᠢᠭᠦᠯᠬᠦ᠌ ᠲᠤᠰᠭᠠᠶ ᠬᠢᠨᠠᠯᠲᠠ ᠪᠠᠢᠴᠠᠭᠠᠯᠲᠠ ᠦᠷᠨᠢᠭᠦᠯᠬᠦ᠌ ᠪᠡᠷ ᠪᠣᠯᠪᠠ᠃
ᠣᠢᠯᠠᠭᠠᠭ᠍ᠰᠠᠨ᠎ᠢᠶᠠᠷ᠂ ᠣᠢᠷ᠎ᠠ᠎ᠶ᠋ᠢᠨ ᠡᠳᠦᠷ ᠬᠠᠤᠯᠢ ᠬᠡᠷᠡᠭ᠌ᠵᠢᠭᠦᠯᠬᠦ᠌ ᠠᠵᠢᠯᠲᠠᠨ ᠬᠡᠷᠡᠭ᠌ᠯᠡᠭ᠌ᠴᠢᠳ ᠦᠨ ᠵᠢᠷᠭᠢᠶ᠎ᠡ ᠪᠡᠷ ᠬᠤᠯᠪᠤᠭᠠᠯᠠᠨ ᠬᠤᠳᠠᠯᠳᠤᠨ ᠠᠪᠬᠤ ᠠᠰᠠᠭᠤᠳᠠᠯ᠎ᠢ ᠲᠤᠰᠭᠠᠭ᠍ᠰᠠᠨ ᠸᠠᠨ ᠳ᠋ᠠ ᠠᠭᠤᠳᠠᠮ ᠲᠠᠯᠠᠪᠠᠶ᠎ᠶ᠋ᠢᠨ B ᠲᠣᠭᠣᠷᠢᠭ᠎ᠲᠤ ᠬᠦᠷᠴᠦ᠍᠂ ᠰᠠᠭᠤᠭᠠᠯᠢ ᠲᠣᠭᠣᠷᠢᠭ᠎ᠤᠨ ᠡᠭᠦᠳᠡᠨ ᠳᠦ ᠪᠠᠢᠭ᠎ᠠ ᠢᠳᠡᠱᠢᠨ ᠨᠣᠭᠣᠭ᠎ᠠ᠎ᠶ᠋ᠢᠨ ᠲᠠᠸᠠᠷ᠎ᠤᠨ ᠦᠨ᠎ᠡ ᠬᠠᠩᠰᠢ᠎ᠶ᠋ᠢ ᠢᠯᠡ ᠬᠠᠳᠠᠬ᠍ᠰᠠᠨ ᠵᠢᠴᠢ ᠪᠠᠷᠠᠭ᠎ᠠ ᠬᠠᠩᠭᠠᠭ᠍ᠴᠢ᠎ᠶ᠋ᠢᠨ ᠮᠡᠳᠡᠭᠡ ᠵᠠᠩᠭᠢ ᠪᠠᠢᠬᠤ ᠡᠰᠡᠬᠦ᠌ ᠵᠡᠷᠭᠡ᠎ᠶ᠋ᠢ ᠲᠤᠬᠠᠶ᠎ᠶ᠋ᠢᠨ ᠲᠠᠯᠠᠪᠠᠶ᠎ᠳᠤ ᠪᠠᠢᠴᠠᠭᠠᠨ ᠦᠵᠡᠪᠡ᠃
ᠲᠠᠷᠠᠭᠠᠴᠢ ᠪᠠᠷ ᠬᠥᠬᠡᠬᠣᠲᠠ ᠶ᠋ᠢᠨ ᠵᠠᠬ᠎ᠠ ᠳᠡᠯᠭᠡᠭᠦᠷ ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠬᠢᠨᠠᠯᠲᠠ ᠲᠠᠯᠪᠢᠵᠤ ᠬᠠᠤᠯᠢ ᠬᠡᠷᠡᠭ᠌ᠵᠢᠭᠦᠯᠬᠦ᠌ ᠡᠷᠴᠢᠮ᠎ᠢᠶᠡᠨ ᠦᠷᠭᠦᠯᠵᠢᠯᠡᠨ ᠴᠢᠩᠭᠠᠳᠭᠠᠬᠤ ᠪᠤᠯᠤᠨ᠎ᠠ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠦᠷᠢᠶᠡᠨ᠎ᠳᠡᠬᠢ ᠦᠨ᠎ᠡ ᠬᠠᠩᠰᠢ ᠵᠡᠷᠭᠡ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠣᠯᠵᠤ ᠮᠡᠳᠡᠪᠡᠯ ᠦᠷᠭᠡᠨ ᠤᠯᠠᠨ ᠬᠡᠷᠡᠭ᠌ᠯᠡᠭ᠌ᠴᠢ ᠴᠠᠭ ᠲᠤᠬᠠᠶ᠎ᠳᠤᠨᠢ 12315 ᠪᠤᠶᠤ 12345 ᠬᠠᠯᠠᠮᠱᠢᠯ ᠤᠲᠠᠰᠤ᠎ᠶ᠋ᠢ ᠤᠳᠠᠰᠤᠳᠠᠬᠤ᠎ᠶ᠋ᠢ ᠰᠠᠨᠠᠭᠤᠯᠵᠦ᠍ ᠪᠠᠢᠨ᠎ᠠ᠃
( ᠢᠷᠡᠯᠳᠡ᠄ ᠲᠠᠯ᠎ᠠ ᠨᠣᠳᠣᠭ ᠪᠦᠷᠢᠨ ᠵᠠᠭᠤᠴᠢᠯᠠᠭᠤᠷ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃