2022-11-08 20:46:17
ᠬᠦᠭᠡᠬᠤᠳᠡ᠎ᠶ᠋ᠢᠨ ᠬᠢᠵᠢᠭ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠵᠢᠯᠣᠭᠣᠳᠬᠤ ᠭᠠᠵᠠᠷ᠎ᠡᠴᠡ 11 ᠰᠠᠷ᠎ᠠ᠎ᠶ᠋ᠢᠨ 8᠎ᠤ᠋ ᠡᠳᠦᠷ ᠮᠡᠳᠡᠭᠳᠡᠭᠰᠡᠨ ᠵᠢᠡᠷ᠂ ᠨᠤᠲᠤᠭ᠎ᠲᠠᠭᠠᠨ ᠪᠤᠴᠠᠭᠠᠳᠤᠢ ᠶᠡᠬᠡ ᠳᠡᠭᠡᠳᠦ ᠰᠤᠷᠭᠠᠭᠤᠯᠢ᠎ᠶ᠋ᠢᠨ ᠰᠤᠷᠤᠭᠴᠢᠳ᠎ᠢ᠋ 《ᠨᠢᠭᠡ ᠬᠡᠰᠡᠭ ᠨᠢ ᠨᠦᠬᠦᠴᠡᠯ ᠢ ᠪᠦᠷᠢᠳᠦᠭᠦᠯᠪᠡᠯ᠂ ᠲᠡᠷᠡ ᠬᠡᠰᠡᠭᠢ᠋ ᠰᠢᠯᠵᠢᠭᠦᠯᠦᠨ ᠵᠥᠭᠡᠭᠡᠪᠦᠷᠢᠯᠡᠬᠦ》 ᠵᠠᠷᠴᠢᠮ ᠶᠣᠰᠣᠭᠠᠷ᠂ ᠶᠡᠬᠡ ᠳᠡᠭᠡᠳᠦ ᠰᠤᠷᠭᠠᠭᠤᠯᠢ᠎ᠶ᠋ᠢᠨ ᠰᠤᠷᠤᠭᠴᠢᠳ᠎ᠤ᠋ᠨ ᠠᠮᠤᠷ ᠲᠦᠪᠰᠢᠨᠢ᠋ᠶ᠋ᠡᠷ ᠨᠤᠲᠤᠭ᠎ᠲᠠᠭᠠᠨ ᠪᠤᠴᠠᠬᠤ᠎ᠶ᠋ᠢ ᠦᠷᠭᠦᠯᠵᠢᠯᠡᠨ ᠡᠮᠬᠢ ᠵᠢᠷᠤᠮ᠎ᠲᠠᠢ ᠲᠣᠬᠢᠷᠠᠭᠤᠯᠤᠨ᠎ᠠ᠃
ᠨᠢᠭᠡᠳ᠋ᠦ᠍᠂ ᠠᠮᠤᠷ ᠲᠦᠪᠰᠢᠨ ᠪᠠ ᠡᠷᠡᠭᠦᠯ ᠮᠡᠨᠳᠦ᠎ᠶ᠋ᠢ ᠪᠠᠲᠤᠯᠠᠭᠰᠠᠨ ᠤᠷᠢᠳᠠᠯ ᠳᠣᠣᠷ᠎ᠠ᠂ ᠣᠷᠣᠨ᠎ᠤ᠋ ᠳᠣᠲᠣᠷᠠᠬᠢ ᠡᠷᠡᠭᠦᠯ ᠴᠢᠭᠢᠷᠠᠭ᠎ᠤᠨ ᠬᠢᠨᠠᠨ ᠬᠡᠮᠵᠢᠯᠲᠡ ᠵᠢᠨ ᠨᠥᠬᠥᠴᠡᠯᠳ᠋ᠦ᠍ ᠨᠡᠢᠴᠡᠭᠰᠡᠨ ᠰᠤᠷᠤᠭᠴᠢᠳ᠎ᠢ᠋ 《ᠪᠤᠴᠠᠪᠠᠰᠤ ᠵᠣᠬᠢᠬᠤ᠎ᠶ᠋ᠢ ᠨᠢ ᠪᠦᠬᠦᠨ᠎ᠢ᠋ ᠪᠤᠴᠠᠭᠠᠬᠤ》 ᠬᠡᠷᠡᠭᠲᠡᠢ᠃
ᠬᠣᠶᠠᠷ᠎ᠲᠤ᠌᠂ ᠬᠠᠮᠢᠶ᠎ᠠ ᠪᠦᠬᠦᠢ ᠮᠣᠵᠢ᠎ᠲᠠᠢ ᠦᠷᠭᠦᠯᠵᠢᠯᠡᠨ ᠬᠠᠷᠢᠯᠴᠠᠵᠤ᠂ ᠡᠯ᠎ᠡ ᠮᠣᠵᠢ᠎ᠶ᠋ᠢᠨ ᠬᠠᠷᠢᠭᠤ ᠲᠤᠰᠬᠠᠭᠰᠠᠨ ᠪᠠᠢᠳᠠᠯ᠎ᠢ᠋ ᠦᠨᠳᠦᠰᠦᠯᠡᠨ᠂ ᠴᠠᠭ᠂ ᠭᠠᠯᠲᠤ ᠲᠡᠷᠭᠡ ᠪᠠ ᠡᠭᠡᠯᠵᠢ ᠵᠢᠨ ᠨᠢᠰᠬᠡᠯᠢ᠋ᠶ᠋ᠡᠨ ᠲᠣᠭᠲᠠᠭᠠᠭᠰᠠᠨᠤ᠋ ᠳᠠᠷᠠᠭ᠎ᠠ᠂ ᠡᠷᠡᠭᠦᠯ ᠴᠢᠭᠢᠷᠠᠭ᠎ᠤ᠋ᠨ ᠬᠢᠨᠠᠨ ᠬᠡᠮᠵᠢᠯᠲᠡ᠎ᠶ᠋ᠢᠨ ᠨᠥᠬᠥᠴᠡᠯᠳ᠋ᠦ᠍ ᠨᠡᠢᠴᠡᠭᠰᠡᠨ ᠣᠷᠣᠨ᠎ᠤ᠋ ᠭᠠᠳᠠᠨᠠᠬᠢ ᠰᠤᠷᠤᠭᠴᠢᠳ᠎ᠢ᠋ ᠳᠠᠷᠤᠢ ᠲᠦᠷᠭᠡᠨ ᠲᠣᠬᠢᠷᠠᠭᠤᠯᠤᠨ ᠨᠤᠲᠤᠭ ᠲᠤᠨᠢ ᠪᠤᠴᠠᠭᠠᠵᠤ᠂ 《ᠪᠤᠴᠠᠬᠤ ᠳᠤᠷᠠᠲᠠᠢ ᠵᠢ ᠨᠢ ᠪᠦᠬᠦᠨ᠎ᠢ ᠪᠤᠴᠠᠭᠠᠬᠤ》 ᠶ᠋ᠢ ᠪᠡᠶᠡᠯᠡᠭᠦᠯᠦᠨ᠎ᠡ᠃
ᠭᠤᠷᠪᠠᠳ᠋ᠤ᠌᠂ ᠰᠤᠷᠭᠠᠭᠤᠯᠢ᠎ᠶ᠋ᠢᠨ ᠭᠠᠳᠠᠨ᠎ᠠ ᠲᠤᠰᠠᠭᠠᠷᠯᠠᠭᠳᠠᠵᠤ ᠪᠠᠢᠭ᠎ᠠ ᠰᠤᠷᠤᠭᠴᠢ᠎ᠶ᠋ᠢᠨ ᠲᠤᠰᠠᠭᠠᠷᠯᠠᠯ᠎ᠨᠢ ᠲᠠᠢᠯᠤᠭᠳᠠᠭᠰᠠᠨᠤ᠋ ᠳᠠᠷᠠᠭ᠎ᠠ᠂ ᠲᠤᠰᠠᠭᠠᠷᠯᠠᠬᠤ ᠭᠠᠵᠠᠷ᠎ᠤᠨ ᠬᠠᠷᠢᠶ᠎ᠠ ᠤᠷᠤᠨ ᠨᠢ 《ᠴᠡᠭ ᠡᠴᠡ ᠴᠡᠭ》 ᠲᠤ᠌ ᠰᠢᠯᠵᠢᠭᠦᠯᠦᠨ ᠨᠤᠲᠤᠭ᠎ᠲᠤ᠎ᠨᠢ ᠪᠤᠴᠠᠭᠠᠨ᠎ᠠ᠃
ᠣᠳᠣᠬᠠᠨ ᠪᠣᠯᠲᠠᠯ᠎ᠠ᠂ ᠨᠤᠲᠤᠭ᠎ᠲᠠᠭᠠᠨ ᠪᠤᠴᠠᠬᠤ ᠨᠥᠬᠥᠴᠡᠯᠳ᠋ᠦ᠍ ᠨᠡᠢᠴᠡᠬᠦ ᠶᠡᠬᠡ ᠳᠡᠭᠡᠳᠦ ᠰᠤᠷᠭᠠᠭᠤᠯᠢ᠎ᠶ᠋ᠢᠨ ᠰᠤᠷᠤᠭᠴᠢᠳ᠎ᠤ᠋ᠨ ᠣᠯᠠᠩᠬᠢ ᠨᠢ ᠨᠢᠭᠡᠨᠲᠡ ᠠᠮᠤᠷ ᠲᠦᠪᠰᠢᠨ ᠡᠮᠬᠢ ᠵᠢᠷᠤᠮ᠎ᠲᠠᠢ᠎ᠪᠠᠷ ᠨᠤᠲᠤᠭ᠎ᠲᠠᠭᠠᠨ ᠪᠤᠴᠠᠵᠠᠢ᠃
( ᠢᠷᠡᠯᠲᠡ ᠄ ᠲᠡᠭᠦᠯᠢᠯᠲᠡ ᠬᠠᠮ ᠵᠠᠭᠤᠴᠢᠯᠠᠭᠤᠷ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃