2022-11-14 19:45:39
2022 ᠣᠨ᠎ᠤ᠋ 11 ᠰᠠᠷ᠎ᠠ᠎ᠶ᠋ᠢᠨ 13 ᠤ᠋ ᠡᠳᠦᠷ᠂ ᠰᠢᠨ᠎ᠡ ᠬᠣᠲᠠ ᠲᠣᠭᠣᠷᠢᠭ᠎ᠤ᠋ᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ ᠥᠪᠥᠷ ᠮᠣᠩᠭᠣᠯ᠎ᠤ᠋ᠨ ᠰᠠᠢ ᠰᠧ ᠭᠧᠨᠦ᠌ ᠰᠢᠨᠵᠢᠯᠡᠭᠡ ᠮᠡᠷᠭᠡᠵᠢᠯ᠎ᠦ᠋ᠨ ᠬᠢᠵᠠᠭᠠᠷᠲᠤ ᠺᠣᠮᠫᠠᠨᠢ ᠪᠦᠭᠡᠮ ᠬᠦᠴᠢᠯ᠎ᠤᠨ ᠪᠠᠢᠴᠠᠭᠠᠯᠲᠠ ᠵᠢᠨ ᠦᠷ᠎ᠡ ᠳ᠋ᠦᠩ᠎ᠢ ᠬᠠᠭᠤᠷᠮᠠᠭᠯᠠᠨ ᠵᠤᠬᠢᠶᠠᠵᠤ ᠪᠠᠢᠨ᠎ᠠ ᠭᠡᠰᠡᠨ ᠣᠯᠠᠨ ᠲᠦᠮᠡᠨ᠎ᠦ᠌ ᠬᠡᠷᠡᠭ᠎ᠤᠨ ᠮᠡᠳᠡᠭᠦᠯᠦᠯᠲᠡ ᠵᠢ ᠲᠤᠰᠴᠠᠢ᠃ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠲᠡᠷᠡ ᠳᠠᠷᠤᠢᠳ᠋ᠤᠨᠢ ᠬᠡᠷᠡᠭ ᠪᠣᠯᠭᠠᠨ ᠳᠠᠩᠰᠠᠯᠠᠬᠤ ᠵᠢᠨ ᠳᠠᠭᠠᠤ ᠲᠠᠩᠨᠠᠨ ᠪᠠᠢᠴᠠᠭᠠᠵᠤ᠂ ᠬᠥᠬᠡᠬᠣᠲᠠ᠎ᠶ᠋ᠢᠨ ᠡᠷᠡᠭᠦᠯ ᠬᠠᠮᠠᠭᠠᠯᠠᠯ᠎ᠤ᠋ᠨ ᠰᠠᠯᠠᠭ᠎ᠠ ᠮᠥᠴᠢᠷ᠎ᠲᠠᠢ ᠴᠠᠭ ᠲᠤᠬᠠᠢ᠎ᠳ᠋ᠤᠨᠢ ᠨᠡᠪᠲᠡᠷᠡᠯᠴᠡᠨ᠂ ᠬᠠᠮᠢᠶ᠎ᠠ ᠪᠦᠬᠦᠢ ᠭᠡᠷᠡᠴᠢ ᠪᠠᠷᠢᠮᠲᠠ᠎ᠶ᠋ᠢ ᠴᠤᠭᠯᠠᠭᠤᠯᠬᠤ᠎ᠶ᠋ᠢᠨ ᠬᠠᠮᠲᠤ ᠬᠣᠯᠪᠣᠭᠳᠠᠯ ᠪᠦᠬᠦᠢ ᠬᠥᠮᠦᠰ᠎ᠢ᠋ ᠳᠠᠭᠤᠳᠠᠵᠠᠢ᠃
ᠪᠠᠢᠴᠠᠭᠠᠭᠰᠠᠨᠢ᠋ᠶ᠋ᠠᠷ᠂ 11 ᠰᠠᠷ᠎ᠠ᠎ᠶ᠋ᠢᠨ 13 ᠤ᠋ ᠡᠳᠦᠷ᠂ ᠥᠪᠥᠷ ᠮᠣᠩᠭᠣᠯ᠎ᠤ᠋ᠨ ᠰᠠᠢ ᠰᠧ ᠭᠧᠨᠦ᠌ ᠰᠢᠨᠵᠢᠯᠡᠬᠦ ᠤᠬᠠᠭᠠᠨ ᠮᠡᠷᠭᠡᠵᠢᠯ᠎ᠦ᠋ᠨ ᠬᠢᠵᠠᠭᠠᠷᠲᠤ ᠺᠣᠮᠫᠠᠨᠢ᠎ᠶ᠋ᠢᠨ ᠠᠵᠢᠯᠲᠠᠨ ᠵᠢᠶᠠᠩ ᠣᠪᠣᠭᠲᠤ ᠬᠦᠨᠳᠦ ᠨᠣᠴᠢᠲᠠᠢ ᠬᠠᠷᠢᠭᠤᠴᠠᠯᠭ᠎ᠠ ᠠᠯᠳᠠᠵᠤ᠂ ᠮᠡᠳᠡᠭᠡ ᠵᠠᠩᠭᠢ᠎ᠶ᠋ᠢ ᠪᠤᠷᠤᠭᠤ ᠤᠷᠤᠭᠤᠯᠤᠭᠰᠠᠨ ᠡᠴᠡ ᠬᠡᠰᠡᠭ ᠬᠦᠮᠦᠰ᠎ᠤᠨ ᠪᠦᠭᠡᠮ ᠬᠦᠴᠢᠯ᠎ᠤᠨ ᠪᠠᠢᠴᠠᠭᠠᠯᠲᠠ᠎ᠶ᠋ᠢᠨ ᠳ᠋ᠦᠩ᠎ᠨᠢ ᠪᠢᠯᠢᠭ ᠴᠢᠨᠠᠷ ᠲᠠᠢ ᠪᠠᠢᠲᠠᠯ᠎ᠠ ᠠᠷᠭ᠎ᠠ ᠴᠢᠨᠠᠷ ᠲᠠᠢ ᠪᠡᠷ ᠢᠯᠡᠷᠡᠵᠦ᠂ ᠨᠡᠢᠭᠡᠮᠳ᠋ᠦ᠍ ᠮᠠᠭᠤ ᠨᠥᠯᠥᠭᠡ ᠭᠠᠷᠭᠠᠵᠠᠢ᠃ ᠰᠢᠨ᠎ᠡ ᠬᠣᠲᠠ ᠲᠣᠭᠣᠷᠢᠭ᠎ᠤ᠋ᠨ ᠳᠣᠲᠣᠭᠠᠳᠤ᠎ᠶ᠋ᠢ ᠬᠠᠮᠠᠭᠠᠯᠠᠬᠤ ᠬᠤᠪᠢᠶᠠᠷᠢ ᠲᠣᠪᠴᠢᠶ᠎ᠠ ᠥᠪᠥᠷ ᠮᠣᠩᠭᠣᠯ᠎ᠤ᠋ᠨ ᠰᠠᠢ ᠰᠧ ᠭᠧᠨᠦ᠌ ᠰᠢᠨᠵᠢᠯᠡᠭᠡ ᠮᠡᠷᠭᠡᠵᠢᠯ᠎ᠦ᠋ᠨ ᠬᠢᠵᠠᠭᠠᠷᠲᠤ ᠺᠣᠮᠫᠠᠨᠢ᠎ᠶ᠋ᠢᠨ ᠬᠠᠤᠯᠢ᠎ᠶ᠋ᠢᠨ ᠡᠷᠬᠡᠲᠡᠨᠱᠤ᠌ ᠣᠪᠣᠭᠲᠤ ᠵᠢᠴᠢ ᠠᠵᠢᠯᠲᠠᠨ ᠵᠢᠶᠠᠩ ᠣᠪᠣᠭᠲᠤ᠎ᠳ᠋ᠤ ᠬᠠᠤᠯᠢ ᠶᠣᠰᠣᠭᠠᠷ ᠡᠷᠡᠭᠦᠦ᠎ᠶ᠋ᠢᠨ ᠬᠡᠷᠡᠭ᠎ᠦ᠋ᠨ ᠠᠯᠪᠠᠳᠠᠯᠭ᠎ᠠ᠎ᠶ᠋ᠢᠨ ᠠᠷᠭ᠎ᠠ ᠬᠡᠮᠵᠢᠶ᠎ᠡ ᠠᠪᠴᠤ᠂ ᠣᠳᠣᠬᠠᠨ᠎ᠳ᠋ᠤ᠌ ᠬᠡᠷᠡᠭ᠎ᠢ᠋ ᠶᠠᠭ ᠴᠢᠨᠠᠭᠰᠢᠳᠠ ᠲᠠᠩᠨᠠᠨ ᠪᠠᠢᠴᠠᠭᠠᠵᠤ ᠪᠣᠢ᠃
ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠰᠢᠨ᠎ᠡ ᠬᠣᠲᠠ ᠲᠣᠭᠣᠷᠢᠭ᠎ᠤ᠋ᠨ ᠬᠤᠪᠢᠶᠠᠷᠢ ᠲᠣᠪᠴᠢᠶ᠎ᠠ
2022 ᠣᠨ᠎ᠤ᠋ 11 ᠰᠠᠷ᠎ᠠ᠎ᠶ᠋ᠢᠨ 14᠎ᠦ᠌ ᠡᠳᠦᠷ
ᠢᠷᠡᠯᠲᠡ ᠄ ᠲᠠᠯ᠎ᠠ ᠨᠤᠲᠤᠭ ᠪᠦᠷᠢᠨ ᠵᠠᠭᠤᠴᠢᠯᠠᠭᠤᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃