ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-09 19:27:20

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 9 ᠎ᠦ ᠡᠳᠦᠷ ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠵᠦᠩ ᠨᠠᠨ ᠱᠠᠨ 2022 ᠣᠨ᠎ᠤ ᠳᠤᠮᠳᠠᠳᠤ᠎ᠶ᠋ᠢᠨ ᠠᠨᠠᠭᠠᠬᠤ ᠤᠬᠠᠭᠠᠨ ᠎ᠤ ᠨᠡᠢᠭᠡᠮᠯᠢᠭ᠎ᠦᠨ ᠠᠮᠢᠰᠭᠤᠯ ᠎ᠤᠨ ᠡᠪᠡᠳᠴᠢᠨ ᠎ᠦ ᠰᠤᠳᠤᠯᠤᠯ᠎ᠤᠨ ᠣᠨ᠎ᠤ ᠬᠤᠷᠠᠯ ᠳᠡᠭᠡᠷ᠎ᠡ 《ᠱᠢᠨ᠎ᠡ ᠲᠢᠲᠢᠮᠯᠢᠭ ᠠᠭᠤᠰᠭᠢᠨ ᠦᠷᠪᠢᠰᠦᠯ (ᠤᠮᠢᠺᠷᠤᠨ)᠎ᠦᠨ ᠬᠢᠵᠢᠭ᠎ᠦᠨ ᠪᠠᠢᠳᠠᠯ ᠵᠢᠴᠢ ᠠᠷᠭᠠᠴᠠᠭᠠᠬᠤ》 ᠭᠡᠬᠦ᠌ ᠰᠡᠳᠦᠪ᠎ᠢᠶᠡᠷ ᠶᠠᠷᠢᠶ᠎ᠠ ᠲᠠᠯᠪᠢᠪᠠ᠃

★ ᠳᠤᠮᠳᠠᠳᠤ ᠤᠯᠤᠰ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠳᠦ ᠨᠡᠷᠪᠡᠭᠳᠡᠭᠰᠡᠳ᠎ᠤᠨ ᠦᠬᠦᠬᠦ ᠨᠤᠷᠮ᠎ᠠ ᠳᠣᠣᠷ᠎ᠠ ᠪᠠᠢᠭ᠎ᠠ ᠨᠢ ᠡᠮᠦᠨᠡᠬᠢ ᠬᠤᠭᠤᠴᠠᠭᠠᠨ᠎ᠤ ᠰᠡᠷᠭᠡᠢᠯᠡᠨ ᠡᠵᠡᠮᠳᠡᠬᠦ᠌ ᠠᠵᠢᠯ ᠪᠦᠲᠦᠮᠵᠢᠲᠡᠢ ᠪᠣᠯᠤᠭ᠍ᠰᠠᠨ᠎ᠢ ᠬᠠᠷᠠᠭᠤᠯᠵᠤ ᠪᠠᠢᠨ᠎ᠠ᠃

★ ᠤᠮᠢᠺᠷᠤᠨ ᠡᠴᠡ ᠪᠤᠯᠤᠬᠰᠠᠨ ᠦᠬᠦᠬᠦ ᠨᠣᠷᠮ᠎ᠠ ᠨᠢ ᠬᠠᠯᠳᠠᠪᠤᠷᠢᠲᠤ ᠲᠠᠭ᠍ᠰᠢᠭᠤᠷ᠎ᠲᠠᠶ ᠳᠡᠮᠡᠢ ᠵᠦᠷᠢᠬᠦ ᠦᠬᠡᠢ᠃

★ ᠨᠠᠷᠢᠯᠢᠭ ᠣᠨᠣᠪᠴᠢᠲᠠᠶ ᠰᠡᠷᠭᠡᠢᠯᠡᠨ ᠡᠵᠡᠮᠳᠡᠬᠦ᠌᠎ᠳᠦ ᠬᠡᠲᠦ ᠤᠯᠠᠨ ᠪᠥᠭᠡᠮ ᠬᠦᠴᠢᠯ᠎ᠦᠨ ᠪᠠᠢᠴᠠᠭᠠᠯᠲᠠ ᠬᠢᠬᠦ᠌ ᠴᠢᠬᠤᠯᠠ ᠦᠭᠡᠢ᠂ ᠥᠳᠥᠭᠡᠭ᠌ᠴᠢ᠎ᠵᠢᠨ ᠪᠠᠢᠴᠠᠭᠠᠯᠳᠠ ᠬᠢᠵᠤ ᠪᠣᠯᠤᠨ᠎ᠠ᠃

★ ᠲᠠᠷᠠᠭᠠᠴᠢ᠎ᠶ᠋ᠢᠨ ᠠᠯᠬᠤᠮ᠎ᠤᠨ ᠰᠡᠷᠭᠡᠢᠯᠡᠨ ᠡᠵᠡᠮᠳᠡᠬᠦ᠌ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯ ᠸᠠᠺᠼᠢᠨ᠎ᠤ ᠲᠠᠷᠢᠯᠭ᠎ᠠ᠎ᠶ᠋ᠢ ᠴᠢᠩᠭᠠᠳᠭᠠᠵᠤ ᠢᠯᠠᠩᠭᠤᠶ᠎ᠠ ᠨᠠᠰᠤᠲᠠᠢᠴᠤᠳ᠎ᠤᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠤ ᠲᠠᠷᠢᠯᠭ᠎ᠠ᠎ᠶ᠋ᠢ ᠴᠢᠩᠭᠠᠳᠭᠠᠨ᠎ᠠ᠃

★ ᠪᠥᠬᠥ᠌ ᠶᠠᠪᠤᠴᠠ᠎ᠶ᠋ᠢᠨ ᠸᠠᠺᠼᠢᠨ᠎ᠤ ᠲᠠᠷᠢᠯᠭ᠎ᠠ ᠬᠢᠭ᠌ᠰᠡᠨ ᠰᠠᠭᠤᠷᠢᠨ ᠳᠡᠭᠡᠷ᠎ᠡ ᠪᠠᠰᠠ ᠨᠢᠭᠡ ᠵᠦᠶ᠋ᠯ᠎ᠦᠨ ᠤᠨᠳᠤᠤ ᠲᠥᠷᠥᠯ᠎ᠦᠨ ᠸᠠᠺᠼᠢᠨ᠎ᠢ ᠨᠡᠮᠡᠵᠤ ᠳᠠᠷᠢᠪᠠᠯ ᠬᠠᠯᠳᠠᠪᠤᠷᠢᠯᠠᠯ ᠡᠴᠡ ᠬᠠᠮᠠᠭᠠᠯᠠᠬᠤ ᠦᠷ᠎ᠡ ᠪᠦᠲᠦᠮᠵᠢ ᠢᠯᠡᠳᠲᠡ ᠳᠡᠬᠡᠭᠰᠢᠯᠡᠭᠰᠡᠨ ᠪᠠᠢᠭ᠎ᠠ ᠵᠢ ᠰᠤᠳᠤᠯᠤᠨ ᠢᠯᠡᠷᠡᠭᠦᠯᠪᠡ᠃

★ ᠤᠮᠢᠺᠷᠤᠨ ᠬᠠᠯᠳᠠᠪᠤᠷᠢᠯᠠᠬᠤ ᠨᠢ ᠠᠶᠤᠮᠱᠢᠭ᠍ᠲᠠᠢ ᠡᠪᠡᠳᠴᠢᠨ ᠪᠢᠰᠢ᠃ 99% ᠵᠢᠨ ᠬᠠᠯᠳᠠᠪᠤᠷᠢᠯᠠᠭ᠍ᠳᠠᠬᠰᠠᠳ 7 - 10 ᠡᠳᠦᠷ᠎ᠲᠦ ᠡᠳᠡᠭᠡᠷᠡᠵᠦ᠍ ᠳᠡᠢᠯᠦᠨ᠎ᠠ᠃

ᠢᠷᠡᠯᠳᠡ᠄ ᠰᠢᠨᠬᠤᠸᠠ ᠬᠤᠷᠢᠶ᠎ᠠ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面