ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-02 19:00:46

ᠵᠣᠬᠢᠶᠠᠭ᠍ᠴᠢ᠄ ᠯᠢ ᠶᠦᠩ ᠲᠤᠤ ᠣᠩᠱᠢᠭ᠍ᠰᠠᠨ ᠣᠳᠠᠭ᠎ᠠ᠄ 3

ᠥᠪᠥᠷ ᠮᠣᠩᠭᠣᠯ ᠎ᠤᠨ ᠪᠠᠩᠬᠢ ᠳᠠᠭᠠᠳᠬᠠᠯ ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ ᠣᠢᠷ᠎ᠠ᠎ᠳᠤ 《ᠬᠠᠷᠢᠶ᠎ᠠ ᠣᠷᠣᠨ᠎ᠤ ᠪᠠᠩᠬᠢ᠎ᠶᠢᠨ ᠦᠢᠯᠡᠰ ᠳᠠᠭᠠᠳᠬᠠᠯ᠎ᠤᠨ ᠦᠢᠯᠡᠰ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠮᠥᠩᠭᠥᠨ ᠭᠦᠢᠯᠭᠡᠭᠡᠨ᠎ᠦ ᠦᠢᠯᠡᠴᠢᠯᠡᠭᠡ᠎ᠶᠢ ᠦᠨᠡᠨ ᠬᠦ᠌ ᠰᠠᠢᠲᠤᠷ ᠬᠢᠬᠦ ᠲᠤᠬᠠᠢ ᠮᠡᠳᠡᠭᠳᠡᠯ》 《ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳᠠᠬᠢ ᠮᠥᠩᠭᠥᠨ ᠭᠦᠢᠯᠭᠡᠭᠡᠨ᠎ᠦ ᠳᠡᠮᠵᠢᠯᠭᠡ᠎ᠶᠢᠨ ᠠᠷᠭ᠎ᠠ ᠬᠡᠮᠵᠢᠶ᠎ᠡ᠎ᠶᠢ ᠤᠯᠠᠮ ᠨᠢᠭᠡ ᠠᠯᠬᠤᠮ ᠨᠠᠢᠳᠠᠪᠤᠷᠢᠵᠢᠭᠤᠯᠬᠤ ᠲᠤᠬᠠᠢ ᠮᠡᠳᠡᠭᠳᠡᠯ》 ᠎ᠢ ᠨᠡᠢᠲᠡᠯᠡᠵᠦ᠂ ᠬᠠᠷᠢᠶ᠎ᠠ ᠣᠷᠣᠨ᠎ᠤ ᠳᠣᠲᠣᠷᠠᠬᠢ ᠪᠠᠩᠬᠢ ᠳᠠᠭᠠᠳᠬᠠᠯ᠎ᠤᠨ ᠪᠠᠢᠭᠤᠯᠤᠮᠵᠢ᠎ᠶᠢ ᠰᠢᠮᠳᠠᠭᠤᠯᠤᠨ ᠬᠥᠲᠥᠯᠥᠨ ᠵᠢᠯᠤᠭᠣᠳᠴᠤ ᠪᠠᠢᠭᠠᠳ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠪᠥᠬᠥ ᠬᠦᠴᠦᠨ᠎ᠢᠶᠡᠷ᠎ᠢᠶᠡᠨ ᠳᠡᠮᠵᠢᠭᠦᠯᠪᠡ᠃

ᠣᠳᠣᠬᠠᠨ ᠪᠣᠯᠲᠠᠯ᠎ᠠ᠂ ᠪᠥᠬᠥ ᠣᠷᠣᠨ ᠎ᠤ ᠪᠠᠩᠬᠢ ᠎ᠶᠢᠨ ᠪᠠᠢᠭᠤᠯᠤᠮᠵᠢ 《ᠳᠤᠲᠠᠭᠤᠳᠠᠯ᠎ᠢ ᠠᠭᠤᠴᠢᠯᠠᠨ ᠰᠢᠢᠳᠪᠦᠷᠢᠯᠡᠬᠦ᠂ ᠬᠡᠷᠡᠭ᠎ᠦᠨ ᠳᠠᠷᠠᠭ᠎ᠠ ᠨᠥᠬᠥᠨ ᠭᠦᠢᠴᠡᠳᠬᠡᠬᠦ》 ᠵᠡᠷᠭᠡ ᠠᠷᠭ᠎ᠠ ᠮᠠᠶᠢᠭ ᠵᠢᠡᠷ 5315 ᠬᠤᠪᠢ ᠵᠢᠭᠡᠯᠡᠯᠭᠡ᠎ᠶᠢ ᠲᠦᠷᠭᠡᠨ ᠬᠢᠨᠠᠵᠤ᠂ 257.53 ᠳ᠋ᠦᠩᠰᠢᠭᠤᠷ ᠲᠥᠭᠥᠷᠢᠭ᠎ᠦᠨ ᠢᠲᠡᠭᠡᠮᠵᠢᠲᠦ ᠵᠢᠭᠡᠯᠡᠯᠭᠡ ᠣᠯᠭᠣᠵᠤ᠂ ᠬᠢᠵᠢᠭ᠌᠎ᠦᠨ ᠨᠥᠯᠥᠭᠡ᠎ᠡᠴᠡ ᠪᠣᠯᠤᠭᠰᠠᠨ 138 ᠵᠤᠷᠪᠤᠰ ᠢᠲᠡᠭᠡᠮᠵᠢ ᠎ᠶᠢᠨ ᠲᠡᠮᠳᠡᠭᠯᠡᠯ ᠎ᠳᠦ ᠲᠣᠬᠢᠷᠠᠭᠤᠯᠤᠯᠲᠠ ᠬᠢᠵᠦ᠂ 28.94 ᠲᠦᠮᠡᠨ ᠲᠥᠭᠥᠷᠢᠭ᠎ᠤᠨ ᠲᠣᠷᠭᠠᠭᠤᠯᠢ᠎ᠶᠢᠨ ᠬᠦᠦ ᠮᠥᠩᠭᠥ ᠵᠢ ᠬᠡᠯᠲᠦᠷᠢᠭᠦᠯᠪᠡ᠃ ᠡᠭᠦᠨ᠎ᠳᠦ᠂ ᠬᠥᠬᠡᠬᠣᠲᠠ 《ᠳᠤᠲᠠᠭᠤᠳᠠᠯ᠎ᠢ ᠠᠭᠤᠴᠢᠯᠠᠨ ᠰᠢᠢᠳᠪᠦᠷᠢᠯᠡᠬᠦ᠂ ᠬᠡᠷᠡᠭ᠎ᠦᠨ ᠳᠠᠷᠠᠭ᠎ᠠ ᠨᠥᠬᠥᠨ ᠭᠦᠢᠴᠡᠳᠬᠡᠬᠦ》 ᠵᠡᠷᠭᠡ ᠠᠷᠭ᠎ᠠ ᠮᠠᠶᠢᠭ ᠵᠢᠡᠷ 2474 ᠬᠤᠪᠢ ᠵᠢᠭᠡᠯᠡᠯᠭᠡ᠎ᠶᠢ ᠲᠦᠷᠭᠡᠨ ᠬᠢᠨᠠᠵᠤ᠂ 46.71 ᠳ᠋ᠦᠩᠰᠢᠭᠤᠷ ᠲᠥᠭᠥᠷᠢᠭ᠎ᠤᠨ ᠢᠲᠡᠭᠡᠮᠵᠢᠲᠦ ᠵᠢᠭᠡᠯᠡᠯᠭᠡ ᠣᠯᠭᠣᠵᠤ᠂ ᠬᠢᠵᠢᠭ᠌᠎ᠦᠨ ᠨᠥᠯᠥᠭᠡ᠎ᠡᠴᠡ ᠪᠣᠯᠤᠭᠰᠠᠨ 118 ᠵᠤᠷᠪᠤᠰ ᠢᠲᠡᠭᠡᠮᠵᠢ᠎ᠶᠢᠨ ᠲᠡᠮᠳᠡᠭᠯᠡᠯ᠎ᠳᠦ ᠲᠣᠬᠢᠷᠠᠭᠤᠯᠤᠯᠲᠠ ᠬᠢᠵᠦ᠂ 16.08 ᠲᠦᠮᠡᠨ ᠲᠥᠭᠥᠷᠢᠭ᠎ᠤᠨ ᠲᠣᠷᠭᠠᠭᠤᠯᠢ᠎ᠶᠢᠨ ᠬᠦᠦ ᠮᠥᠩᠭᠥ᠎ᠵᠢ ᠬᠡᠯᠲᠦᠷᠢᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面