2022-12-02 22:10:46
ᠣᠯᠠᠨ ᠲᠦᠮᠡᠨᠤ ᠪᠦᠭᠡᠮ ᠬᠦᠴᠢᠯᠤᠨ ᠪᠠᠢᠴᠠᠭᠠᠯᠲᠠ ᠬᠢᠭᠡᠳ 24 ᠴᠠᠭ ᠦᠩᠭᠡᠷᠡᠭᠰᠡᠨ ᠴᠤ᠌ ᠦᠷ᠎ᠡ ᠳ᠋ᠦᠩᠢᠶᠡᠨ ᠯᠠᠪᠯᠠᠵᠤ ᠤᠯᠤᠭᠰᠠᠨ ᠦᠭᠡᠢ ᠠᠰᠠᠭᠤᠳᠠᠯᠢ ᠰᠢᠢᠳᠪᠦᠷᠢᠯᠡᠬᠦ ᠵᠢᠨ ᠲᠦᠯᠦᠭᠡ᠂ ᠬᠦᠬᠡᠬᠤᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠦᠪᠯᠡᠯ ᠡᠴᠡ ᠪᠦᠭᠡᠮ ᠬᠦᠴᠢᠯᠤᠨ ᠪᠠᠢᠴᠠᠭᠠᠯᠲᠠ ᠵᠢᠨ ᠦᠷ᠎ᠡ ᠳ᠋ᠦᠩᠢ ᠠᠰᠠᠭᠤᠨ ᠯᠠᠪᠯᠠᠬᠤ ᠦᠢᠯᠡᠴᠢᠯᠡᠭᠡᠨᠤ ᠤᠲᠠᠰᠤ ᠵᠢ ᠨᠡᠪᠲᠡᠷᠡᠭᠦᠯᠦᠭᠰᠡᠨ ᠪᠠᠢᠨ᠎ᠠ᠃ ᠳᠠᠷᠠᠭᠠᠬᠢ ᠵᠢᠷᠤᠭ ᠤᠨ ᠶᠠᠪᠤᠴᠠ ᠪᠡᠷ ᠯᠠᠪᠯᠠᠵᠤ ᠪᠤᠯᠤᠨ᠎ᠠ᠃
ᠡᠭᠦᠨ ᠳ᠋ᠤ ᠤᠨᠴᠠᠭᠠᠢᠯᠠᠨ ᠰᠠᠨᠠᠭᠤᠯᠬᠤ ᠨᠢ᠄ ᠲᠤᠰ ᠦᠢᠯᠡᠴᠢᠯᠡᠭᠡᠨᠤ ᠤᠲᠠᠰᠤ ᠨᠢ ᠪᠦᠭᠡᠮ ᠬᠦᠴᠢᠯᠤᠨ ᠪᠠᠢᠴᠠᠭᠠᠯᠲᠠ ᠬᠢᠭᠡᠳ 24 ᠦᠩᠭᠡᠷᠡᠭᠡᠳ ᠦᠷ᠎ᠡ ᠳ᠋ᠦᠩ ᠵᠢᠡᠨ ᠯᠠᠪᠯᠠᠵᠤ ᠤᠯᠤᠭᠰᠠᠨ ᠦᠭᠡᠢ ᠬᠦᠮᠦᠰ ᠲᠤ᠌ ᠦᠢᠯᠡᠴᠢᠯᠡᠭᠡ ᠬᠠᠩᠭᠠᠵᠤ ᠪᠤᠢ᠃ ᠤᠢᠷ᠎ᠠ ᠳ᠋ᠤ ᠬᠦᠬᠡᠬᠤᠲᠠ ᠵᠢᠨ ᠪᠦᠭᠡᠮ ᠬᠦᠴᠢᠯᠤᠨ ᠪᠠᠢᠴᠠᠭᠠᠯᠲᠠ ᠬᠢᠵᠦ ᠪᠠᠢᠭ᠎ᠠ ᠬᠦᠮᠦᠨᠤ ᠲᠤᠭ᠎ᠠ ᠨᠡᠯᠢᠶᠡᠳ ᠤᠯᠠᠨ ᠪᠤᠯᠬᠤᠷ ᠦᠷ᠎ᠡ ᠳ᠋ᠦᠩ ᠨᠢ ᠤᠷᠤᠢᠲᠠᠵᠤ ᠭᠠᠷᠬᠤ ᠦᠵᠡᠭᠳᠡᠯ ᠭᠠᠷᠴᠤ ᠮᠡᠳᠡᠨ᠎ᠡ᠂ ᠤᠯᠠᠨ ᠲᠦᠮᠡᠨ ᠬᠦᠯᠢᠴᠡᠩᠭᠦᠢ ᠪᠡᠷ ᠬᠦᠯᠢᠶᠡᠵᠦ ᠪᠠᠢᠭᠠᠷᠠᠢ᠃


( ᠢᠷᠡᠯᠳᠠ᠄ ᠦᠪᠦᠷ ᠮᠤᠩᠭᠤᠯᠤᠨ ᠮᠤᠩᠭᠤᠯ ᠷᠠᠳᠢᠣ᠋)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃