ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-12-09 17:23:20

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ ᠄ ᠨᠠᠰᠤᠲᠠᠢᠴᠤᠳ ᠭᠠᠷᠠᠭ ᠪᠦᠷᠢ 2 ᠤᠳᠠᠭ᠎ᠠ ᠥᠳᠥᠭᠡᠭ᠌ᠴᠢ ᠵᠢᠨ ᠪᠠᠢᠴᠠᠭᠠᠯᠳᠠ ᠬᠢᠨ᠎ᠠ

12 ᠰᠠᠷ᠎ᠠ᠎ᠶ᠋ᠢᠨ 8 ᠎ᠤ ᠡᠳᠦᠷ᠂ ᠲᠥᠷᠥ᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢᠨ ᠶᠡᠷᠦᠩᠬᠡᠢᠯᠡᠭ᠌ᠰᠡᠨ ᠳᠤᠭᠤᠢᠯᠠᠩ᠎ᠡᠴᠡ ᠪᠠᠭᠤᠯᠭᠠᠬᠰᠠᠨ 《ᠱᠢᠨ᠎ᠡ ᠲᠢᠲᠢᠮᠯᠢᠭ ᠸᠢᠷᠦ᠋ᠰ᠎ᠦᠨ ᠥᠳᠥᠭᠡᠭ᠌ᠴᠢ ᠵᠢᠨ ᠪᠠᠢᠴᠠᠭᠠᠯᠳᠠ ᠵᠢᠨ ᠬᠡᠷᠡᠭᠯᠡᠬᠡᠨ᠎ᠤ ᠲᠥᠰᠦᠯ》᠎ᠳᠦ ᠬᠡᠷ ᠎ᠲᠡᠬᠡᠨ ᠰᠠᠭᠤᠵᠤ ᠪᠠᠢᠭ᠎ᠠ ᠨᠠᠰᠤᠲᠠᠢᠴᠤᠳ ᠪᠣᠯᠤᠨ ᠨᠠᠰᠤᠵᠢᠯ ᠎ᠤᠨ ᠠᠰᠠᠷᠠᠮᠵᠢ ᠎ᠶ᠋ᠢᠨ ᠪᠠᠢᠭᠤᠯᠤᠮᠵᠢ᠎ᠶ᠋ᠢᠨ ᠨᠠᠰᠤᠲᠠᠢᠴᠤᠳ ᠴᠥᠮ ᠦᠪᠡᠷ ᠵᠢᠡᠨ ᠥᠳᠥᠭᠡᠭ᠌ᠴᠢ ᠵᠢᠨ ᠪᠠᠢᠴᠠᠭᠠᠯᠳᠠ ᠵᠢᠨ ᠤᠷᠪᠠᠯᠵᠢ ᠬᠤᠳᠠᠯᠳᠤᠨ ᠠᠪᠴᠤ᠌ ᠪᠣᠯᠤᠨ᠎ᠠ᠃ ᠬᠣᠲᠠ ᠲᠣᠭᠣᠷᠢᠭ ᠱᠢᠶᠠᠨ᠎ᠨᠢ ᠬᠠᠷᠢᠶ᠎ᠠ ᠲᠣᠭᠣᠷᠢᠭ ᠲᠡᠬᠢ ᠨᠠᠰᠤᠲᠠᠢᠴᠤᠳ᠎ᠤᠨ ᠲᠣᠭ᠎ᠠ ᠵᠢᠴᠢ ᠭᠠᠷᠠᠭ ᠪᠦᠷᠢ ᠎ᠶ᠋ᠢᠨ ᠥᠳᠥᠭᠡᠭ᠌ᠴᠢ᠎ᠵᠢᠨ ᠪᠠᠢᠴᠠᠭᠠᠯᠳᠠ ᠬᠢᠬᠦ ᠤᠳᠠᠭ᠎ᠠ ᠵᠢ ᠦᠨᠳᠦᠰᠦᠯᠡᠨ᠂ ᠥᠳᠥᠭᠡᠭ᠌ᠴᠢ ᠎ᠵᠢᠨ ᠪᠠᠢᠴᠠᠭᠠᠯᠳᠠ ᠵᠢᠨ ᠤᠷᠪᠠᠯᠵᠢ᠎ᠶ᠋ᠢ ᠰᠦᠶ᠋ᠳᠭᠡᠯ ᠬᠤᠷᠢᠶᠠᠬᠤ ᠥᠬᠡᠶ᠎ᠪᠡᠷ ᠨᠠᠰᠤᠲᠠᠢᠴᠤᠳ᠎ᠲᠤ ᠦᠭᠬᠦᠨ᠎ᠠ᠃ ᠡᠳᠡᠬᠡᠷ ᠨᠠᠰᠤᠳᠠᠢᠴᠤᠳ ᠭᠠᠷᠠᠭ ᠪᠦᠷᠢ 2 ᠤᠳᠠᠭ᠎ᠠ ᠥᠳᠥᠭᠡᠭ᠌ᠴᠢ᠎ᠵᠢᠨ ᠪᠠᠢᠴᠠᠭᠠᠯᠳᠠ ᠬᠢᠬᠦ ᠬᠡᠷᠡᠭᠳᠡᠢ᠂ ᠪᠠᠰᠠ ᠬᠡᠵᠢᠶ᠎ᠡ ᠴᠦ᠍ ᠭᠡᠰᠡᠨ ᠦᠪᠡᠷ ᠵᠢᠡᠨ ᠥᠳᠥᠭᠡᠭ᠌ᠴᠢ᠎ᠵᠢᠨ ᠪᠠᠢᠴᠠᠭᠠᠯᠳᠠ ᠬᠢᠵᠤ ᠪᠣᠯᠤᠨ᠎ᠠ᠃ ᠨᠦᠬᠡᠴᠡᠯᠡᠬᠦ ᠳᠠᠯ᠎ᠠ ᠪᠡᠷ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠎ᠪᠠᠷ ᠨᠢᠭᠡᠴᠢ ᠪᠣᠯᠭᠠᠵᠦ᠂ ᠪᠠᠢᠭᠤᠯᠤᠮᠵᠢ ᠪᠦᠷᠢ ᠦᠶ᠋ᠯᠡᠴᠢᠯᠡᠬᠦ᠌ ᠬᠥᠮᠦᠨ ᠠᠮᠠ᠎ᠶ᠋ᠢᠨ ᠶᠡᠷᠦᠩᠬᠡᠶ ᠲᠣᠭᠠᠨ᠎ᠤ 15-20% ᠎ᠪᠠᠷ ᠥᠳᠥᠭᠡᠭ᠌ᠴᠢ ᠵᠢᠨ ᠪᠠᠢᠴᠠᠭᠠᠯᠳᠠ ᠵᠢᠨ ᠤᠷᠪᠠᠯᠵᠢ᠎ᠶ᠋ᠢ ᠨᠥᠭᠡᠴᠡᠯᠡᠬᠦ ᠬᠡᠷᠡᠭᠳᠡᠢ᠎ᠭᠡᠵᠡᠢ᠃

ᠢᠷᠡᠯᠲᠡ ᠄ ᠤᠯᠤᠰ᠎ᠤᠨ ᠡᠷᠡᠭᠦᠯ ᠬᠠᠮᠠᠭᠠᠯᠠᠯ

ᠡᠷᠡᠭᠦᠯ ᠮᠡᠨᠳᠦ᠍᠎ᠶ᠋ᠢᠨ ᠵᠥᠪᠯᠡᠯ᠎ᠦᠨ ᠰᠦᠯᠵᠢᠶ᠎ᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面