2022-10-25 19:06:31
ᠣᠢᠷ᠎ᠠ᠎ᠳᠤ ᠰᠤᠷᠪᠤᠯᠵᠢᠯᠠᠭ᠍ᠴᠢ ᠬᠥᠬᠡᠬᠣᠲᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠣᠢᠯᠠᠭᠠᠭᠰᠠᠨ᠎ᠢᠶᠠᠷ ᠂ ᠲᠣᠰ ᠡᠭᠡᠯᠵᠢ᠎ᠶᠢᠨ ᠬᠢᠵᠢᠭ᠌᠎ᠦᠨ ᠪᠠᠢᠳᠠᠯ ᠡᠭᠦᠰᠦᠭᠰᠡᠨ᠎ᠠᠴᠠ ᠨᠠᠭᠠᠰᠢ ᠬᠥᠬᠡᠬᠣᠲᠠ᠎ᠶᠢᠨ ᠬᠢᠨ ᠶᠣᠰᠣ᠌ ᠰᠤᠷᠲᠠᠬᠤᠨ᠎ᠤ ᠵᠢᠱ᠌ᠢᠶᠡᠴᠢ ᠂ ᠪᠣᠯᠪᠠᠰᠤᠨ ᠭᠡᠷ ᠪᠦᠯᠢ ᠵᠡᠷᠭᠡ ᠲᠡᠷᠢᠭᠦᠨ᠎ᠦ ᠨᠡᠢᠲᠡᠯᠢᠭ ᠵᠢᠱ᠌ᠢᠶ᠎ᠡ ᠵᠢᠴᠢ ᠪᠣᠯᠪᠠᠰᠤᠨ ᠨᠢᠭᠡᠴᠢ ᠂ ᠪᠣᠯᠪᠠᠰᠤᠨ ᠲᠣᠰᠬᠣᠨ ᠪᠠᠯᠭᠠᠰᠤ᠂ ᠪᠣᠯᠪᠠᠰᠤᠨ ᠰᠤᠷᠭᠠᠭᠤᠯᠢ᠎ᠶᠢᠨ ᠬᠦᠷᠢᠶᠡᠨ᠎ᠦ ᠬᠦᠴᠦᠨ᠎ᠢ ᠭᠦᠢᠴᠡᠳ ᠳᠠᠶ᠋ᠢᠴᠢᠯᠠᠨ ᠪᠠᠳᠠᠷᠠᠭᠤᠯᠵᠤ᠂ ᠡᠯ᠎ᠡ ᠠᠵᠢᠯ ᠲᠥᠷᠥᠯ᠎ᠦᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ ᠪᠣᠯᠣᠨ ᠰᠠᠢᠨ ᠲᠤᠷᠠᠴᠤᠳ᠎ᠤᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠡᠮᠦᠨ᠎ᠡ ᠹᠷᠣᠨᠲ᠎ᠲᠤ ᠣᠷᠤᠯᠴᠠᠬᠤ᠎ᠶᠢ ᠥᠷᠭᠡᠨ᠎ᠢᠶᠡᠷ ᠳᠠᠶ᠋ᠢᠴᠢᠯᠠᠪᠠ᠃ ᠣᠳᠣᠬᠠᠨ ᠪᠣᠯᠲᠠᠯ᠎ᠠ ᠪᠥᠬᠥ ᠬᠣᠲᠠ᠎ᠳᠤ ᠨᠡᠶ᠋ᠢᠲᠡ 160 ᠭᠠᠷᠤᠢ ᠰᠠᠢᠨ ᠳᠤᠷ᠎ᠠ᠎ᠶᠢᠨ ᠦᠢᠯᠡᠴᠢᠯᠡᠭᠡᠨ᠎ᠦ ᠵᠣᠬᠢᠶᠠᠨ ᠪᠠᠢᠭᠤᠯᠤᠯᠲᠠ᠂ ᠰᠠᠢᠨ ᠳᠤᠷ᠎ᠠ᠎ᠶᠢᠨ ᠦᠢᠯᠡᠴᠢᠯᠡᠭᠡᠨ᠎ᠦ ᠡᠩᠨᠡᠭᠡ ᠪᠠᠢᠵᠤ᠂ 19.6 ᠲᠦᠮᠡᠨ ᠪᠠᠢᠭᠤᠯᠭ᠎ᠠ᠎ᠶᠢᠨ ᠨᠠᠮ᠎ᠤᠨ ᠭᠡᠰᠢᠭᠦᠨ ᠺᠠᠳ᠋ᠷ ᠪᠣᠯᠣᠨ ᠨᠡᠢᠭᠡᠮ᠎ᠦᠨ ᠰᠠᠢᠨ ᠲᠤᠷᠠᠴᠤᠳ ᠬᠢᠵᠢᠭ᠌᠎ᠢ ᠰᠡᠷᠭᠡᠢᠯᠡᠨ ᠡᠵᠡᠮᠳᠡᠬᠦ ᠰᠠᠢᠨ ᠳᠤᠷ᠎ᠠ᠎ᠶᠢᠨ ᠦᠢᠯᠡᠴᠢᠯᠡᠭᠡ᠎ᠳᠦ ᠣᠷᠣᠯᠴᠠᠪᠠ᠃
ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠰᠠᠢᠨ ᠳᠤᠷ᠎ᠠ᠎ᠶᠢᠨ ᠦᠢᠯᠡᠴᠢᠯᠡᠭᠡ ᠥᠷᠨᠢᠭᠦᠯᠵᠦ᠂ ᠲᠢᠩᠬᠢᠮ᠎ᠦᠨ ᠲᠠᠰ᠎ᠤᠨ ᠤᠳᠤᠷᠢᠳᠬᠤ ᠺᠠᠳ᠋ᠷ ᠨᠡᠶ᠋ᠢᠲᠡ 373 ᠬᠥᠮᠥᠨ ᠤᠳᠠᠭ᠎ᠠ᠂ ᠨᠠᠮ᠎ᠤᠨ ᠭᠡᠰᠢᠭᠦᠨ ᠺᠠᠳ᠋ᠷ ᠨᠡᠶ᠋ᠢᠲᠡ 40936 ᠬᠥᠮᠥᠨ ᠤᠳᠠᠭ᠎ᠠ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠳᠤ ᠣᠷᠣᠯᠴᠠᠵᠤ᠂ ᠬᠠᠨᠳᠢᠪᠯᠡᠭ᠍ᠰᠠᠨ ᠡᠯ᠎ᠡ ᠲᠥᠷᠥᠯ᠎ᠦᠨ ᠡᠳ᠋ ᠪᠣᠳᠠᠰ᠎ᠤᠨ ᠥᠷᠲᠡᠭ ᠨᠡᠶ᠋ᠢᠲᠡ 500 ᠭᠠᠷᠤᠢ ᠲᠦᠮᠡᠨ ᠲᠥᠭᠥᠷᠢᠭ᠎ᠲᠦ ᠬᠦᠷᠴᠡᠢ᠃ ᠯᠠᠨ ᠲᠢᠶᠠᠨ ᠠᠪᠤᠷᠠᠨ ᠲᠤᠰᠠᠯᠠᠬᠤ ᠠᠩᠭᠢ᠂ ᠠᠨᠴᠢᠯ᠎ᠤᠨ ᠨᠡᠶ᠋ᠢᠲᠡ᠎ᠶᠢᠨ ᠠᠰᠠᠷᠠᠮᠵᠢ᠎ᠶᠢᠨ ᠨᠡᠢᠭᠡᠮᠯᠢᠭ ᠵᠡᠷᠭᠡ 28 ᠨᠡᠢᠭᠡᠮ᠎ᠦᠨ ᠨᠡᠶ᠋ᠢᠲᠡ᠎ᠶᠢᠨ ᠠᠰᠠᠷᠠᠮᠵᠢ᠎ᠶᠢᠨ ᠵᠣᠬᠢᠶᠠᠨ ᠪᠠᠢᠭᠤᠯᠤᠯᠲᠠ᠂ ᠬᠥᠬᠡ ᠬᠠᠳᠠ ᠨᠡᠶ᠋ᠢᠲᠡ᠎ᠶᠢᠨ ᠠᠰᠠᠷᠠᠮᠵᠢ᠂ ᡁᠢ ᠴᠢᠦᠢ ᠨᠡᠶ᠋ᠢᠲᠡ᠎ᠶᠢᠨ ᠠᠰᠠᠷᠠᠮᠵᠢ ᠪᠣᠯᠣᠨ ᠥᠪᠥᠷ ᠮᠣᠩᠭᠣᠯ᠎ᠤᠨ ᠡᠭᠦᠯᠡ ᠨᠡᠶ᠋ᠢᠲᠡ᠎ᠶᠢᠨ ᠠᠰᠠᠷᠠᠮᠵᠢ᠎ᠶᠢᠨ ᠨᠡᠢᠭᠡᠮᠯᠢᠭ ᠵᠡᠷᠭᠡ 15 ᠵᠠᠯᠠᠭᠤᠴᠤᠳ᠎ᠤᠨ ᠬᠣᠯᠪᠣᠭ᠎ᠠ᠎ᠶᠢᠨ ᠨᠡᠢᠭᠡᠮ᠎ᠦᠨ ᠵᠣᠬᠢᠶᠠᠨ ᠪᠠᠢᠭᠤᠯᠤᠯᠲᠠ ᠂ ᠥᠪᠥᠷ ᠮᠣᠩᠭᠣᠯ᠎ᠤᠨ ᠡᠮᠡᠭᠲᠡᠢᠴᠦᠳ᠎ᠦᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠨᠡᠢᠭᠡᠮᠯᠢᠭ ᠵᠡᠷᠭᠡ 10 ᠭᠡᠰᠢᠭᠦᠨ ᠨᠢᠭᠡᠴᠢ ᠰᠠᠢᠨ ᠲᠤᠷᠠᠴᠤᠳ᠎ᠢ ᠵᠣᠬᠢᠶᠠᠨ ᠪᠠᠢᠭᠤᠯᠵᠤ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠎ᠳᠦ ᠣᠷᠣᠯᠴᠠᠭᠤᠯᠪᠠ᠃ ᠬᠥᠬᠡᠬᠣᠲᠠ᠎ᠶᠢᠨ ᠣᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ ᠵᠢᠯᠤᠭᠣᠳᠬᠤ ᠺᠤᠮᠢᠰ᠎ᠦᠨ ᠠᠯᠪᠠᠨ ᠭᠡᠷ 《ᠬᠥᠬᠡᠬᠣᠲᠠ᠎ᠶᠢᠨ〈ᠰᠡᠳᠬᠢᠯ 〉᠎ᠤᠨ ᠬᠠᠢᠷ᠎ᠠ 》 ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠰᠡᠳᠬᠢᠴᠡ᠎ᠶᠢᠨ ᠵᠢᠯᠣᠭᠣᠳᠤᠯᠭ᠎ᠠ᠎ᠶᠢᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ ᠪᠠ 《ᠤᠮᠠᠷᠠᠲᠤ ᠬᠢᠯᠢ᠎ᠶᠢᠨ ᠰᠦᠯᠵᠢᠶᠡᠨ᠎ᠦ ᠬᠠᠮᠠᠭᠠᠯᠠᠭ᠍ᠴᠢ 》 ᠰᠢᠨ᠎ᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠠᠩᠭᠢ᠎ᠶᠢ ᠪᠠᠢᠭᠤᠯᠵᠤ ᠂ ᠬᠣᠲᠠ᠎ᠶᠢᠨ ᠠᠷᠠᠳ᠎ᠲᠤ ᠰᠦᠯᠵᠢᠶᠡᠨ ᠳᠡᠭᠡᠷᠡᠬᠢ ᠰᠡᠳᠬᠢᠴᠡ᠎ᠶᠢᠨ ᠵᠢᠯᠣᠭᠣᠳᠤᠯᠭ᠎ᠠ ᠪᠠ ᠰᠦᠯᠵᠢᠶᠡᠨ᠎ᠦ ᠬᠢᠴᠢᠶᠡᠯ ᠂ ᠭᠡᠷ᠎ᠲᠡᠬᠡᠨ ᠠᠯᠪᠠᠯᠠᠬᠤ ᠠᠰᠠᠭᠤᠳᠠᠯ᠎ᠤᠨ ᠵᠥᠪᠯᠡᠯᠭᠡ ᠥᠭᠬᠦ ᠦᠢᠯᠡᠴᠢᠯᠡᠭᠡ ᠬᠠᠩᠭᠠᠪᠠ᠃ 600 ᠰᠢᠬᠠᠮ ᠲᠦᠷᠢᠶᠡᠰᠦᠨ ᠮᠠᠰᠢᠨ ᠲᠡᠷᠭᠡ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠎ᠳᠦ ᠢᠳᠡᠪᠬᠢᠲᠡᠢ ᠣᠷᠣᠯᠴᠠᠵᠤ᠂ ᠪᠥᠭᠡᠮ ᠬᠦᠴᠢᠯ᠎ᠦᠨ ᠪᠠᠢᠴᠠᠭᠠᠯᠲᠠ᠎ᠶᠢᠨ ᠦᠯᠢᠬᠡᠷ᠎ᠢ ᠨᠡᠢ᠍ᠢᠳᠡ 17000 ᠤᠳᠠᠭ᠎ᠠ ᠵᠥᠭᠡᠭᠡᠪᠦᠷᠢᠯᠡᠨ ᠬᠦᠷᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃