2022-10-25 11:30:06
ᠰᠤᠷᠪᠤᠯᠵᠢᠯᠠᠭᠴᠢ ᠲᠦᠷᠦᠭᠦᠬᠡᠨ ᠬᠥᠬᠡᠬᠣᠲᠠ ᠶ᠋ᠢᠨ ᠪᠤᠤ ᠴᠢᠤᠸᠠᠨ ᠵᠤᠸᠠᠩ ᠲᠠᠷᠢᠶᠠᠯᠠᠩ ᠤ᠋ᠨ ᠪᠦᠲᠦᠭᠡᠭᠳᠡᠭᠦᠨ ᠤ᠋ ᠠᠷᠠᠯᠵᠢᠶᠠᠨ ᠤ᠋ ᠵᠠᠬ᠎ᠠ ᠳᠡᠯᠭᠡᠭᠦᠷ ᠤ᠋ᠨ ᠢᠳᠡᠱᠢᠨ ᠨᠣᠭᠣᠭ᠎ᠠ ᠵᠢ ᠪᠥᠭᠡᠮ ᠵᠢᠡᠷ ᠬᠤᠳᠠᠯᠳᠤᠬᠤ ᠲᠢᠩᠬᠢᠮ ᠳ᠋ᠤ ᠬᠦᠷᠬᠦ ᠳ᠋ᠤ ᠂ ᠪᠡᠭᠡᠵᠢᠩ ᠤ᠋ᠨ ᠱᠢᠨ ᠹᠠ ᠳ᠋ᠢ ᠢᠳᠡᠱᠢᠨ ᠨᠣᠭᠣᠭ᠎ᠠ ᠵᠢ ᠪᠥᠭᠡᠮ ᠵᠢᠡᠷ ᠬᠤᠳᠠᠯᠳᠤᠬᠤ ᠵᠠᠬ᠎ᠠ ᠳᠡᠯᠭᠡᠭᠦᠷ ᠡᠴᠡ ᠬᠥᠬᠡᠬᠣᠲᠠ ᠳ᠋ᠤ ᠢᠷᠡᠭ᠌ᠰᠡᠨ ᠨᠢᠭᠡᠨ ᠲᠣᠮᠣ ᠠᠴᠢᠶᠠᠨ ᠤ᠋ ᠮᠠᠰᠢᠨ ᠲᠡᠷᠭᠡ ᠵᠢ ᠣᠯᠵᠤ ᠬᠠᠷᠠᠪᠠ ᠂ ᠲᠡᠷᠭᠡᠨ ᠳᠡᠭᠡᠷ᠎ᠡ 20 ᠭᠠᠷᠤᠶ ᠲᠣᠨ ᠱᠢᠨ᠎ᠡ ᠰᠣᠷᠭᠣᠭ ᠢᠳᠡᠱᠢᠨ ᠨᠣᠭᠣᠭ᠎ᠠ ᠠᠴᠢᠶᠠᠯᠠᠭᠰᠠᠨ ᠪᠠᠢᠯ᠎ᠠ᠃ 《ᠡᠳᠦᠷ ᠪᠦᠷᠢ ᠡᠢᠮᠦᠷᠬᠦᠦ 4 — 5 ᠲᠤᠮᠤ ᠮᠠᠰᠢᠨ ᠲᠡᠷᠭᠡ ᠮᠠᠨ ᠤ᠋ ᠵᠠᠬ᠎ᠠ ᠳᠡᠯᠭᠡᠭᠦᠷ ᠲᠦ᠍ ᠢᠷᠡᠵᠤ ᠪᠠᠢᠨ᠎ᠠ》 ᠭᠡᠵᠦ᠍ ᠪᠤᠤ ᠴᠢᠤᠸᠠᠨ ᠵᠤᠸᠠᠩ ᠲᠠᠷᠢᠶᠠᠯᠠᠩ ᠤ᠋ᠨ ᠬᠥᠭ᠌ᠵᠢᠬᠦᠯᠦᠯᠲᠡ ᠵᠢᠨ ᠬᠢᠵᠠᠭᠠᠷᠲᠤ ᠺᠣᠮᠫᠠᠨᠢ ᠵᠢᠨ ᠶᠡᠷᠦᠩᠬᠡᠶ ᠳᠠᠭᠠᠭᠠᠮᠠᠯ ᠵᠠᠩ ᠢᠦᠶ ᠲᠠᠨᠢᠯᠴᠠᠭᠤᠯᠪᠠ ᠃
ᠣᠳᠣᠬᠠᠨ ᠳ᠋ᠤ ᠂ ᠪᠦᠦ ᠴᠢᠤᠸᠠᠨ ᠵᠤᠸᠠᠩ ᠲᠠᠷᠢᠶᠠᠯᠠᠩ ᠤ᠋ᠨ ᠪᠦᠲᠦᠭᠡᠭᠳᠡᠭᠦᠨ ᠤ᠋ ᠠᠷᠠᠯᠵᠢᠶᠠᠨ ᠤ᠋ ᠵᠠᠬ᠎ᠠ ᠳᠡᠯᠭᠡᠭᠦᠷ ᠡᠴᠡ ᠬᠣᠲᠠ ᠵᠢᠨ ᠠᠷᠠᠳ ᠲᠦ᠍ ᠬᠠᠩᠭᠠᠵᠤ ᠪᠠᠢᠭ᠎ᠠ ᠢᠳᠡᠱᠢᠨ ᠨᠣᠭᠣᠭᠠᠨ ᠤ᠋ ᠪᠤᠭᠤᠳᠠᠯ ᠳ᠋ᠤ ᠴᠠᠭᠠᠨ ᠨᠣᠭᠣᠭ᠎ᠠ ᠂ ᠰᠣᠩᠭᠢᠨ᠎ᠠ ᠂ ᠱᠢᠷᠠ ᠯᠤᠤᠪᠠᠩ ᠂ ᠴᠢᠨᠵᠦᠦ ᠵᠡᠷᠭᠡ ᠢᠳᠡᠱᠢᠨ ᠨᠣᠭᠣᠭ᠎ᠠ ᠨᠤᠭᠤᠳ ᠪᠤᠢ ᠃ 《ᠢᠳᠡᠱᠢᠨ ᠨᠣᠭᠣᠭ᠎ᠠ ᠵᠢᠨ ᠪᠣᠭᠣᠳᠠᠯ ᠪᠦᠷᠢ ᠨᠢ ᠪᠠᠷᠤᠭ 24 ᠵᠢᠩ ᠰᠢᠬᠠᠮ ᠪᠠᠢᠵᠤ ᠂ ᠦᠨ᠎ᠡ ᠬᠠᠩᠰᠢ ᠨᠢ 70 ᠲᠥᠭᠥᠷᠢᠭ ᠃ ᠮᠠᠨ ᠤ᠋ ᠵᠠᠬ᠎ᠠ ᠳᠡᠯᠭᠡᠭᠦᠷ ᠡᠨᠡ ᠦᠨ᠎ᠡ ᠪᠡᠷ ᠪᠦᠬᠦ᠌ ᠬᠤᠳᠠᠯᠳᠤᠭᠠᠴᠢᠨ ᠳ᠋ᠤ ᠬᠠᠩᠭᠠᠵᠤ ᠪᠠᠢᠨ᠎ᠠ》 ᠭᠡᠵᠦ᠍ ᠵᠠᠩ ᠢᠤᠢ ᠬᠡᠯᠡᠨ᠎ᠠ᠃ ᠬᠥᠬᠡᠬᠣᠲᠠ ᠵᠢᠨ ᠣᠳᠣᠬᠠᠨ ᠤ᠋ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ ᠵᠢ ᠦᠨᠳᠦᠰᠦᠯᠡᠪᠡᠯ ᠂ ᠪᠥᠬᠥ᠌ ᠬᠣᠲᠠ ᠵᠢᠨ ᠲᠣᠮᠣ ᠬᠡᠯᠪᠡᠷᠢ ᠵᠢᠨ ᠪᠥᠭᠡᠮ ᠵᠢᠡᠷ ᠬᠤᠳᠠᠯᠳᠤᠬᠤ ᠵᠠᠬ᠎ᠠ ᠳᠡᠯᠭᠡᠭᠦᠷ ᠨᠢ ᠬᠣᠶᠠᠳᠤᠭᠠᠷ ᠳᠡᠰ ᠤ᠋ᠨ ᠪᠥᠭᠡᠮ ᠵᠢᠡᠷ ᠬᠤᠳᠠᠯᠳᠤᠬᠤ ᠬᠤᠳᠠᠯᠳᠤᠭᠠᠴᠢᠨ ᠤ᠋ ᠦᠨᠡᠮᠯᠡᠯ ᠲᠠᠢ ᠪᠤᠯ ᠵᠠᠬ᠎ᠠ ᠳᠡᠯᠭᠡᠭᠦᠷ ᠲᠦ᠍ ᠣᠷᠣᠬᠤ ᠵᠢ ᠵᠥᠪᠱᠢᠶᠡᠷᠡᠨᠡ᠃ ᠲᠣᠮᠣ ᠬᠡᠯᠪᠡᠷᠢ ᠵᠢᠨ ᠪᠥᠭᠡᠮ ᠵᠢᠡᠷ ᠬᠤᠳᠠᠯᠳᠤᠬᠤ ᠵᠠᠬ᠎ᠠ ᠳᠡᠯᠭᠡᠭᠦᠷ ᠰᠦᠯᠵᠢᠶᠡᠨ ᠲᠠᠬᠡᠷᠡᠬᠢ ᠪᠤᠷᠤᠯᠠᠭᠤᠯᠭ᠎ᠠ ᠡᠴᠡ ᠭᠠᠳᠠᠨᠠᠬᠢ ᠵᠢᠵᠢᠭ᠌ᠯᠡᠨ ᠬᠤᠳᠠᠯᠳᠤᠬᠤ ᠵᠢ ᠪᠦᠬᠦᠨ ᠢ᠋ ᠲᠦᠷ ᠵᠣᠭ᠍ᠰᠣᠭᠠᠵᠤ ᠂ ᠠᠵᠢᠯ ᠤ᠋ᠨ ᠪᠠᠢᠷᠢ ᠳ᠋ᠤ ᠪᠠᠢᠭ᠎ᠠ ᠵᠠᠬ᠎ᠠ ᠳᠡᠯᠭᠡᠭᠦᠷ ᠤ᠋ᠨ ᠠᠵᠢᠯᠴᠢᠨ ᠳ᠋ᠤ ᠪᠢᠲᠡᠭᠦᠮᠵᠢᠯᠡᠭ᠌ᠰᠡᠨ ᠬᠠᠮᠢᠶᠠᠷᠤᠯᠲᠠ ᠵᠢ ᠬᠡᠷᠡᠭ᠌ᠵᠢᠭᠦᠯᠵᠤ ᠪᠠᠢᠨ᠎ᠠ ᠃
《ᠬᠢᠵᠢᠭ ᠤ᠋ᠨ ᠪᠠᠢᠳᠠᠯ ᠭᠠᠷᠤᠭ᠍ᠰᠠᠨ ᠡᠴᠡ ᠨᠠᠭᠠᠰᠢ᠂ ᠮᠧᠶ ᠲᠦᠩ ᠂ ᠸᠠᠨ ᠬᠣᠶ ᠵᠡᠷᠭᠡ ᠲᠠᠷᠢᠶᠠᠯᠠᠩ ᠤ᠋ᠨ ᠪᠦᠲᠦᠭᠡᠭᠳᠡᠭᠦᠨ ᠤ᠋ ᠠᠷᠠᠯᠵᠢᠶᠠᠨ ᠤ᠋ ᠵᠠᠬ᠎ᠠ ᠳᠡᠯᠭᠡᠭᠦᠷ ᠤ᠋ᠨ ᠢᠳᠡᠱᠢᠨ ᠨᠣᠭᠣᠭ᠎ᠠ ᠣᠷᠣᠭᠤᠯᠬᠤ ᠬᠡᠮᠵᠢᠶ᠎ᠡ ᠲᠤᠮᠳᠠᠴᠢ ᠪᠡᠷ ᠡᠳᠦᠷ ᠪᠦᠷᠢ 1219 ᠲᠣᠨ ᠂ ᠪᠣᠷᠣᠯᠠᠭᠤᠯᠭ᠎ᠠ ᠵᠢᠨ ᠬᠡᠮᠵᠢᠶ᠎ᠡ ᠳᠤᠮᠳᠠᠴᠢ ᠪᠡᠷ ᠡᠳᠦᠷ ᠪᠦᠷᠢ 1191 ᠲᠣᠨ ᠪᠠᠢᠵᠤ ᠂ ᠬᠠᠩᠭᠠᠯᠭ᠎ᠠ ᠬᠡᠷᠡᠭ᠌ᠴᠡᠭᠡ ᠲᠡᠩᠴᠡᠭᠦᠷᠢᠲᠡᠶ ᠪᠠᠢᠨ᠎ᠠ ᠃ ᠠᠮᠤ ᠪᠤᠳᠠᠭ᠎ᠠ ᠪᠠ ᠢᠳᠡᠬᠡᠨ ᠤ᠋ ᠲᠣᠰᠣ ᠤᠷᠤᠭᠤᠯᠬᠤ ᠬᠡᠮᠵᠢᠶ᠎ᠡ ᠳᠤᠮᠳᠠᠴᠢ ᠪᠡᠷ ᠡᠳᠦᠷ ᠪᠦᠷᠢ 780 ᠲᠣᠨ ᠣᠷᠴᠢᠮ ᠪᠠᠢᠵᠤ ᠂ ᠬᠥᠮᠥᠷᠭᠡ ᠵᠢᠨ ᠨᠦᠬᠡᠴᠡ ᠵᠢᠨ ᠬᠡᠮᠵᠢᠶ᠎ᠡ 3.5 ᠲᠦᠮᠡᠨ ᠲᠣᠨ ᠡᠴᠡ ᠳᠡᠭᠡᠭ᠌ᠰᠢ ᠪᠠᠢᠬᠤ ᠵᠢ ᠪᠠᠲᠤᠯᠠᠵᠤ ᠂ 2 ᠰᠠᠷ᠎ᠠ ᠡᠴᠡ ᠳᠡᠭᠡᠭ᠌ᠰᠢᠬᠢ ᠵᠠᠬ᠎ᠠ ᠳᠡᠯᠭᠡᠭᠦᠷ ᠤ᠋ᠨ ᠬᠡᠪ ᠤ᠋ᠨ ᠬᠠᠩᠭᠠᠯᠭ᠎ᠠ ᠵᠢ ᠪᠠᠲᠤᠯᠠᠵᠤ ᠴᠢᠳᠠᠨ᠎ᠠ ᠃ ᠮᠢᠬ᠎ᠠ ᠥᠨᠳᠡᠭᠡ ᠵᠢᠨ ᠬᠥᠮᠥᠷᠭᠡ ᠵᠢᠨ ᠨᠦᠬᠡᠴᠡ ᠵᠢᠨ ᠬᠡᠮᠵᠢᠶ᠎ᠡ 2400 ᠲᠣᠨ ᠡᠴᠡ ᠳᠡᠭᠡᠭ᠌ᠰᠢ ᠪᠠᠢᠵᠤ ᠂ 20 ᠡᠳᠦᠷ ᠡᠴᠡ ᠳᠡᠭᠡᠭ᠌ᠰᠢᠬᠢ ᠵᠠᠬ᠎ᠠ ᠳᠡᠯᠭᠡᠭᠦᠷ ᠤ᠋ᠨ ᠬᠡᠪ ᠤ᠋ᠨ ᠬᠠᠩᠭᠠᠯᠭ᠎ᠠ ᠵᠢ ᠪᠠᠲᠤᠯᠠᠵᠤ ᠴᠢᠳᠠᠨ᠎ᠠ ᠃ ᠢᠳᠡᠬᠡᠨ ᠤ᠋ ᠲᠣᠰᠣ ᠵᠢᠨ ᠬᠥᠮᠥᠷᠭᠡ ᠵᠢᠨ ᠨᠦᠬᠡᠴᠡ ᠵᠢᠨ ᠬᠡᠮᠵᠢᠶ᠎ᠠ 9461.86 ᠲᠣᠨ ᠪᠠᠢᠵᠤ ᠂ 50 ᠡᠳᠦᠷ ᠡᠴᠡ ᠳᠡᠭᠡᠭ᠌ᠰᠢᠬᠢ ᠵᠠᠬ᠎ᠠ ᠳᠡᠯᠭᠡᠭᠦᠷ ᠤ᠋ᠨ ᠬᠡᠪ ᠤ᠋ᠨ ᠬᠠᠩᠭᠠᠯᠭ᠎ᠠ ᠵᠢ ᠪᠠᠳᠤᠯᠠᠵᠤ ᠲᠠᠢᠯᠤᠨ᠎ᠠ》 ᠭᠡᠵᠤ ᠬᠥᠬᠡᠬᠣᠲᠠ ᠵᠢᠨ ᠬᠤᠳᠠᠯᠳᠤᠭᠠᠨ ᠤ᠋ ᠶᠠᠪᠤᠳᠠᠯ ᠤ᠋ᠨ ᠲᠣᠪᠴᠢᠶᠠᠨ ᠤ᠋ ᠨᠠᠮ ᠤ᠋ᠨ ᠤᠳᠤᠷᠢᠳᠭᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠲᠣᠪᠴᠢᠶᠠᠨ ᠳᠠᠷᠤᠭ᠎ᠠ ᠲᠠᠨ ᠵᠢᠨ ᠯᠦᠩ ᠬᠥᠬᠡᠬᠣᠲᠠ ᠵᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠤ᠋ᠨ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠲᠠᠨᠢᠯᠴᠠᠭᠤᠯᠪᠠ ᠃
ᠣᠢᠯᠠᠭᠠᠭ᠍ᠰᠠᠨ ᠵᠢᠡᠷ ᠂ 10 ᠰᠠᠷ᠎ᠠ ᠵᠢᠨ 6 ᠤ᠋ ᠡᠳᠦᠷ ᠡᠴᠡ ᠡᠬᠢᠯᠡᠨ ᠂ ᠬᠥᠬᠡᠬᠣᠲᠠ 《ᠵᠠᠬᠢᠶᠠᠯᠠᠭ᠎ᠠ ᠬᠢᠬᠦ + ᠲᠣᠬᠢᠷᠠᠭᠤᠯᠤᠨ ᠬᠦᠷᠭᠡᠬᠦ᠌》 ᠬᠠᠩᠭᠠᠯᠭ᠎ᠠ ᠵᠢ ᠪᠠᠲᠤᠯᠠᠬᠤ ᠵᠠᠭ᠍ᠪᠤᠷ ᠢ᠋ ᠬᠡᠷᠡᠭ᠌ᠵᠢᠭᠦᠯᠵᠦ᠍ ᠂ ᠮᠧᠶ ᠲᠣᠸᠠᠨ ᠂ ᠳ᠋ᠦᠸᠸ ᠳ᠋ᠦᠸᠸ ᠢᠳᠡᠰᠢᠨ ᠨᠣᠭᠣᠭ᠎ᠠ ᠬᠤᠳᠠᠯᠳᠤᠨ ᠠᠪᠬᠤ ᠂ ᠱᠧᠩ ᠲᠢᠶᠠᠨ ᠵᠡᠷᠭᠡ ᠡᠯᠧᠺᠲ᠋ᠷᠣᠨ ᠬᠤᠳᠠᠯᠳᠤᠭᠠᠨ ᠤ᠋ ᠠᠵᠤ ᠠᠬᠤᠢᠯᠠᠯ ᠤ᠋ᠨ ᠥᠪᠡᠷ ᠤ᠋ᠨ ᠲᠠᠪᠴᠠᠩ ᠵᠢᠡᠷᠲᠠᠮᠵᠢᠨ ᠵᠠᠬᠢᠶᠠᠯᠠᠭ᠎ᠠ ᠬᠢᠵᠦ᠍ ᠠᠮᠢᠳᠤᠷᠠᠯ ᠤ᠋ᠨ ᠡᠳ᠋ ᠪᠣᠳᠠᠰ ᠬᠤᠳᠠᠯᠳᠤᠨ ᠠᠪᠴᠤ ᠪᠤᠯᠬᠤ ᠪᠤᠯᠭᠠᠪᠠ ᠃ 《10 ᠰᠠᠷ᠎ᠠ ᠵᠢᠨ 6 ᠡᠴᠡ 19 ᠤ᠋ ᠡᠳᠦᠷ ᠪᠣᠯᠲᠠᠯ᠎ᠠ ᠪᠥᠬᠥ᠌ ᠡᠯᠧᠺᠲ᠋ᠷᠣᠨ ᠬᠤᠳᠠᠯᠳᠤᠭᠠᠨ ᠤ᠋ ᠲᠠᠪᠴᠠᠩ ᠤ᠋ᠨ ᠶᠡᠷᠦᠩᠬᠡᠶ ᠵᠠᠬᠢᠶᠠᠯᠠᠭ᠎ᠠ ᠵᠢᠨ ᠬᠠᠭᠤᠳᠠᠰᠤ 465 ᠲᠦᠮᠡᠨ ᠬᠤᠪᠢ ᠳ᠋ᠤ ᠬᠦᠷᠴᠦ ᠂ ᠳᠤᠮᠳᠠᠴᠢ ᠪᠠᠷ ᠡᠳᠦᠷ ᠪᠦᠷᠢ 33.2 ᠲᠦᠮᠡᠨ ᠬᠤᠪᠢ ᠵᠠᠬᠢᠶᠠᠯᠠᠭ᠎ᠠ ᠲᠤᠰᠴᠦ ᠂ ᠬᠣᠲᠠ ᠵᠢᠨ ᠠᠷᠠᠳ ᠤ᠋ᠨ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ ᠬᠡᠷᠡᠭ᠌ᠴᠡᠭᠡ ᠵᠢ ᠪᠠᠲᠤᠯᠠᠵᠤ ᠴᠢᠳᠠᠵᠠᠢ》 ᠭᠡᠵᠦ ᠲᠠᠨ ᠵᠢᠨ ᠯᠦᠩ ᠬᠡᠯᠡᠪᠡ ᠃
ᠬᠥᠬᠡᠬᠣᠲᠠ ᠵᠢᠨ ᠰᠠᠢᠬᠠᠨ ᠲᠣᠭᠣᠷᠢᠭ ᠰᠠᠭᠤᠭᠠᠯᠢ ᠠᠷᠠᠳ ᠲᠦ᠍ ᠡᠳ᠋ ᠪᠣᠳᠠᠰ ᠤ᠋ᠨ ᠨᠠᠷᠢᠨ ᠲᠠᠩᠰᠠ ᠬᠠᠩᠭᠠᠨ ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠠᠷᠭ᠎ᠠ ᠬᠡᠯᠪᠡᠷᠢ ᠪᠡᠷ ᠬᠤᠳᠠᠯᠳᠤᠨ ᠠᠪᠬᠤ ᠠᠷᠭ᠎ᠠ ᠵᠠᠮ ᠢ᠋ ᠤᠬᠠᠭᠤᠯᠵᠤ ᠂ ᠰᠠᠭᠤᠭᠠᠯᠢ ᠠᠷᠠᠳ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠠᠬᠢᠶᠠᠯᠠᠭ᠎ᠠ ᠬᠢᠭᠰᠡᠨ ᠤ᠋ ᠲᠠᠷᠠᠭ᠎ᠠ ᠠᠵᠢᠯᠴᠢᠳ ᠴᠠᠭ ᠲᠤᠬᠠᠶ ᠳ᠋ᠤᠨᠢ ᠬᠠᠮᠢᠶ᠎ᠠ ᠪᠦᠬᠦᠢ ᠡᠳ᠋ ᠪᠣᠳᠠᠰ ᠢ᠋ ᠬᠡᠷᠡᠭ᠌ᠴᠡᠭᠡ ᠶᠣᠰᠣᠭᠠᠷ ᠰᠠᠭᠤᠭᠠᠯᠢ ᠠᠷᠠᠳ ᠲᠦ᠍ ᠲᠣᠬᠢᠷᠠᠭᠤᠯᠤᠨ ᠬᠦᠷᠭᠡᠵᠤ ᠪᠠᠢᠨ᠎ᠠ ᠃ 《ᠪᠢᠳᠡ ᠨᠡᠢᠭᠡᠮ ᠲᠣᠭᠣᠷᠢᠭ ᠤ᠋ᠨ ᠠᠵᠢᠯᠲᠠᠨ ᠂ ᠲᠤᠤᠷᠵᠢᠭᠤᠯᠤᠯᠳᠠ ᠵᠢᠨ ᠠᠵᠢᠯᠳᠡᠨ ᠂ ᠳᠠᠭᠠᠭᠠᠴᠢᠯᠠᠨ ᠬᠠᠷᠢᠯᠴᠠᠬᠤ ᠨᠢᠭᠡᠴᠢ ᠵᠢᠨ ᠺᠠᠳ᠋ᠷ ᠂ ᠨᠠᠮ ᠤ᠋ᠨ ᠭᠡᠱᠢᠭᠦᠨ ᠰᠠᠢᠨ ᠲᠤᠷᠠᠴᠤᠤᠯ ᠂ ᠰᠠᠭᠤᠭᠠᠯᠢ ᠠᠷᠠᠳ ᠤ᠋ᠨ ᠰᠠᠢᠨ ᠲᠤᠷᠠᠴᠤᠤᠯ ᠪᠣᠯᠤᠨ ᠠᠳᠠᠯ ᠠᠬᠤᠶ ᠵᠢᠨ ᠠᠵᠢᠯᠲᠠᠳ ᠢ᠋ ᠵᠤᠬᠢᠶᠠᠨ ᠪᠠᠢᠭᠤᠯᠤᠨ 〈ᠨᠡᠢᠭᠡᠮ ᠲᠣᠭᠣᠷᠢᠭ ᠤ᠋ᠨ ᠰᠠᠬᠢᠨ ᠬᠠᠮᠠᠭᠠᠯᠠᠭ᠍ᠴᠢ〉 ᠵᠢᠨ ᠬᠠᠢᠷ᠎ᠠ ᠬᠠᠯᠠᠮᠵᠢ ᠬᠦᠷᠭᠡᠬᠦ᠌ ᠠᠩᠭᠢ ᠵᠢ ᠪᠠᠢᠭᠤᠯᠵᠤ ᠂ ᠡᠳ᠋ ᠪᠣᠳᠠᠰ ᠢ᠋ ᠬᠦᠷᠭᠡᠵᠦ ᠢᠷᠡᠭᠰᠡᠨ ᠤ᠋ ᠳᠠᠷᠠᠭ᠎ᠠ ᠡᠩ ᠲᠡᠷᠢᠭᠦᠨ ᠳ᠋ᠤ ᠠᠷᠢᠭᠤᠳᠭᠠᠨ ᠳᠡᠩᠰᠡᠯᠡᠨ ᠲᠡᠮᠳᠡᠭ᠌ᠯᠡᠵᠦ᠍ ᠂ ᠳᠠᠷᠠᠭᠠᠨᠢ ᠬᠠᠢᠷ᠎ᠠ ᠬᠠᠯᠠᠮᠵᠢ ᠬᠦᠷᠭᠡᠬᠦ᠌ ᠠᠩᠭᠢ ᠡᠴᠡ ᠰᠠᠭᠤᠭᠠᠯᠢ ᠠᠷᠠᠳ ᠲᠦ᠍ ᠲᠤᠬᠢᠷᠠᠭᠤᠯᠤᠨ ᠬᠦᠷᠭᠡᠵᠦ᠍ ᠂ ᠰᠠᠭᠤᠭᠠᠯᠢ ᠠᠷᠠᠳ ᠤ᠋ᠨ ᠠᠮᠢᠳᠤᠷᠠᠯ ᠤ᠋ᠨ ᠡᠳ᠋ ᠪᠣᠳᠠᠰ ᠤ᠋ᠨ ᠬᠠᠩᠭᠠᠯᠭ᠎ᠠ ᠵᠢ ᠪᠥᠬᠥ᠌ ᠬᠦᠴᠦᠨ ᠵᠢᠡᠷ ᠪᠠᠲᠤᠯᠠᠵᠤ ᠪᠠᠢᠨ᠎ᠠ》 ᠭᠡᠵᠦ᠍ ᠰᠠᠢᠬᠠᠨ ᠲᠣᠭᠣᠷᠢᠭ ᠤ᠋ᠨ ᠵᠤᠤ ᠤᠳᠠ ᠡᠮᠦᠨ᠎ᠡ ᠵᠠᠮ ᠤ᠋ᠨ ᠵᠡᠭᠡᠯᠢ ᠭᠤᠳᠤᠮᠵᠢ ᠵᠢᠨ ᠯᠢ ᠱᠦᠢ ᠨᠡᠢᠭᠡᠮ ᠲᠣᠭᠣᠷᠢᠭ ᠤ᠋ᠨ ᠨᠠᠮ ᠤ᠋ᠨ ᠡᠭᠦᠷ ᠤ᠋ᠨ ᠱᠦᠵᠢ ᠂ ᠰᠠᠭᠤᠭᠠᠯᠢ ᠠᠷᠠᠳ ᠤ᠋ᠨ ᠵᠥᠪᠯᠡᠯ ᠤ᠋ᠨ ᠡᠷᠬᠢᠯᠡᠭ᠌ᠴᠢ ᠵᠢᠶᠠ ᠸᠸᠨ ᠬᠤᠸᠠ ᠬᠡᠯᠡᠪᠡ᠃
ᠣᠢᠯᠠᠭᠠᠭ᠍ᠰᠠᠨ ᠵᠢᠡᠷ ᠂ ᠬᠢᠵᠢᠭ ᠤ᠋ᠨ ᠪᠠᠢᠳᠠᠯ ᠤ᠋ᠨ ᠬᠤᠭᠤᠴᠠᠭᠠᠨ ᠳ᠋ᠤ ᠬᠥᠬᠡᠬᠣᠲᠠ ᠵᠢᠨᠬᠢᠨ ᠬᠠᠩᠭᠠᠯᠭ᠎ᠠ ᠵᠢ ᠪᠠᠲᠤᠯᠠᠬᠤ ᠠᠵᠤ ᠠᠬᠤᠢᠯᠠᠯ ᠤ᠋ᠨ ᠪᠢᠲᠡᠭᠦᠮᠵᠢᠯᠡᠭᠰᠡᠨ ᠬᠠᠮᠢᠶᠠᠷᠤᠯᠲᠠ ᠡᠵᠡᠮᠳᠡᠯ ᠢ᠋ ᠴᠢᠩᠭᠠᠳᠭᠠᠵᠤ ᠂ ᠬᠡᠲᠦ ᠳᠡᠯᠭᠡᠭᠦᠷ ᠤ᠋ᠨ ᠠᠵᠢᠯᠴᠢᠨ ᠳ᠋ᠤ ᠪᠢᠲᠡᠭᠦᠮᠵᠢᠯᠡᠭᠰᠡᠨ ᠬᠠᠮᠢᠶᠠᠷᠤᠯᠲᠠ ᠵᠢ ᠬᠡᠷᠡᠭ᠌ᠵᠢᠭᠦᠯᠬᠦ᠌ ᠵᠢᠨ ᠬᠠᠮᠲᠤ ᠂ ᠡᠷᠡᠭᠦᠯ ᠮᠡᠨᠳᠦ᠍ ᠵᠢᠨ ᠬᠢᠨᠠᠨ ᠬᠡᠮᠵᠢᠯᠲᠡ ᠪᠠ ᠡᠳᠦᠷ ᠪᠦᠷᠢ 《1 ᠤᠳᠠᠭ᠎ᠠ ᠪᠥᠭᠡᠮ ᠬᠦᠴᠢᠯ ᠤ᠋ᠨ ᠪᠠᠢᠴᠠᠭᠠᠯᠳᠠ + 2 ᠤᠳᠠᠭ᠎ᠠ ᠥᠳᠥᠭᠡᠭ᠌ᠴᠢ ᠵᠢᠨ ᠪᠠᠢᠴᠠᠭᠠᠯᠳᠠ》 ᠵᠢᠨ ᠪᠠᠢᠴᠠᠭᠠᠨ ᠬᠡᠮᠵᠢᠬᠦ᠌ ᠱᠠᠭᠠᠷᠳᠠᠯᠭ᠎ᠠ ᠵᠢ ᠴᠢᠩᠭ᠎ᠠ ᠨᠠᠢᠳᠠᠪᠤᠷᠢᠵᠢᠭᠤᠯᠵᠤ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃