ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-10-27 12:25:18

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 25 ᠎ᠤ ᠡᠳᠦᠷ᠎ᠡᠴᠡ ᠡᠬᠢᠯᠡᠨ᠂ ᠬᠥᠬᠡᠬᠣᠲᠠ᠎ᠶᠢᠨ《ᠤᠯᠠᠭᠠᠨ ᠺᠣᠳ᠋᠂ ᠱᠢᠷ᠎ᠠ ᠺᠣᠳ᠋᠂ ᠨᠣᠭᠣᠭᠠᠨ ᠺᠣᠳ᠋》 ᠳᠠᠢ ᠡᠪᠡᠳᠴᠢᠲᠡᠳ᠎ᠢ ᠳᠦᠷᠦᠯ ᠬᠤᠪᠢᠶᠠᠨ ᠡᠮᠨᠡᠭᠦᠯᠬᠦ᠌᠎ᠳᠦ ᠳᠤᠤᠷᠠᠬᠢ ᠮᠡᠲᠦ ᠲᠣᠬᠢᠷᠠᠭᠤᠯᠤᠯᠲᠠ ᠬᠢᠵᠠᠢ᠃

ᠰᠤᠷᠪᠤᠯᠵᠢᠯᠠᠭ᠍ᠴᠢ 10 ᠰᠠᠷ᠎ᠠ᠎ᠶᠢᠨ 25 ᠎ᠤ ᠡᠳᠦᠷ ᠬᠤᠷᠠᠯᠳᠤᠭ᠍ᠰᠠᠨ ᠬᠥᠬᠡᠬᠣᠲᠠ᠎ᠶᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ ᠬᠢᠵᠢᠭ᠎ᠦᠨ ᠬᠤᠭᠤᠴᠠᠭᠠᠨ᠎ᠳᠠᠬᠢ ᠬᠥᠬᠡᠬᠣᠲᠠ᠎ᠶᠢᠨ ᠠᠷᠠᠳ ᠣᠯᠠᠨ᠎ᠤ ᠬᠡᠪ᠎ᠦᠨ ᠡᠮᠴᠢᠯᠡᠭᠡᠨ᠎ᠦ ᠦᠶ᠋ᠯᠡᠴᠢᠯᠡᠭᠡ᠎ᠶᠢᠨ ᠬᠡᠷᠡᠭ᠌ᠴᠡᠭᠡ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ᠂ ᠡᠷᠡᠭᠦᠯ ᠮᠡᠨᠳᠦ᠍᠎ᠶᠢᠨ ᠺᠣᠳ᠋ ᠣᠯᠭᠣᠬᠤ ᠺᠣᠳ᠋ ᠱᠢᠯᠵᠢᠭᠦᠯᠬᠦ᠌ ᠲᠦᠷᠢᠮ᠎ᠳᠦ ᠲᠣᠬᠢᠷᠠᠭᠤᠯᠤᠯᠲᠠ ᠬᠢᠭ᠌ᠰᠡᠨ᠎ᠦ ᠳᠠᠷᠠᠭ᠎ᠠ᠂ 10 ᠰᠠᠷ᠎ᠠ᠎ᠶᠢᠨ 25 ᠎ᠤ ᠡᠳᠦᠷ᠎ᠡᠴᠡ ᠡᠬᠢᠯᠡᠨ᠂ ᠡᠷᠡᠭᠦᠯ ᠮᠡᠨᠳᠦ᠍᠎ᠶᠢᠨ ᠺᠣᠳ᠋᠎ᠨᠢ 《ᠤᠯᠠᠭᠠᠨ ᠺᠣᠳ᠋᠂ ᠱᠢᠷ᠎ᠠ ᠺᠣᠳ᠋᠂ ᠨᠣᠭᠣᠭᠠᠨ ᠺᠣᠳ᠋》 ᠲᠠᠢ ᠡᠪᠡᠳᠴᠢᠲᠡᠳ᠎ᠢ ᠲᠥᠷᠥᠯ ᠬᠤᠪᠢᠶᠠᠨ ᠡᠮᠨᠡᠭᠦᠯᠬᠦ᠌᠎ᠳᠦ ᠵᠣᠬᠢᠬᠤ ᠲᠣᠬᠢᠷᠠᠭᠤᠯᠤᠯᠲᠠ ᠬᠢᠪᠠ᠄

ᠨᠢᠭᠡ᠎ᠳᠦ᠂ ᠡᠷᠡᠭᠦᠯ ᠮᠡᠨᠳᠦ᠍᠎ᠶᠢᠨ ᠺᠣᠳ᠋᠎ᠨᠢ 《ᠤᠯᠠᠭᠠᠨ ᠺᠣᠳ᠋》 ᠪᠣᠯᠤᠬᠰᠠᠨ ᠡᠪᠡᠳᠴᠢᠲᠡᠨ᠎ᠢ ᠲᠣᠭ᠍ᠲᠠᠭ᠍ᠰᠠᠨ ᠡᠮᠨᠡᠯᠭᠡ᠎ᠶᠢᠨ ᠬᠣᠷᠢᠶ᠎ᠠ᠎ᠪᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠡᠮᠨᠡᠯᠭᠡ᠎ᠶᠢᠨ ᠬᠣᠷᠢᠶ᠎ᠠ᠂ ᠬᠥᠬᠡᠬᠣᠲᠠ᠎ᠶᠢᠨ ᠨᠢᠭᠡᠳᠦᠭᠡᠷ ᠡᠮᠨᠡᠯᠭᠡ᠎ᠶᠢᠨ ᠬᠣᠷᠢᠶ᠎ᠠ ᠪᠤᠶᠤ ᠴᠢᠩᠭᠡᠯᠢᠭ ᠡᠮᠨᠡᠯᠭᠡ᠎ᠶᠢᠨ ᠬᠣᠷᠢᠶ᠎ᠠ᠎ᠳᠤ ᠡᠮᠨᠡᠨ ᠵᠠᠰᠠᠭᠤᠯᠤᠨ᠎ᠠ᠃

ᠬᠣᠶᠠᠷ᠎ᠲᠤ᠂ ᠡᠷᠡᠭᠦᠯ ᠮᠡᠨᠳᠦ᠍᠎ᠶᠢᠨ ᠺᠣᠳ᠋᠎ᠨᠢ《ᠱᠢᠷ᠎ᠠ ᠺᠣᠳ᠋》ᠪᠤᠯᠤᠭᠰᠠᠨ ᠡᠪᠡᠳᠴᠢᠲᠡᠨ᠂ ᠭᠤᠤᠯᠳᠠᠭᠤ 《ᠱᠢᠷ᠎ᠠ ᠺᠣᠳ᠋ 》᠎ᠤᠨ ᠡᠮᠨᠡᠯᠭᠡ᠎ᠶᠢᠨ ᠬᠣᠷᠢᠶ᠎ᠡ ᠪᠤᠯᠬᠤ ᠬᠥᠬᠡᠬᠣᠲᠠ᠎ᠶᠢᠨ ᠡᠬᠡ ᠨᠢᠯᠬᠠᠰ᠎ᠤᠨ ᠡᠷᠡᠭᠦᠯᠵᠢᠯ᠎ᠤᠨ ᠡᠮᠨᠡᠯᠭᠡ᠎ᠶᠢᠨ ᠬᠣᠷᠢᠶ᠎ᠠ ᠪᠠ ᠤᠳᠠᠯ ᠥᠬᠡᠶ ᠡᠬᠢᠯᠡᠵᠦ᠍ ᠠᠰᠢᠬᠯᠠᠯᠳᠠ᠎ᠳᠦ ᠤᠷᠤᠭᠤᠯᠬᠤ ᠭᠡᠵᠦ᠍ ᠪᠠᠢᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠪᠤᠳᠠᠷ᠎ᠤᠨ ᠡᠮᠨᠡᠯᠭᠡ᠎ᠶᠢᠨ ᠬᠣᠷᠢᠶ᠎ᠠ᠎ᠳᠤ ᠡᠮᠨᠡᠭᠦᠯᠵᠦ᠍᠂ ᠪᠠᠢᠳᠠᠯ᠎ᠢ᠎ᠨᠢ ᠦᠵᠡᠵᠦ᠍ ᠪᠠᠢᠭᠠᠳ ᠬᠠᠷᠠᠭᠠᠯᠵᠠᠭ᠍ᠰᠠᠨ ᠡᠮᠴᠢᠯᠡᠭᠡᠨ᠎ᠦ ᠪᠠᠢᠭᠤᠯᠤᠮᠵᠢ᠎ᠳᠤ ᠲᠣᠬᠢᠷᠠᠭᠤᠯᠤᠨ ᠡᠮᠨᠡᠭᠦᠯᠦᠨ᠎ᠡ᠄ ᠬᠠᠯᠠᠭᠤᠷᠠᠬᠤ ᠵᠢᠴᠢ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠠᠮᠢᠶ᠎ᠠ ᠪᠥᠬᠥᠶ ᠡᠪᠡᠳᠴᠢᠨ᠎ᠦ ᠢᠯᠡᠷᠡᠯ᠎ᠲᠡᠶ ᠡᠪᠡᠳᠴᠢᠲᠡᠨ᠎ᠢ ᠲᠦᠷᠭᠡᠨ ᠠᠪᠤᠷᠠᠯᠳᠠ᠎ᠶᠢᠨ ᠲᠡᠷᠭᠡ᠎ᠪᠡᠷ ᠬᠦᠬᠡᠬᠤᠳᠠ᠎ᠶᠢᠨ ᠬᠠᠷᠢᠶ᠎ᠠ ᠲᠣᠭᠣᠷᠢᠭ᠎ᠤᠨ ᠬᠠᠯᠠᠭᠤᠷᠠᠯ᠎ᠤᠨ ᠡᠭᠦᠳᠡᠨ ᠡᠮᠨᠡᠯᠭᠡ᠎ᠶᠢᠨ ᠡᠮᠴᠢᠯᠡᠭᠡᠨ᠎ᠦ ᠪᠠᠢᠭᠤᠯᠤᠮᠵᠢ᠎ᠳᠤ ᠬᠦᠷᠭᠡᠵᠦ᠍ ᠱᠢᠭ᠌ᠰᠢᠨ ᠪᠠᠢᠴᠠᠭᠠᠵᠤ᠂ ᠡᠮᠨᠡᠨ ᠵᠠᠰᠠᠨ᠎ᠠ︔ ᠬᠦᠨᠳᠦ ᠲᠦᠭ᠌ᠰᠢᠭᠦᠷᠢᠲᠡᠶ ᠡᠪᠡᠳᠴᠢᠲᠡᠨ᠎ᠢ ᠪᠠᠴᠢᠮ ᠠᠪᠤᠷᠠᠬᠤ᠂ ᠣᠢᠷ᠎ᠠ ᠬᠠᠪᠢ᠎ᠳᠤᠨᠢ ᠠᠪᠤᠷᠠᠬᠤ ᠵᠠᠷᠴᠢᠮ ᠶᠣᠰᠣᠭᠠᠷ 120 ᠲᠦᠷᠭᠡᠨ ᠠᠪᠤᠷᠠᠬᠤ ᠲᠡᠷᠭᠡ᠎ᠪᠡᠷ ᠣᠨᠣᠱᠢᠯᠠᠨ ᠡᠮᠨᠡᠬᠦ᠌ ᠨᠥᠬᠥᠴᠡᠯ ᠎ᠢ ᠪᠦᠷᠢᠯᠳᠦᠭᠦᠯᠦᠭ᠌ᠰᠡᠨ ᠡᠮᠴᠢᠯᠡᠭᠡᠨ ᠎ᠦ ᠪᠠᠢᠭᠤᠯᠤᠮᠵᠢ᠎ᠳᠤ ᠬᠦᠷᠭᠡᠵᠦ᠍ ᠡᠮᠨᠡᠨ ᠵᠠᠰᠠᠭᠤᠯᠤᠨ᠎ᠠ︔ ᠴᠢᠰᠤ᠎ᠶᠢ ᠨᠡᠪᠴᠢᠭᠦᠯᠦᠨ ᠢᠯᠭᠠᠷᠠᠭᠤᠯᠬᠤ ᠡᠪᠡᠳᠴᠢᠲᠡᠨ ᠪᠣᠯ ᠤᠤᠯ᠎ᠤᠨ ᠣᠨᠣᠱᠢᠯᠠᠨ ᠡᠮᠨᠡᠭ᠌ᠰᠡᠨ ᠪᠠᠢᠭᠤᠯᠤᠮᠵᠢ᠎ᠠᠴᠠ ᠣᠷᠭᠢᠯ ᠬᠤᠭᠤᠴᠠᠭ᠎ᠠ᠎ᠶᠢ ᠵᠥᠷᠢᠭᠦᠯᠦᠨ ᠨᠡᠪᠴᠢᠭᠦᠯᠦᠨ ᠢᠯᠭᠠᠷᠠᠭᠤᠯᠬᠤ ᠵᠡᠷᠭᠡ ᠠᠷᠭ᠎ᠠ ᠮᠠᠢᠭ᠎ᠢ ᠠᠪᠴᠤ᠌ ᠲᠠᠰᠤᠯᠳᠠᠭᠤᠯᠤᠯ ᠥᠬᠡᠶ ᠦᠶ᠋ᠯᠡᠴᠢᠯᠡᠭᠡ ᠬᠠᠩᠭᠠᠨ᠎ᠠ︔ ᠬᠠᠪᠤᠳᠠᠷ᠎ᠤᠨ ᠬᠢᠮᠢ᠎ᠶᠢᠨ ᠵᠠᠰᠠᠯ᠎ᠤᠨ ᠡᠪᠡᠳᠴᠢᠲᠡᠨ᠎ᠢ ᠵᠠᠷᠴᠢᠮ ᠳᠡᠭᠡᠷ᠎ᠡ᠎ᠪᠡᠨ ᠤᠤᠯ᠎ᠤᠨ ᠣᠨᠣᠱᠢᠯᠠᠨ ᠡᠮᠨᠡᠬᠦ᠌ ᠪᠠᠢᠭᠤᠯᠤᠮᠵᠢ᠎ᠠᠴᠠ ᠲᠠᠰᠤᠯᠳᠠᠭᠤᠯᠤᠯ ᠥᠬᠡᠶ ᠦᠶ᠋ᠯᠡᠴᠢᠯᠡᠭᠡ ᠬᠠᠩᠭᠠᠵᠤ᠂ ᠤᠤᠯ᠎ᠤᠨ ᠣᠨᠣᠱᠢᠯᠠᠨ ᠡᠮᠨᠡᠬᠦ᠌ ᠪᠠᠢᠭᠤᠯᠤᠮᠵᠢ᠎ᠠᠴᠠ ᠦᠶ᠋ᠯᠡᠴᠢᠯᠡᠭᠡ ᠬᠠᠩᠭᠠᠵᠤ ᠳᠡᠢᠯᠬᠦ᠌ ᠥᠬᠡᠶ ᠪᠠᠢᠪᠠᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠪᠤᠳᠠᠷ᠎ᠤᠨ ᠡᠮᠨᠡᠯᠭᠡ᠎ᠶᠢᠨ ᠬᠣᠷᠢᠶ᠎ᠠ᠎ᠳᠤ ᠡᠮᠨᠡᠨ ᠵᠠᠰᠠᠨ᠎ᠠ︔ ᠵᠢᠷᠮᠦᠰᠦᠨ ᠪᠠ ᠬᠥᠩᠭᠡᠵᠢᠭ᠌ᠰᠡᠨ ᠡᠮᠡᠭ᠌ᠲᠡᠢᠴᠦᠳ᠂ ᠬᠡᠦᠬᠡᠳ᠎ᠢ ᠡᠮᠨᠡᠨ ᠵᠠᠰᠠᠬᠤ ᠠᠵᠢᠯ᠎ᠢ ᠬᠥᠬᠡᠬᠣᠲᠠ᠎ᠶᠢᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶᠢᠨ ᠬᠣᠷᠢᠶ᠎ᠠ᠎ᠠᠴᠠ ᠡᠭᠦᠷᠭᠡᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶᠢᠨ ᠬᠣᠷᠢᠶ᠎ᠠ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶᠢᠨ ᠬᠣᠷᠢᠶ᠎ᠠ ᠨᠢ ᠱᠢᠯᠵᠢᠭᠦᠯᠦᠨ ᠡᠮᠨᠡᠭᠦᠯᠬᠦ᠌ ᠬᠦᠨᠳᠦ ᠲᠦᠭ᠌ᠰᠢᠭᠦᠷᠢᠲᠡᠶ ᠡᠪᠡᠳᠴᠢᠲᠡᠨ᠎ᠢ ᠬᠦᠯᠢᠶᠡᠨ ᠠᠪᠴᠤ᠌ ᠡᠮᠨᠡᠨ ᠵᠠᠰᠠᠬᠤ ᠠᠵᠢᠯ᠎ᠢ ᠰᠠᠢᠲᠤᠷ ᠬᠢᠨ᠎ᠡ︔ ᠵᠢᠷᠮᠦᠰᠦᠯᠡᠭᠰᠡᠨ ᠪᠤᠰᠤ ᠪᠤᠶᠤ ᠬᠥᠩᠭᠡᠵᠢᠬᠰᠡᠨ ᠦᠬᠡᠢ ᠡᠪᠡᠳᠴᠢᠳᠡᠨ ᠪᠠ ᠨᠢᠯᠬ᠎ᠠ ᠡᠪᠡᠳᠴᠢᠲᠡᠨ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠬᠠᠪᠤᠳᠠᠷ ᠎ᠤᠨ ᠡᠮᠨᠡᠯᠭᠡ ᠎ᠶᠢᠨ ᠬᠣᠷᠢᠶ᠎ᠠ ᠎ᠳᠤ ᠡᠮᠨᠡᠨ ᠵᠠᠰᠠᠭᠤᠯᠤᠨ᠎ᠠ︔ 《ᠰᠢᠷ᠎ᠠ ᠺᠣᠳ᠋᠎ᠤᠨ ᠡᠮᠨᠡᠯᠭᠡ᠎ᠶᠢᠨ ᠬᠣᠷᠢᠶ᠎ᠠ》ᠨᠢ ᠬᠡᠷᠪᠡ ᠮᠡᠷᠭᠡᠵᠢᠯ ᠬᠦᠷᠦᠯᠴᠡᠬᠦ᠌ ᠥᠬᠡᠶ᠂ ᠡᠪᠡᠳᠴᠢᠲᠡᠨ᠎ᠦ ᠣᠷᠣ ᠬᠦᠷᠦᠯᠴᠡᠬᠦ᠌ ᠥᠬᠡᠶ᠎ᠡᠴᠡ ᠪᠣᠯᠵᠣ ᠡᠪᠡᠳᠴᠢᠲᠡᠨ᠎ᠢ ᠠᠪᠤᠷᠠᠨ ᠡᠮᠨᠡᠬᠦ᠌ ᠬᠡᠷᠡᠭ᠌ᠴᠡᠭᠡ ᠱᠠᠭᠠᠷᠳᠠᠯᠭ᠎ᠠ᠎ᠶᠢ ᠬᠠᠩᠭᠠᠵᠤ ᠳᠡᠢᠯᠬᠦ᠌ ᠥᠬᠡᠶ ᠦᠶ᠎ᠡ᠎ᠳᠦ᠂ ᠠᠪᠤᠷᠠᠨ ᠡᠮᠨᠡᠬᠦ᠌ ᠴᠢᠳᠠᠪᠤᠷᠢ᠎ᠲᠠᠶ ᠡᠮᠴᠢᠯᠡᠭᠡᠨ᠎ᠦ ᠪᠠᠢᠭᠤᠯᠤᠮᠵᠢ ᠨᠢ ᠴᠥᠮ ᠨᠥᠬᠥᠴᠡᠯ ᠥᠬᠡᠶ᠎ᠪᠡᠷ ᠡᠪᠡᠳᠴᠢᠲᠡᠨ᠎ᠢ ᠭᠥᠯᠢᠶᠡᠨ ᠠᠪᠬᠤ ᠬᠡᠷᠡᠭ᠌ᠲᠡᠶ᠃ ᠡᠨᠳᠡ ᠥᠷᠭᠡᠨ ᠣᠯᠠᠨ ᠬᠣᠲᠠ᠎ᠶᠢᠨ ᠠᠷᠠᠳ᠎ᠲᠤ ᠰᠠᠨᠠᠭᠤᠯᠬᠤ ᠨᠢ᠂ ᠥᠪᠡᠷᠲᠡᠭᠡᠨ ᠵᠠᠰᠠᠬᠤ ᠣᠷᠣᠨ᠎ᠤ ᠬᠠᠪᠤᠳᠠᠷ᠎ᠤᠨ ᠡᠮᠨᠡᠯᠭᠡ᠎ᠶᠢᠨ ᠬᠣᠷᠢᠶ᠎ᠠ ᠨᠢ ᠬᠠᠪᠤᠳᠠᠷ᠎ᠢ ᠡᠮᠨᠡᠨ ᠵᠠᠰᠠᠬᠤ᠎ᠪᠠᠷ ᠪᠠᠷᠠᠬᠤ ᠥᠬᠡᠶ ᠪᠠᠰᠠ ᠪᠤᠰᠤᠳ ᠡᠯ᠎ᠡ ᠲᠥᠷᠥᠯ᠎ᠦᠨ《ᠱᠢᠷ᠎ᠠ ᠺᠣᠳ᠋᠎ᠲᠠᠶ》ᠡᠪᠡᠳᠴᠢᠲᠡᠨ᠎ᠢ ᠡᠮᠨᠡᠨ ᠵᠠᠰᠠᠵᠤ ᠴᠢᠳᠠᠨ᠎ᠠ᠃

ᠭᠤᠷᠪᠠ᠎ᠳᠤ᠂ ᠡᠷᠡᠭᠦᠯ ᠮᠡᠨᠳᠦ᠍᠎ᠶᠢᠨ ᠺᠣᠳ᠋᠎ᠨᠢ 《ᠨᠣᠭᠣᠭᠠᠨ ᠺᠣᠳ᠋》 ᠳᠠᠢ ᠡᠪᠡᠳᠴᠢᠲᠡᠨ᠂ 《ᠱᠢᠷ᠎ᠠ ᠺᠣᠳ᠋》᠎ᠤᠨ ᠪᠤᠰᠤ ᠡᠮᠨᠡᠯᠭᠡ᠎ᠶᠢᠨ ᠬᠣᠷᠢᠶ᠎ᠠ᠎ᠳᠤ ᠬᠡᠪ᠎ᠦᠨ ᠶᠣᠰᠣᠭᠠᠷ ᠡᠮᠴᠢᠯᠡᠭᠦᠯᠵᠦ᠍᠂《ᠨᠣᠭᠣᠭᠠᠨ ᠺᠣᠳ᠋》᠎ᠤᠨ ᠥᠳᠥᠭᠡᠭ᠌ᠴᠢ᠎ᠨᠢ ᠠᠷᠭ᠎ᠠ ᠴᠢᠨᠠᠷ ᠢᠯᠡᠷᠡᠭᠰᠡᠨ ᠡᠪᠡᠳᠴᠢᠳᠠᠳ ᠡᠮᠨᠡᠭᠦᠯᠭᠦ ᠪᠠᠴᠢᠮ ᠱᠠᠭᠠᠷᠳᠠᠯᠭ᠎ᠠ᠎ᠲᠡᠶ ᠦᠶᠡᠰ《ᠱᠢᠷ᠎ᠠ ᠺᠣᠳ᠋》ᠳᠠᠢ ᠡᠪᠡᠳᠴᠢᠲᠡᠨ᠎ᠢᠶᠡᠷ ᠦᠵᠡᠨ᠎ᠡ᠃

ᠢᠷᠡᠯᠳᠠ᠄ ᠬᠦᠬᠡᠬᠤᠳᠠ ᠵᠢᠨ ᠳᠤᠰ ᠭᠠᠵᠠᠷ ᠤ᠋ᠨ ᠰᠤᠨᠢᠨ ᠮᠡᠳᠡᠭᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面