2022-10-25 11:44:45
ᠬᠥᠬᠡᠬᠣᠲᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠵᠢᠯᠤᠭᠣᠳᠬᠤ ᠭᠠᠵᠠᠷ᠎ᠠᠴᠠ ᠣᠢᠯᠠᠭᠠᠭᠰᠠᠨ᠎ᠢᠶᠠᠷ᠂ ᠣᠳᠣᠬᠠᠨ᠎ᠳᠤ ᠮᠠᠨ᠎ᠤ ᠬᠣᠲᠠ᠎ᠶᠢᠨ ᠨᠡᠢᠭᠡᠮ᠎ᠤᠨ ᠳᠠᠯ᠎ᠠ ᠵᠢᠨ ᠨᠡᠮᠡᠭᠳᠡᠵᠤ ᠪᠠᠢᠭ᠎ᠠ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ᠎ᠤᠨ ᠬᠠᠯᠳᠠᠪᠤᠷᠢᠯᠠᠭᠳᠠᠭᠴᠢ ᠦᠷᠭᠦᠯᠵᠢᠯᠡᠨ ᠳᠣᠣᠷ᠎ᠠ ᠪᠠᠢᠷᠢᠨ᠎ᠳᠤ ᠪᠠᠢᠨ᠎ᠠ᠂ ᠭᠡᠪᠡᠴᠦ ᠣᠨᠴᠠ ᠵᠠᠷᠢᠮ ᠬᠢᠵᠢᠭ᠌ ᠦᠭᠡᠢ ᠰᠠᠭᠤᠭᠠᠯᠢ ᠠᠷᠠᠳ᠎ᠤᠨ ᠲᠣᠭᠣᠷᠢᠭ᠋ ᠮᠥᠨ ᠵᠠᠯᠭᠠᠭ᠎ᠠ᠎ᠪᠠᠷ 《ᠰᠡᠷᠭᠡᠢᠯᠡᠯᠲᠡ᠎ᠶᠢ ᠡᠪᠳᠡᠵᠦ》᠂ ᠨᠡᠢᠭᠡᠮ᠎ᠤᠨ ᠲᠠᠯ᠎ᠠ ᠳ᠋ᠦ ᠮᠥᠨ ᠴᠸ᠋ ᠨᠢᠭᠤᠴᠠ ᠴᠢᠨᠠᠷᠲᠠᠢ᠎ᠪᠠᠷ ᠬᠠᠯᠳᠠᠪᠤᠷᠢᠯᠠᠵᠤ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ ᠲᠤᠢᠯ᠎ᠤᠨ ᠵᠠᠩᠭᠢᠯᠠᠭ᠎ᠠ᠎ᠶᠢᠨ ᠴᠠᠭ ᠮᠥᠴᠡ᠎ᠳᠦ ᠣᠷᠣᠰᠢᠵᠤ ᠪᠠᠢᠬᠤ᠎ᠶᠢ ᠢᠯᠡᠷᠡᠭᠦᠯᠵᠡᠢ᠃
ᠬᠢᠵᠢᠭ᠌᠎ᠦᠨ ᠪᠠᠢᠳᠠᠯ᠎ᠤᠨ ᠦᠷᠪᠢᠰᠦᠨ ᠳᠡᠯᠭᠡᠷᠡᠬᠦ ᠬᠡᠯᠬᠢᠶ᠎ᠡ᠎ᠶᠢ ᠪᠦᠲᠦᠮᠵᠢᠲᠡᠶ ᠲᠠᠰᠤᠯᠵᠤ᠂ ᠨᠡᠢᠭᠡᠮ᠎ᠦᠨ ᠲᠠᠯ᠎ᠠ᠎ᠵᠢᠨ ᠨᠡᠮᠡᠭᠳᠡᠬᠦ ᠦᠭᠡᠢ ᠬᠠᠷᠠᠯᠲᠠ᠎ᠶᠢ ᠠᠯᠢ ᠲᠦᠷᠭᠡᠨ᠎ᠢᠶᠡᠷ ᠪᠡᠶᠡᠯᠡᠭᠦᠯᠬᠦ᠎ᠶᠢᠨ ᠲᠥᠯᠥᠭᠡ᠂ ᠬᠥᠬᠡᠬᠣᠲᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠵᠢᠯᠤᠭᠣᠳᠬᠤ ᠭᠠᠵᠠᠷ᠎ᠠᠴᠠ ᠭᠣᠣᠯᠳᠠᠯᠭ᠎ᠠ᠎ᠲᠠᠢ ᠣᠷᠣᠨ ᠪᠦᠰᠡ᠎ᠳᠦ ᠭᠤᠷᠪᠠᠨ ᠡᠭᠡᠯᠵᠢ᠎ᠶᠢᠨ ᠴᠢᠨᠠᠷ ᠰᠠᠢᠲᠠᠢ ᠪᠥᠭᠡᠮ ᠬᠦᠴᠢᠯ᠎ᠦᠨ ᠪᠠᠢᠴᠠᠭᠠᠯᠲᠠ᠎ᠶᠢ ᠡᠬᠢᠯᠡᠭᠦᠯᠵᠦ᠂ ᠨᠡᠢᠭᠡᠮ᠎ᠦᠨ ᠲᠠᠯ᠎ᠠ᠎ᠶᠢᠨ ᠬᠠᠯᠳᠠᠪᠤᠷᠢᠯᠠᠭᠳᠠᠭᠴᠢ᠎ᠵᠢ ᠠᠯᠢ ᠲᠦᠷᠭᠡᠨ᠎ᠢᠶᠡᠷ ᠢᠯᠡᠷᠡᠭᠦᠯᠬᠦ᠎ᠶᠢᠨ ᠬᠠᠮᠲᠤ ᠴᠠᠭ ᠲᠤᠬᠠᠢ ᠳ᠋ᠤᠨᠢ ᠲᠤᠰᠠᠭᠠᠷᠯᠠᠨ ᠰᠢᠯᠵᠢᠭᠦᠯᠦᠨ ᠲᠡᠭᠡᠭᠡᠪᠦᠷᠢᠯᠡᠵᠦ᠂ ᠪᠠᠢᠴᠠᠭᠠᠬᠤ ᠶᠣᠰᠣᠲᠠᠢ᠎ᠶᠢ ᠨᠢ ᠪᠦᠬᠦᠨ᠎ᠢ ᠪᠠᠢᠴᠠᠭᠠᠬᠤ᠂ ᠲᠤᠰᠠᠭᠠᠷᠯᠠᠬᠤ ᠶᠣᠰᠣᠲᠠᠢ᠎ᠶᠢ ᠨᠢ ᠪᠦᠬᠦᠨ᠎ᠢ ᠲᠤᠰᠠᠭᠠᠷᠯᠠᠬᠤ᠂ ᠬᠤᠷᠢᠶᠠᠬᠤ ᠶᠣᠰᠣᠲᠠᠢ᠎ᠶᠢ ᠨᠢ ᠪᠦᠬᠦᠨ᠎ᠢ ᠬᠤᠷᠢᠶᠠᠬᠤ᠂ ᠵᠠᠰᠠᠬᠤ ᠶᠣᠰᠣᠲᠠᠢ᠎ᠶᠢ ᠨᠢ ᠪᠦᠬᠦᠨ᠎ᠢ ᠵᠠᠰᠠᠬᠤ᠎ᠶᠢ ᠪᠡᠶᠡᠯᠡᠭᠦᠯᠬᠦ᠎ᠪᠡᠷ ᠲᠣᠭᠲᠠᠪᠠ᠃ ᠪᠣᠳᠠᠲᠠᠢ ᠪᠠᠢᠷᠢᠯᠠᠭᠤᠯᠤᠯᠲᠠ ᠨᠢ ᠳᠣᠣᠷᠠᠬᠢ ᠮᠡᠲᠦ ᠄
10 ᠰᠠᠷ᠎ᠠ᠎ᠶᠢᠨ 25 ᠤ ᠡᠳᠦᠷ᠎ᠡᠴᠡ 10 ᠰᠠᠷ᠎ᠠ᠎ᠶᠢᠨ 30 ᠤ ᠡᠳᠦᠷ ᠪᠣᠯᠲᠠᠯ᠎ᠠ ᠂ 48 ᠴᠠᠭ ᠪᠦᠷᠢᠳᠦ ᠨᠢᠭᠡ ᠡᠭᠡᠯᠵᠢ᠎ᠶᠢᠨ ᠪᠥᠭᠡᠮ ᠬᠦᠴᠢᠯ᠎ᠦᠨ ᠪᠠᠢᠴᠠᠭᠠᠯᠲᠠ᠎ᠶᠢ ᠪᠡᠶᠡᠯᠡᠭᠦᠯᠵᠦ᠂ 6 ᠡᠳᠦᠷ᠎ᠲᠦ ᠨᠡᠶ᠋ᠢᠲᠡ 3 ᠡᠭᠡᠯᠵᠢ ᠥᠷᠨᠢᠭᠦᠯᠵᠦ᠂ ᠡᠭᠡᠯᠵᠢ ᠪᠦᠷᠢ᠎ᠶᠢᠨ ᠦᠳᠡ᠎ᠶᠢᠨ ᠡᠮᠦᠨᠡᠬᠢ 6 ᠴᠠᠭ᠎ᠠᠴᠠ ᠡᠬᠢᠯᠡᠨ ᠥᠯᠢᠭᠡᠷ ᠠᠪᠴᠤ᠂ ᠣᠷᠣᠢ᠎ᠶᠢᠨ 8 ᠴᠠᠭ᠎ᠲᠤ ᠥᠯᠢᠭᠡᠷ ᠬᠦᠷᠭᠡᠵᠤ᠂ 48 ᠴᠠᠭ᠎ᠤᠨ ᠳᠣᠲᠣᠷ᠎ᠠ ᠪᠦᠬᠦᠨ᠎ᠢ ᠰᠢᠯᠭᠠᠨ ᠪᠠᠢᠴᠠᠭᠠᠵᠤ ᠦᠷ᠎ᠡ ᠳ᠋ᠦᠩ ᠭᠠᠷᠭᠠᠨ᠎ᠠ᠃ ᠰᠢᠯᠭᠠᠨ ᠪᠠᠢᠴᠠᠭᠠᠬᠤ ᠬᠡᠪᠴᠢᠶ᠎ᠡ ᠨᠢ ᠬᠣᠲᠠ᠎ᠶᠢᠨ ᠳᠥᠷᠪᠡᠨ ᠲᠣᠭᠣᠷᠢᠭ᠋ ᠪᠠ ᠲᠦᠮᠡᠳ ᠵᠡᠭᠦᠨ ᠬᠣᠰᠢᠭᠤᠨᠤᠵᠢᠨᠴᠤᠸᠠᠨ ᠤᠷᠤᠨ ᠪᠠᠢᠵᠤ᠂ ᠪᠣᠳᠠᠲᠠᠢ᠎ᠪᠠᠷ ᠳᠡᠭᠡᠷ᠎ᠡ ᠳᠤᠷᠠᠳᠤᠭᠰᠠᠨ ᠣᠷᠣᠨ ᠪᠦᠰᠡ᠎ᠶᠢᠨ ᠳᠤᠮᠳᠠ ᠳᠣᠣᠷ᠎ᠠ ᠲᠦᠭᠰᠢᠭᠦᠷᠢ᠎ᠲᠠᠢ ᠭᠠᠵᠠᠷ ᠣᠷᠣᠨ᠂ ᠦᠨᠳᠦᠷ ᠲᠦᠭᠰᠢᠭᠦᠷᠢᠳᠠᠢ ᠭᠠᠵᠠᠷ ᠣᠷᠣᠨ᠎ᠳᠤ ᠵᠠᠯᠭᠠᠭ᠎ᠠ᠎ᠪᠠᠷ 7 ᠡᠳᠦᠷ᠎ᠡᠴᠡ ᠳᠡᠭᠡᠭᠰᠢ ᠬᠠᠯᠳᠠᠪᠤᠷᠢᠯᠠᠭᠳᠠᠭᠴᠢ ᠰᠢᠨ᠎ᠡ᠎ᠪᠡᠷ ᠨᠡᠮᠡᠭᠳᠡᠭᠰᠡᠨ ᠦᠭᠡᠢ ᠨᠢᠭᠡᠴᠢ᠂ ᠦᠨᠳᠦᠷ ᠲᠦᠭᠰᠢᠭᠦᠷᠢᠲᠡᠢ ᠭᠠᠵᠠᠷ ᠣᠷᠣᠨ᠎ᠤ ᠬᠣᠲᠠ᠎ᠶᠢᠨ ᠳᠤᠮᠳᠠᠬᠢ ᠲᠣᠰᠬᠣᠨ᠂ ᠬᠣᠲᠠ᠎ᠶᠢᠨ ᠬᠥᠪᠡᠭᠡᠨ᠎ᠦ ᠲᠣᠰᠬᠣᠨ᠂ ᠪᠠᠢᠰᠢᠩ ᠭᠡᠷ᠎ᠦᠨ ᠲᠣᠭᠣᠷᠢᠭ᠋᠎ᠲᠤ ᠵᠠᠯᠭᠠᠭ᠎ᠠ᠎ᠪᠠᠷ 7 ᠡᠳᠦᠷ᠎ᠡᠴᠡ ᠳᠡᠭᠡᠭᠰᠢ ᠬᠠᠯᠳᠠᠪᠤᠷᠢᠯᠠᠭᠳᠠᠭᠴᠢ᠂ ᠨᠢᠭ᠍ᠲᠠ ᠦᠢᠷᠠᠳᠤᠭᠴᠢ ᠰᠢᠨ᠎ᠡ᠎ᠪᠡᠷ ᠨᠡᠮᠡᠭᠳᠡᠭᠰᠡᠨ ᠦᠭᠡᠢ ᠬᠦᠷᠢᠶ᠎ᠡ ᠬᠠᠰᠢᠶ᠎ᠠ ᠪᠤᠯᠤᠨ᠎ᠠ᠃ ᠣᠷᠣᠨ ᠪᠦᠰᠡ᠎ᠶᠢᠨ ᠳᠣᠲᠣᠷᠠᠬᠢ ᠦᠢᠷ᠎ᠠ ᠵᠢᠨ 7 ᠡᠳᠦᠷ ᠲᠦ᠍ ᠬᠠᠯᠳᠠᠪᠤᠷᠢᠯᠠᠭᠳᠠᠭᠴᠢ ᠰᠢᠨ᠎ᠡ᠎ᠪᠡᠷ ᠨᠡᠮᠡᠭᠳᠡᠭᠰᠡᠨ ᠦᠨᠳᠦᠷ ᠲᠦᠭᠰᠢᠭᠦᠷᠢᠳᠠᠢ ᠭᠠᠵᠠᠷ ᠣᠷᠣᠨ᠎ᠤ ᠬᠥᠮᠥᠰ᠂ ᠲᠤᠰᠠᠭᠠᠷᠯᠠᠬᠤ ᠴᠡᠭ᠎ᠦᠨ ᠬᠥᠮᠥᠰ ᠵᠡᠷᠭᠡ ᠭᠣᠣᠯᠳᠠᠯᠭ᠎ᠠ᠎ᠲᠠᠢ ᠬᠥᠮᠥᠰ ᠲᠸ᠋ ᠦᠷᠭᠦᠯᠵᠢᠯᠡᠨ ᠲᠣᠭᠲᠠᠭᠰᠠᠨ ᠪᠥᠭᠡᠮ ᠬᠦᠴᠢᠯ᠎ᠦᠨ ᠪᠠᠢᠴᠠᠭᠠᠯᠲᠠ᠎ᠶᠢᠨ ᠲᠣᠬᠢᠷᠠᠭᠤᠯᠤᠯᠲᠠ ᠶᠣᠰᠣᠭᠠᠷ ᠬᠡᠷᠡᠭᠵᠢᠭᠦᠯᠦᠨ᠎ᠡ; ᠬᠠᠩᠭᠠᠯᠭ᠎ᠠ᠎ᠶᠢ ᠪᠠᠲᠤᠯᠠᠬᠤ ᠬᠥᠮᠥᠰ᠂ ᠳᠠᠭᠠᠭᠠᠴᠢᠯᠠᠨ ᠬᠠᠷᠢᠯᠴᠠᠬᠤ ᠺᠠᠳ᠋ᠷ᠂ ᠰᠠᠢᠨ ᠳᠤᠷᠠᠴᠤᠳ᠂ ᠨᠡᠢᠭᠡᠮ ᠲᠣᠭᠣᠷᠢᠭ᠋᠎ᠤᠨ ᠠᠵᠢᠯᠲᠠᠨ ᠵᠡᠷᠭᠡ᠎ᠳᠦ ᠡᠳᠦᠷ ᠪᠦᠷᠢ 1 ᠤᠳᠠᠭ᠎ᠠ ᠭᠠᠭᠴᠠ ᠬᠥᠮᠥᠨ᠎ᠦ ᠲᠤᠰᠠᠭᠠᠷ ᠪᠠᠢᠴᠠᠭᠠᠯᠲᠠ ᠵᠢᠨ ᠳᠡᠭᠡᠷ᠎ᠠ ᠨᠠᠭᠠᠲᠤ ᠵᠠᠬ᠎ᠠ᠎ᠳᠠᠭᠠᠨ 1 ᠤᠳᠠᠭ᠎ᠠ ᠥᠳᠥᠭᠡᠭᠴᠢ᠎ᠵᠢᠨ ᠪᠠᠢᠴᠠᠭᠠᠯᠳᠠ ᠬᠢᠨ᠎ᠠ᠃
ᠦᠯᠢᠭᠡᠷ ᠠᠪᠬᠤ ᠴᠡᠭ᠎ᠢ ᠵᠠᠷᠴᠢᠮ ᠳᠡᠭᠡᠷ᠎ᠠ ᠪᠡᠨ ᠴᠥᠮ ᠰᠠᠭᠤᠭᠠᠯᠢ ᠠᠷᠠᠳ᠎ᠤᠨ ᠲᠣᠭᠣᠷᠢᠭ ᠳᠣᠲᠣᠷᠠᠬᠢ ᠠᠰᠠᠷ᠎ᠤᠨ ᠤᠷᠤᠴᠠ ᠵᠢᠨ ᠡᠭᠦᠳᠡᠨ ᠳ᠋ᠦ ᠪᠠᠢᠷᠢᠯᠠᠭᠤᠯᠵᠤ᠂ ᠤᠯᠠᠨ ᠲᠦᠮᠡᠨ᠎ᠢ ᠵᠣᠬᠢᠶᠠᠨ ᠪᠠᠢᠭᠤᠯᠵᠤ ᠠᠰᠠᠷ ᠬᠤᠪᠢᠶᠠᠨ᠂ ᠤᠷᠤᠴᠠ ᠬᠤᠪᠢᠶᠠᠨ ᠡᠮᠬᠢ ᠵᠢᠷᠤᠮ ᠲᠠᠢ ᠴᠠᠭ ᠵᠥᠷᠢᠭᠦᠯᠦᠨ ᠦᠯᠢᠭᠡᠷ ᠠᠪᠴᠤ᠂ ᠬᠥᠮᠥᠨ ᠬᠠᠷ᠎ᠠ ᠵᠢᠨ ᠰᠢᠯᠵᠢᠯᠲᠡ ᠵᠢ ᠪᠠᠭᠠᠰᠬᠠᠵᠤ᠂ 《ᠬᠥᠮᠥᠨ ᠣᠪᠣᠭᠠᠷᠠᠬᠤ》 ᠂ 《ᠤᠷᠳᠤ ᠮᠦᠷᠯᠡᠬᠦ》 ᠡᠴᠠ ᠵᠠᠢᠯᠠᠰᠬᠢᠨ᠎ᠡ᠃
ᠰᠢᠨ᠎ᠡ᠎ᠪᠡᠷ ᠡᠭᠦᠰᠦᠭᠰᠡᠨ ᠨᠡᠢᠭᠡᠮ᠎ᠦᠨ ᠲᠠᠯ᠎ᠠ ᠵᠢᠨ ᠡᠪᠡᠳᠴᠢᠨ᠎ᠦ ᠵᠢᠱ᠌ᠢᠶ᠎ᠡ ᠪᠣᠯ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠠᠮᠤᠭ᠎ᠤᠨ ᠶᠡᠬᠡ ᠠᠶᠤᠯ ᠲᠦᠭᠰᠢᠭᠦᠷᠢ ᠪᠣᠯᠣᠨ᠎ᠠ᠂ 《ᠪᠦᠬᠦᠨ᠎ᠢ ᠪᠠᠢᠴᠠᠭᠠᠵᠤ》 ᠴᠡᠪᠡᠷᠯᠡᠬᠦ᠎ᠳᠦ ᠬᠥᠮᠥᠨ ᠪᠦᠬᠦᠨ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠢ᠃ ᠥᠷᠭᠡᠨ ᠣᠯᠠᠨ ᠬᠣᠲᠠ᠎ᠶᠢᠨ ᠠᠷᠠᠳ ᠭᠣᠣᠯᠳᠠᠯᠭ᠎ᠠ᠎ᠲᠠᠢ ᠣᠷᠣᠨ ᠪᠦᠰᠡ᠎ᠶᠢᠨ ᠪᠥᠭᠡᠮ ᠬᠦᠴᠢᠯ᠎ᠦᠨ ᠪᠠᠢᠴᠠᠭᠠᠯᠲᠠ᠎ᠶᠢ ᠢᠳᠡᠪᠬᠢᠲᠡᠢ ᠬᠠᠮᠵᠢᠯᠴᠠᠨ ᠰᠠᠢᠲᠤᠷ ᠬᠢᠵᠦ᠂《ᠨᠢᠭᠡ ᠡᠷᠦᠬᠡ᠎ᠶᠢ ᠴᠦ᠍ ᠣᠷᠬᠢᠭ᠍ᠳᠠᠭᠤᠯᠬᠤ ᠦᠭᠡᠢ》 《ᠨᠢᠭᠡ ᠬᠥᠮᠥᠨ᠎ᠢ ᠴᠦ᠍ ᠣᠷᠬᠢᠭ᠍ᠳᠠᠭᠤᠯᠬᠤ ᠦᠭᠡᠢ》 ᠪᠠᠢᠬᠤ᠎ᠶᠢ ᠦᠨᠡᠨ ᠬᠦ᠌ ᠪᠠᠲᠤᠯᠠᠵᠤ᠂ ᠱᠠᠭᠠᠷᠳᠠᠯᠭ᠎ᠠ ᠶᠣᠰᠣᠭᠠᠷ ᠪᠥᠭᠡᠮ ᠬᠦᠴᠢᠯ᠎ᠦᠨ ᠪᠠᠢᠴᠠᠭᠠᠯᠲᠠ ᠬᠢᠬᠦ ᠦᠭᠡᠢ ᠬᠥᠮᠥᠰ᠎ᠢ ᠵᠢᠷᠬᠢᠶ᠎ᠠ ᠳᠡᠭᠡᠷ᠎ᠠ ᠰᠠᠨᠠᠭᠤᠯᠬᠤ᠎ᠶᠢᠨ ᠬᠠᠮᠲᠤ 《ᠡᠭᠦᠳᠡ ᠲᠣᠭᠰᠢᠵᠤ ᠪᠠᠢᠴᠠᠭᠠᠯᠲᠠ ᠬᠢᠬᠦ》 ᠠᠵᠢᠯᠯᠠᠭ᠎ᠠ ᠥᠷᠨᠢᠭᠦᠯᠵᠦ᠂ ᠬᠠᠮᠵᠢᠯᠴᠠᠬᠤ᠎ᠶᠢ ᠲᠡᠪᠴᠢᠭᠰᠡᠳᠢ ᠬᠠᠤᠯᠢ ᠶᠣᠰᠣᠭᠠᠷ ᠰᠢᠢᠳᠬᠡᠨ ᠲᠣᠷᠭᠠᠬᠤ ᠬᠡᠷᠡᠭᠲᠡᠢ ᠭᠡᠵᠡᠢ᠃
ᠮᠠᠨ᠎ᠤ ᠬᠣᠲᠠ ᠭᠤᠷᠪᠠᠨ ᠡᠭᠡᠯᠵᠢ ᠵᠢᠨ ᠴᠢᠨᠠᠷ ᠰᠠᠢᠲᠠᠢ᠂ ᠥᠨᠴᠥᠭ ᠪᠤᠯᠤᠩ ᠦᠯᠡᠳᠡᠭᠡᠯ ᠦᠭᠡᠢ ᠪᠥᠭᠡᠮ ᠬᠦᠴᠢᠯ᠎ᠤᠨ ᠪᠠᠢᠴᠠᠭᠠᠯᠲᠠ ᠬᠢᠬᠦ ᠪᠠᠷ ᠳᠡᠮᠵᠢᠨ᠂ ᠨᠢᠭᠤᠭᠳᠠᠮᠠᠯ ᠬᠠᠯᠳᠠᠪᠤᠷᠢᠯᠠᠬᠤ ᠡᠬᠢ ᠰᠤᠷᠪᠤᠯᠵᠢ ᠵᠢ ᠲᠦᠷᠭᠡᠨ《ᠴᠡᠪᠡᠷᠯᠡᠵᠦ》᠂ ᠨᠡᠢᠭᠡᠮ᠎ᠤᠨ ᠲᠠᠯ᠎ᠠ ᠵᠢ ᠴᠡᠪᠡᠷᠯᠡᠬᠦ ᠵᠢ ᠡᠷᠲᠡᠬᠡᠨ ᠪᠡᠶᠡᠯᠡᠭᠦᠯᠵᠦ᠂ ᠬᠡᠪ᠎ᠤᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭᠯᠢᠮ᠎ᠢ ᠡᠷᠲᠡᠬᠡᠨ ᠰᠡᠷᠭᠦᠭᠡᠬᠦ ᠪᠡᠷ ᠴᠢᠷᠮᠠᠢᠵᠤ ᠪᠠᠢᠨ᠎ᠠ᠃
ᠢᠷᠡᠯᠳᠡ᠄ ᠤᠮᠠᠷᠠᠳᠦ ᠵᠢᠨ ᠰᠢᠨ᠎ᠠ ᠰᠤᠨᠢᠨ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃