2022-10-30 16:24:13
ᠮᠠᠨ᠎ᠤ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠤᠨ ᠠᠵᠢᠯᠳᠠᠨ 18.82 ᠳ᠋ᠦᠩᠱᠢᠭᠤᠷ ᠲᠥᠭᠥᠷᠢᠭ᠎ᠦᠨ ᠠᠶᠤᠯ ᠲᠦᠭ᠌ᠰᠢᠭᠦᠷᠢ᠎ᠶ᠋ᠢᠨ ᠪᠠᠲᠤᠯᠠᠭ᠎ᠠ ᠤᠯᠪᠠ
ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠪᠠᠩᠬᠢ ᠳᠠᠭᠠᠳᠭᠠᠯ᠎ᠤᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶᠠᠨ᠎ᠡᠴᠡ ᠣᠢᠯᠠᠭᠠᠭ᠍ᠰᠠᠨ᠎ᠢᠶᠠᠷ᠂ ᠲᠤᠰ ᠡᠭᠡᠯᠵᠢ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠠᠷᠤᠭ᠍ᠰᠠᠨ᠎ᠡᠴᠡ ᠨᠠᠭᠠᠰᠢ᠂ ᠪᠦᠬᠦ᠌ ᠣᠷᠣᠨ᠎ᠤ ᠳᠠᠭᠠᠳᠭᠠᠯ᠎ᠤᠨ ᠦᠢᠯᠡᠰ ᠳᠠᠭᠠᠳᠭᠠᠯ᠎ᠤᠨ ᠪᠠᠲᠤᠯᠠᠭ᠎ᠠ᠎ᠶ᠋ᠢᠨ ᠦᠢᠯᠡᠴᠢᠯᠡᠭᠡ᠎ᠪᠡᠨ ᠢᠳᠡᠪᠬᠢᠲᠡᠢ ᠱᠢᠯᠢᠳᠡᠭ᠌ᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠤᠨ ᠠᠵᠢᠯᠳᠠᠳ ᠲᠤ᠌ ᠠᠶᠤᠯ ᠲᠦᠭ᠌ᠰᠢᠭᠦᠷᠢ᠎ᠶ᠋ᠢᠨ ᠪᠠᠲᠤᠯᠠᠭ᠎ᠠ ᠬᠠᠩᠭᠠᠪᠠ᠃ 10 ᠰᠠᠷ᠎ᠠ᠎ᠶ᠋ᠢᠨ 15 ᠤ᠋ ᠡᠳᠦᠷ ᠪᠣᠯᠲᠠᠯ᠎ᠠ᠂ ᠪᠦᠬᠦ᠌ ᠣᠷᠣᠨ᠎ᠤ ᠳᠠᠭᠠᠳᠭᠠᠯ᠎ᠤᠨ ᠦᠢᠯᠡᠴᠢᠯᠡᠭᠡ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠤᠨ 1.63 ᠲᠦᠮᠡᠨ ᠬᠥᠮᠦᠨ (ᠤᠳᠠᠭ᠎ᠠ) ᠢ᠋ ᠪᠦᠷᠬᠦᠵᠦ᠂ ᠨᠡᠢ᠌ᠳᠡ 18.82 ᠳ᠋ᠦᠩᠱᠢᠭᠤᠷ ᠲᠥᠭᠥᠷᠢᠭ᠎ᠦᠨ ᠠᠶᠤᠯ ᠲᠦᠭ᠌ᠰᠢᠭᠦᠷᠢ᠎ᠶ᠋ᠢᠨ ᠪᠠᠲᠤᠯᠠᠭ᠎ᠠ ᠬᠠᠩᠭᠠᠪᠠ᠃ ᠡᠭᠦᠨ᠎ᠳᠦ᠂ ᠬᠥᠬᠡᠬᠣᠲᠠ ᠣᠷᠣᠨ᠎ᠤ ᠳᠠᠭᠠᠳᠭᠠᠯ᠎ᠤᠨ ᠦᠶ᠋ᠯᠡᠴᠢᠯᠡᠭᠡ ᠨᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠤᠨ 6791 ᠬᠥᠮᠦᠨ (ᠤᠳᠠᠭ᠎ᠠ) ᠢ ᠪᠦᠷᠬᠦᠵᠦ᠂ 10.61 ᠳ᠋ᠦᠩᠱᠢᠭᠤᠷ ᠲᠥᠭᠥᠷᠢᠭ᠎ᠦᠨ ᠠᠶᠤᠯ ᠲᠦᠭ᠌ᠰᠢᠭᠦᠷᠢ᠎ᠶ᠋ᠢᠨ ᠪᠠᠲᠤᠯᠠᠭ᠎ᠠ ᠬᠠᠩᠭᠠᠪᠠ᠃
ᠪᠥᠬᠥ᠌ ᠣᠷᠣᠨ᠎ᠤ ᠡᠯ᠎ᠡ ᠳᠠᠭᠠᠳᠭᠠᠯ᠎ᠤᠨ ᠪᠠᠢᠭᠤᠯᠤᠮᠵᠢ ᠳᠠᠭᠠᠳᠭᠠᠯ᠎ᠤᠨ ᠬᠤᠭᠤᠴᠠᠭ᠎ᠠ ᠨᠢ ᠲᠤᠯᠤᠬᠰᠠᠨ 3221 ᠬᠤᠪᠢ ᠳᠠᠭᠠᠳᠭᠠᠯ᠎ᠤᠨ ᠬᠠᠭᠤᠳᠠᠰᠤ᠎ᠶ᠋ᠢᠨ ᠬᠤᠭᠤᠴᠠᠭ᠎ᠠ ᠵᠢ ᠤᠷᠲᠤᠳᠭᠠᠵᠤ᠂ ᠬᠣᠯᠪᠣᠭ᠍ᠳᠠᠬᠤ ᠳᠠᠭᠠᠳᠭᠠᠯ᠎ᠤᠨ ᠵᠠᠷᠤᠳᠠᠯ᠎ᠨᠢ 30.11 ᠳ᠋ᠦᠩᠱᠢᠭᠤᠷ ᠲᠥᠭᠥᠷᠢᠭ᠎ᠲᠦ ᠬᠦᠷᠴᠡᠶ᠃ ᠳᠠᠭᠠᠳᠭᠠᠯ᠎ᠤᠨ ᠵᠠᠷᠤᠳᠠᠯ᠎ᠢ 1297 ᠬᠤᠪᠢ ᠬᠣᠢᠱᠢᠯᠠᠭᠤᠯᠤᠨ ᠬᠤᠷᠢᠶᠠᠵᠤ᠂ ᠬᠣᠯᠪᠣᠭ᠍ᠳᠠᠭ᠍ᠰᠠᠨ ᠳᠠᠭᠠᠳᠭᠠᠯ᠎ᠤᠨ ᠵᠠᠷᠤᠳᠠᠯ ᠨᠢ 1647.41 ᠲᠦᠮᠡᠨ ᠲᠥᠭᠥᠷᠢᠭ᠎ᠲᠦ ᠬᠦᠷᠴᠡᠶ᠃ ᠡᠭᠦᠨ᠎ᠳᠦ᠂ ᠬᠥᠬᠡᠬᠣᠲᠠ ᠳᠠᠭᠠᠳᠭᠠᠯ᠎ᠤᠨ ᠬᠤᠭᠤᠴᠠᠭ᠎ᠠ ᠨᠢ ᠲᠤᠯᠤᠬᠰᠠᠨ 678 ᠬᠤᠪᠢ ᠲᠠᠭᠠᠳᠬᠠᠯ᠎ᠤᠨ ᠬᠠᠭᠤᠳᠠᠰᠤ ᠵᠢᠨ ᠬᠤᠭᠤᠴᠠᠭ᠎ᠠ ᠵᠢ ᠤᠷᠳᠤᠳᠬᠠᠵᠤ᠂ ᠬᠣᠯᠪᠣᠭ᠍ᠳᠠᠭ᠍ᠰᠠᠨ ᠳᠠᠭᠠᠳᠭᠠᠯ᠎ᠤᠨ ᠵᠠᠷᠤᠳᠠᠯ ᠨᠢ 6332.38 ᠲᠦᠮᠡᠨ ᠲᠥᠭᠥᠷᠢᠭ ᠲᠦ᠍ ᠬᠦᠷᠴᠡᠢ᠃ 423 ᠬᠤᠪᠢ ᠳᠠᠭᠠᠳᠭᠠᠯ᠎ᠤᠨ ᠵᠠᠷᠤᠳᠠᠯ᠎ᠢ ᠬᠣᠢᠱᠢᠯᠠᠭᠤᠯᠤᠨ ᠬᠤᠷᠢᠶᠠᠵᠤ᠂ ᠬᠣᠯᠪᠣᠭ᠍ᠳᠠᠭ᠍ᠰᠠᠨ ᠳᠠᠭᠠᠳᠭᠠᠯ᠎ᠤᠨ ᠵᠠᠷᠤᠳᠠᠯ ᠨᠢ 171.32 ᠲᠦᠮᠡᠨ ᠲᠥᠭᠥᠷᠢᠭ᠎ᠲᠦ ᠬᠦᠷᠴᠡᠶ᠃
ᠪᠥᠬᠥ᠌ ᠣᠷᠣᠨ᠎ᠤ ᠳᠠᠭᠠᠳᠭᠠᠯ᠎ᠤᠨ ᠪᠠᠢᠭᠤᠯᠤᠮᠵᠢ᠎ᠨᠢ ᠠᠬᠤᠶ ᠲᠠᠯᠠᠪᠠᠶ᠎ᠶ᠋ᠢᠨ ᠪᠤᠰᠤ ᠬᠠᠷᠭᠤᠭᠤᠯᠤᠨ ᠪᠠᠢᠴᠠᠭᠠᠯᠲᠠ᠎ᠪᠠᠷ ᠳᠡᠮᠵᠢᠨ 17.23 ᠲᠦᠮᠡᠨ ᠬᠤᠪᠢ ᠳᠠᠭᠠᠳᠭᠠᠯ᠎ᠤᠨ ᠬᠠᠭᠤᠳᠠᠰᠤ᠎ᠳᠤ ᠬᠠᠷᠭᠤᠭᠤᠯᠤᠨ ᠭᠠᠷᠤᠨ ᠥᠰᠥᠭ ᠵᠢᠷᠤᠵᠤ᠂ 3.89 ᠲᠦᠮᠡᠨ ᠬᠤᠪᠢ ᠲᠠᠭᠠᠳᠬᠠᠯ᠎ᠳᠦ ᠰᠠᠭᠠᠳ ᠥᠬᠡᠶ ᠨᠡᠪᠲᠡᠷᠡᠬᠦ᠌ ᠠᠷᠭ᠎ᠠ ᠵᠠᠮ ᠵᠢᠡᠷ ᠳᠡᠮᠵᠢᠨ ᠲᠥᠯᠥᠪᠦᠷᠢ ᠥᠭ᠌ᠴᠦ᠂ ᠨᠡᠢᠲᠡ 2.49 ᠳ᠋ᠦᠩᠱᠢᠭᠤᠷ ᠲᠥᠭᠥᠷᠢᠭ᠎ᠦᠨ ᠲᠥᠯᠥᠪᠦᠷᠢ ᠥᠭ᠌ᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃