2022-10-29 20:00:18
ᠣᠳᠣᠬᠠᠨ᠎ᠳᠤ 《ᠰᠢᠷ᠎ᠠ ᠺᠣᠳ᠋》 ᠲᠠᠢ ᠬᠦᠮᠦᠰ᠎ᠢ ᠬᠦᠯᠢᠶᠡᠨ ᠠᠪᠳᠠᠭ ᠡᠮᠨᠡᠯᠭᠡ᠎ᠶ᠋ᠢᠨ ᠬᠣᠷᠢᠶᠠᠨ᠎ᠤ ᠪᠠᠢᠳᠠᠯ ᠶᠠᠮᠠᠷ ᠪᠠᠢᠨ᠎ᠠ? ᠰᠠᠭᠤᠭᠠᠯᠢ ᠠᠷᠠᠳ ᠡᠳᠡᠭᠡᠷ ᠡᠮᠨᠡᠯᠭᠡ᠎ᠳᠦ ᠬᠦᠷᠴᠦ᠍ ᠡᠮᠴᠢᠯᠡᠬᠦᠯᠬᠦ᠎ᠳᠦ ᠶᠠᠭᠤ ᠵᠢ ᠠᠨᠭᠬᠠᠷᠪᠠᠯ ᠵᠤᠬᠢᠬᠤ ᠪᠤᠢ? ᠪᠠᠴᠢᠮ ᠬᠦᠨᠳᠦ ᠡᠪᠡᠳᠴᠢᠲᠡᠨ᠎ᠦ ᠬᠡᠷᠡᠭ᠌ᠴᠡᠭᠡ᠂ ᠢᠯᠠᠩᠭᠤᠶ᠎ᠠ ᠮᠡᠰᠡ ᠵᠠᠰᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ ᠳᠡᠢᠯᠬᠦ᠌ ᠤᠤ ? 10 ᠰᠠᠷ᠎ᠠ᠎ᠶ᠋ᠢᠨ 29 ᠦ ᠡᠳᠦᠷ ᠬᠤᠷᠠᠯᠳᠤᠭᠤᠯᠤᠭ᠍ᠰᠠᠨ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ( 63 ᠳ᠋ᠤᠭᠠᠷ ᠲᠠᠯᠠᠪᠠᠶ ) ᠳᠡᠭᠡᠷ᠎ᠡ᠂ ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠬᠣᠶᠠᠳᠤᠭᠠᠷ ᠳᠡᠰ᠎ᠤᠨ ᠪᠠᠢᠴᠠᠭᠠᠨ ᠰᠤᠳᠤᠯᠤᠭ᠍ᠴᠢ ᠯᠢᠦ ᠶᠤᠸᠠᠨ ᠵᠢᠶᠦ᠋ᠨ ᠡᠲᠡᠭᠡᠷ ᠠᠰᠠᠭᠤᠳᠠᠯ᠎ᠤᠨ ᠲᠤᠬᠠᠶ ᠬᠠᠷᠢᠭᠤ ᠲᠤᠰᠭᠠᠪᠠ᠃
ᠯᠢᠦ ᠶᠤᠸᠠᠨ ᠵᠢᠶᠦ᠋ᠨ᠂ ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ ᠬᠤᠳᠠ᠎ᠶ᠋ᠢᠨ ᠠᠷᠠᠳ᠎ᠤᠨ ᠡᠪᠡᠳᠴᠢᠨ ᠦᠵᠡᠭᠦᠯᠵᠦ᠍ ᠡᠮᠴᠢᠯᠡᠬᠦᠯᠬᠦ ᠠᠵᠢᠯ᠎ᠢ ᠰᠠᠢᠲᠤᠷ ᠬᠢᠬᠦ᠌ ᠨᠢ ᠤᠯᠠᠨ ᠲᠦᠮᠡᠨ᠎ᠦ ᠪᠡᠶ᠎ᠡ ᠮᠠᠬᠠᠪᠣᠳ᠎ᠤᠨ ᠡᠷᠡᠭᠦᠯ ᠮᠡᠨᠳᠦ ᠪᠣᠯᠤᠨ ᠠᠮᠢ ᠨᠠᠰᠤᠨ᠎ᠤ ᠠᠮᠤᠷ ᠲᠦᠪᠱᠢᠨ᠎ᠲᠡᠶ ᠱᠢᠭᠤᠳ ᠬᠣᠯᠪᠣᠭ᠍ᠳᠠᠨ᠎ᠠ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠠᠬᠢ ᠬᠥᠬᠡᠬᠣᠲᠠ᠎ᠶ᠋ᠢᠨ ᠥᠨᠳᠥᠷ ( ᠳᠤᠮᠳᠠ ) ᠲᠦᠭ᠌ᠰᠢᠭᠦᠷᠢᠲᠡᠶ ᠣᠷᠣᠨ᠂ ᠲᠤᠰᠠᠭᠠᠷᠯᠠᠬᠤ ᠭᠠᠵᠠᠷ ᠵᠢᠴᠢ ᠡᠷᠡᠭᠦᠯ ᠮᠡᠨᠳᠦ᠍᠎ᠶ᠋ᠢᠨ ᠺᠣᠳ᠋᠎ᠨᠢ 《ᠱᠢᠷ᠎ᠠ ᠺᠣᠳ᠋》 ᠪᠤᠯᠤᠬᠰᠠᠨ ᠣᠯᠠᠨ ᠲᠦᠮᠡᠨ᠎ᠦ ᠡᠮᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠪᠤᠳᠠᠷ᠎ᠤᠨ ᠡᠮᠨᠡᠯᠭᠡ᠎ᠶ᠋ᠢᠨ ᠬᠣᠷᠢᠶ᠎ᠠ (ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠠᠷᠠᠳ᠎ᠤᠨ ᠡᠮᠨᠡᠯᠭᠡ᠎ᠶ᠋ᠢᠨ ᠬᠣᠷᠢᠶ᠎ᠠ) ᠪᠣᠯᠤᠨ ᠬᠥᠬᠡᠬᠣᠲᠠ᠎ᠶ᠋ᠢᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ᠎ᠶ᠋ᠢ 《ᠱᠢᠷ᠎ᠠ ᠺᠣᠳ᠋》 ᠤᠨ ᠡᠮᠨᠡᠯᠭᠡ᠎ᠶ᠋ᠢᠨ ᠬᠣᠷᠢᠶ᠎ᠠ ᠪᠣᠯᠭᠠᠵᠠᠢ᠂ ᠡᠬᠦᠨ᠎ᠳᠦ ᠬᠥᠬᠡᠬᠣᠲᠠ᠎ᠶ᠋ᠢᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ᠎ᠨᠢ ᠵᠢᠷᠮᠦᠰᠦᠨ ᠪᠠ ᠬᠥᠩᠭᠡᠵᠢᠭ᠌ᠰᠡᠳ ᠪᠠ ᠬᠡᠦᠬᠡᠳ᠎ᠢ ᠣᠨᠣᠱᠢᠯᠠᠨ ᠡᠮᠴᠢᠯᠡᠬᠦ ᠠᠵᠢᠯ᠎ᠢ ᠡᠭᠦᠷᠭᠡᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠪᠤᠳᠠᠷ᠎ᠤᠨ ᠡᠮᠨᠡᠯᠭᠡ᠎ᠶ᠋ᠢᠨ ᠬᠣᠷᠢᠶ᠎ᠠ᠎ᠨᠢ ᠪᠤᠰᠤᠳ ᠡᠪᠡᠳᠴᠢᠲᠡᠨ᠎ᠢ ᠣᠨᠣᠱᠢᠯᠠᠨ ᠡᠮᠴᠢᠯᠡᠬᠦ ᠠᠵᠢᠯ᠎ᠢ ᠡᠬᠦᠷᠬᠡᠯᠡᠵᠠᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠪᠤᠳᠠᠷ᠎ᠤᠨ ᠡᠮᠨᠡᠯᠭᠡ᠎ᠶ᠋ᠢᠨ ᠬᠣᠷᠢᠶ᠎ᠠ᠎ᠨᠢ 《ᠱᠢᠷ᠎ᠠ ᠺᠣᠳ᠋》 ᠦᠨ ᠡᠮᠨᠡᠯᠭᠡ᠎ᠶ᠋ᠢᠨ ᠬᠣᠷᠢᠶ᠎ᠠ ᠪᠣᠯᠤᠭ᠍ᠰᠠᠨ᠎ᠤ ᠬᠤᠪᠢ᠎ᠳᠤ᠂ 10 ᠰᠠᠷ᠎ᠠ᠎ᠶ᠋ᠢᠨ 26 ᠤ ᠡᠳᠦᠷ᠎ᠦᠨ 20 ᠴᠠᠭ᠎ᠠᠴᠠ ᠡᠪᠡᠳᠴᠢᠲᠡᠨ᠎ᠢ ᠭᠥᠯᠢᠶᠡᠨ ᠠᠪᠴᠤ᠌ ᠡᠮᠴᠢᠯᠡᠵᠠᠢ᠂ 22 ᠡᠪᠡᠳᠴᠢᠲᠡᠨ᠎ᠦ ᠲᠣᠭᠣᠷᠢᠭ ᠳᠤᠬᠢᠷᠠᠭᠤᠯᠬᠤ ᠪᠡᠷ ᠳᠦᠯᠦᠪᠯᠡᠨ᠂ ᠣᠲᠣ ᠨᠢᠭᠡᠨᠲᠡ ᠲᠦᠷᠭᠡᠨ ᠡᠮᠨᠡᠬᠦ᠌ ᠰᠠᠯᠠᠭ᠎ᠠ ᠪᠠ ᠶᠡᠷᠦᠩᠬᠡᠢᠯᠡᠭ᠌ᠰᠡᠨ ᠭᠠᠳᠠᠷ ᠰᠠᠯᠠᠭᠠᠨ᠎ᠤ ᠡᠪᠡᠳᠴᠢᠲᠡᠨ᠎ᠦ ᠲᠣᠭᠣᠷᠢᠭ 2᠂ ᠶᠡᠷᠦᠩᠬᠡᠢᠯᠡᠭ᠌ᠰᠡᠨ ᠳᠣᠲᠣᠷ ᠰᠠᠯᠠᠭᠠᠨ᠎ᠤ ᠡᠪᠡᠳᠴᠢᠲᠡᠨ᠎ᠦ ᠲᠣᠭᠣᠷᠢᠭ 2᠂ ᠬᠠᠪᠤᠳᠠᠷ᠎ᠤᠨ ᠶᠡᠷᠦᠩᠬᠡᠢᠯᠡᠭ᠌ᠰᠡᠨ ᠳᠣᠲᠣᠷ ᠰᠠᠯᠠᠭᠠᠨ᠎ᠤ ᠡᠪᠡᠳᠴᠢᠲᠡᠨ᠎ᠦ ᠲᠣᠭᠣᠷᠢᠭ 1᠂ ᠣᠶᠤᠨ ᠮᠡᠳᠡᠷᠡᠯ᠎ᠦᠨ ᠡᠪᠡᠳᠴᠢᠲᠡᠨ᠎ᠦ ᠲᠣᠭᠣᠷᠢᠭ 1ᠵᠢ ᠭᠠᠷᠭᠠᠵᠦ᠂ ᠴᠥᠮ ᠲᠤᠰᠠᠭᠠᠷ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍ ᠪᠠᠢᠨ᠎ᠠ᠃ ᠡᠮᠴᠢ ᠰᠤᠪᠢᠯᠠᠭ᠍ᠴᠢ᠎ᠶ᠋ᠢᠨ ᠬᠦᠴᠦᠨ᠎ᠢ ᠴᠢᠩᠭᠠᠳᠭᠠᠬᠤ᠎ᠶ᠋ᠢᠨ ᠲᠥᠯᠥᠭᠡ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ᠎ᠶ᠋ᠢᠨ ᠬᠣᠷᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨ ᠮᠡᠳᠡᠷᠡᠯ᠎ᠦᠨ ᠡᠷᠡᠭᠦᠯ ᠬᠠᠮᠠᠭᠠᠯᠠᠯ᠎ᠤᠨ ᠲᠥᠪ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ᠂ ᠬᠥᠬᠡᠬᠣᠲᠠ᠎ᠶ᠋ᠢᠨ ᠬᠢᠲᠠᠳ ᠮᠣᠩᠭᠣᠯ ᠡᠮᠨᠡᠯᠭᠡ᠎ᠶ᠋ᠢᠨ ᠬᠣᠷᠢᠶ᠎ᠠ᠎ᠠᠴᠠ 13 ᠭᠠᠷᠮᠠᠭᠠᠢ ᠡᠮᠴᠢ ᠰᠤᠪᠢᠯᠠᠭ᠍ᠴᠢ᠎ᠶ᠋ᠢ ᠴᠤᠭ᠍ᠯᠠᠭᠤᠯᠤᠨ ᠬᠠᠪᠤᠳᠠᠷ᠎ᠤᠨ ᠡᠮᠨᠡᠯᠭᠡ᠎ᠶ᠋ᠢᠨ ᠬᠣᠷᠢᠶ᠎ᠠ᠎ᠶ᠋ᠢ ᠲᠤᠰᠠᠯᠠᠪᠠ᠃ ᠣᠳᠣ᠎ᠶ᠋ᠢᠨ ᠨᠥᠬᠥᠴᠡᠯ᠎ᠡᠴᠡ ᠦᠵᠡᠪᠡᠯ᠂ ᠡᠮᠨᠡᠯᠭᠡ᠎ᠶ᠋ᠢᠨ ᠬᠣᠷᠢᠶ᠎ᠠ ᠬᠡᠰᠡᠭ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠳᠡᠨ᠎ᠳᠦ ᠮᠡᠰᠡ ᠵᠠᠰᠠᠯ ᠬᠢᠵᠦ ᠳᠡᠢᠯᠦᠨ᠎ᠠ᠃ ᠬᠥᠬᠡᠬᠣᠲᠠ᠎ᠶ᠋ᠢᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠪᠠᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠵᠢᠷᠮᠦᠰᠦᠨ ᠪᠠ ᠬᠥᠩᠭᠡᠵᠢᠭ᠌ᠰᠡᠳ᠂ ᠨᠢᠯᠬ᠎ᠠ ᠬᠡᠦᠬᠡᠳ᠎ᠢ ᠠᠪᠤᠷᠠᠨ ᠵᠠᠰᠠᠬᠤ ᠲᠥᠰᠦᠯ᠎ᠢ ᠲᠡᠷᠡ ᠳᠠᠷᠤᠶ᠎ᠳᠤᠨᠢ ᠡᠬᠢᠯᠡᠭᠦᠯᠵᠦ᠍᠂ ᠡᠯ᠎ᠡ ᠬᠣᠯᠪᠣᠭ᠍ᠳᠠᠯ ᠪᠥᠬᠥᠶ ᠡᠮᠴᠢᠯᠡᠭᠡᠨ᠎ᠦ ᠪᠠᠢᠭᠤᠯᠤᠮᠵᠢ᠎ᠶ᠋ᠢᠨ ᠡᠮᠴᠢ ᠰᠤᠪᠢᠯᠠᠭ᠍ᠴᠢ᠎ᠶ᠋ᠢᠨ ᠪᠦᠯᠬᠦᠮ᠎ᠦᠨ ᠳᠡᠮᠵᠢᠯᠭᠡ ᠳᠤᠤᠷ᠎ᠠ᠂ ᠣᠳᠣᠬᠠᠨ᠎ᠳᠤ ᠡᠯ᠎ᠡ ᠵᠦᠶ᠋ᠯ᠎ᠦᠨ ᠡᠮᠴᠢᠯᠡᠭᠡᠨ᠎ᠦ ᠠᠪᠤᠷᠠᠨ ᠵᠠᠰᠠᠬᠤ ᠠᠵᠢᠯ᠎ᠢ ᠡᠮᠬᠢ ᠵᠢᠷᠤᠮ᠎ᠲᠠᠶ ᠥᠷᠨᠢᠭᠦᠯᠵᠦ᠍ ᠪᠠᠢᠨ᠎ᠠ᠃
ᠡᠪᠡᠳᠴᠢᠲᠡᠨ 《ᠰᠢᠷ᠎ᠠ ᠺᠣᠳ᠋》 ᠤᠨ ᠡᠮᠨᠡᠯᠭᠡ᠎ᠶ᠋ᠢᠨ ᠬᠣᠷᠢᠶ᠎ᠠ᠎ᠳᠤ ᠬᠦᠷᠴᠦ᠍ ᠡᠮᠴᠢᠯᠡᠬᠦᠯᠬᠦ ᠦᠶ᠎ᠡ᠎ᠳᠦ᠂ ᠪᠠᠴᠢᠮ ᠲᠦᠭ᠌ᠰᠢᠭᠦᠷᠢᠲᠡᠢ ᠬᠦᠨᠳᠦ ᠡᠪᠡᠳᠴᠢᠲᠡᠨ 120 ᠲᠦᠷᠭᠡᠨ ᠠᠪᠤᠷᠠᠯᠳᠠ ᠵᠢᠨ ᠳᠡᠷᠭᠡ ᠳᠠᠭᠤᠳᠠᠵᠦ᠂ ᠲᠦᠷᠭᠡᠨ ᠡᠮᠨᠡᠬᠦ᠌ ᠰᠠᠯᠠᠭ᠎ᠠ᠎ᠳᠤ ᠡᠮᠨᠡᠨ ᠵᠠᠰᠠᠭᠤᠯᠤᠨ᠎ᠠ; ᠬᠠᠪᠤᠳᠠᠷ᠎ᠤᠨ ᠡᠮᠨᠡᠯᠭᠡ᠎ᠶ᠋ᠢᠨ ᠬᠣᠷᠢᠶ᠎ᠠ᠎ᠳᠤ ᠡᠮᠴᠢᠯᠡᠬᠦᠯᠬᠦ ᠡᠭᠦᠳᠡᠨ ᠡᠮᠨᠡᠯᠭᠡ᠎ᠶ᠋ᠢᠨ ᠡᠪᠡᠳᠴᠢᠲᠡᠨ᠎ᠨᠢ ᠡᠮᠨᠡᠯᠭᠡ᠎ᠶ᠋ᠢᠨ ᠬᠣᠷᠢᠶᠠᠨ᠎ᠤ ᠤᠷᠢᠳᠴᠢᠯᠠᠨ ᠪᠣᠯᠵᠣᠵᠤ ᠣᠨᠣᠱᠢᠯᠠᠨ ᠡᠮᠨᠡᠬᠦ᠌ ᠱᠢᠰᠲ᠋ᠧᠮ᠎ᠢᠶᠡᠷ ᠳᠡᠮᠵᠢᠨ᠂ ᠴᠠᠭ ᠠᠯᠤᠰᠯᠠᠨ ᠤᠷᠢᠳᠴᠢᠯᠠᠨ ᠪᠣᠯᠵᠣᠵᠦ᠂ ᠬᠥᠮᠦᠨ ᠣᠯᠠᠨ ᠴᠤᠭ᠍ᠯᠠᠷᠠᠬᠤ᠎ᠠᠴᠠ ᠵᠠᠢᠯᠠᠰᠭᠢᠨᠠ᠂ ᠬᠥᠬᠡᠬᠣᠲᠠ᠎ᠶ᠋ᠢᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ᠎ᠳᠤ ᠤᠷᠢᠳᠴᠢᠯᠠᠨ ᠪᠣᠯᠵᠣᠬᠤ ᠴᠢᠬᠤᠯᠠ ᠥᠬᠡᠶ; ᠡᠭᠦᠳᠡᠨ ᠡᠮᠨᠡᠯᠭᠡ᠎ᠶ᠋ᠢᠨ ᠡᠪᠡᠳᠴᠢᠲᠡᠨ ᠴᠥᠮ ᠲᠤᠬᠠᠶ᠎ᠶ᠋ᠢᠨ ᠡᠳᠦᠷ᠎ᠦᠨ ᠥᠳᠥᠭᠡᠭ᠌ᠴᠢ᠎ᠶ᠋ᠢᠨ ᠪᠢᠯᠢᠭ ᠴᠢᠨᠠᠷ᠎ᠤᠨ ᠭᠡᠷᠡᠴᠢ᠎ᠶ᠋ᠢ ᠬᠠᠩᠭᠠᠬᠤ ᠪᠤᠶᠤ ᠡᠮᠨᠡᠯᠭᠡ᠎ᠶ᠋ᠢᠨ ᠬᠣᠷᠢᠶᠠᠨ᠎ᠳᠦ ᠡᠮᠴᠢᠯᠡᠬᠦᠯᠬᠦ ᠡᠴᠡ ᠡᠮᠦᠨ᠎ᠡ ᠥᠳᠥᠭᠡᠭ᠌ᠴᠢ᠎ᠶ᠋ᠢᠨ ᠪᠠᠢᠴᠠᠭᠠᠯᠲᠠ ᠬᠢᠬᠦ ᠬᠡᠷᠡᠭ᠌ᠲᠡᠶ; ᠡᠮᠨᠡᠯᠭᠡ᠎ᠳᠦ ᠰᠠᠭᠤᠬᠤ ᠡᠪᠡᠳᠴᠢᠲᠡᠨ ᠤᠷᠢᠳᠴᠢᠯᠠᠨ ᠪᠠᠢᠴᠠᠭᠠᠵᠤ ᠬᠤᠪᠢᠶᠠᠨ ᠣᠨᠣᠱᠢᠯᠠᠬᠤ ᠲᠠᠬᠤᠯ ᠡᠪᠡᠳᠴᠢᠨ᠎ᠦ ᠪᠠᠢᠴᠠᠭᠠᠯᠲᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ 24 ᠴᠠᠭ᠎ᠤᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠪᠢᠯᠢᠭ ᠴᠢᠨᠠᠷ᠎ᠤᠨ ᠭᠡᠷᠡᠴᠢ ᠬᠠᠩᠭᠠᠨ᠎ᠠ᠃
ᠡᠭᠦᠨ᠎ᠡᠴᠡ ᠭᠠᠳᠠᠨ᠎ᠠ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠬᠤᠭᠤᠴᠠᠭᠠᠨ᠎ᠳᠠᠬᠢ ᠥᠨᠳᠥᠷ (ᠳᠤᠮᠳᠠ) ᠲᠦᠭ᠌ᠰᠢᠭᠦᠷᠢᠲᠡᠶ ᠣᠷᠣᠨ᠂ ᠲᠤᠰᠠᠭᠠᠷᠯᠠᠬᠤ ᠭᠠᠵᠠᠷ ᠵᠢᠴᠢ ᠡᠷᠡᠭᠦᠯ ᠮᠡᠨᠳᠦ᠍᠎ᠶ᠋ᠢᠨ ᠺᠣᠳ᠋᠎ᠨᠢ《ᠱᠢᠷ᠎ᠠ ᠺᠣᠳ᠋》ᠪᠤᠯᠤᠬᠰᠠᠨ ᠣᠯᠠᠨ ᠲᠦᠮᠡᠨ᠎ᠦ ᠡᠮᠴᠢᠯᠡᠭᠡᠨ᠎ᠦ ᠦᠶ᠋ᠯᠡᠴᠢᠯᠡᠭᠡ᠎ᠶ᠋ᠢ ᠰᠢᠯᠢᠳᠡᠭᠵᠢᠬᠦᠯᠬᠦ ᠱᠠᠭᠠᠷᠳᠠᠯᠭ᠎ᠠ ᠶᠣᠰᠣᠭᠠᠷ᠂ ᠬᠠᠯᠠᠭᠤᠷᠠᠬᠤ ᠵᠡᠷᠭᠡ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠠᠮᠢᠶ᠎ᠠ ᠪᠥᠬᠥᠶ ᠡᠪᠡᠳᠴᠢᠨ᠎ᠦ ᠢᠯᠡᠷᠡᠯ᠎ᠲᠡᠶ ᠬᠥᠮᠦᠰ᠎ᠢ ᠵᠠᠷᠴᠢᠮ ᠳᠡᠭᠡᠷ᠎ᠡ᠎ᠪᠡᠨ ᠬᠠᠷᠢᠶ᠎ᠠ ᠭᠠᠵᠠᠷ᠎ᠠᠴᠠ ᠰᠥᠭᠡᠷᠭᠦ᠌ ᠳᠠᠷᠤᠯᠲᠠᠲᠤ ᠲᠦᠷᠭᠡᠨ ᠠᠪᠤᠷᠠᠯᠳᠠ᠎ᠶ᠋ᠢᠨ ᠲᠡᠷᠭᠡ ᠲᠣᠮᠢᠯᠠᠨ ᠬᠠᠯᠠᠭᠤᠷᠠᠯ᠎ᠤᠨ ᠡᠭᠦᠳᠡᠨ ᠡᠮᠨᠡᠯᠭᠡ᠎ᠲᠡᠶ ᠡᠮᠴᠢᠯᠡᠭᠡᠨ᠎ᠦ ᠪᠠᠢᠭᠤᠯᠤᠮᠵᠢ᠎ᠳᠤ ᠱᠢᠯᠵᠢᠭᠦᠯᠦᠨ ᠡᠮᠴᠢᠯᠡᠵᠦ᠂ ᠬᠠᠷᠢᠶ᠎ᠠ ᠭᠠᠵᠠᠷ᠎ᠤᠨ ᠰᠥᠭᠡᠷᠭᠦ᠌ ᠳᠠᠷᠤᠯᠲᠠᠲᠤ ᠲᠦᠷᠭᠡᠨ ᠠᠪᠤᠷᠠᠯᠳᠠ᠎ᠶ᠋ᠢᠨ ᠲᠡᠷᠭᠡ ᠬᠦᠷᠦᠯᠴᠡᠬᠦ᠌ ᠥᠬᠡᠶ ᠦᠶ᠎ᠡ᠎ᠳᠦ᠂ 120 ᠡᠮᠴᠢᠯᠡᠭᠡᠨ᠎ᠦ ᠲᠦᠷᠭᠡᠨ ᠠᠪᠤᠷᠠᠯᠳᠠ᠎ᠶ᠋ᠢᠨ ᠵᠢᠯᠣᠭᠣᠳᠭᠤ ᠲᠥᠪ᠎ᠡᠴᠡ ᠰᠥᠭᠡᠷᠭᠦ᠌ ᠳᠠᠷᠤᠯᠲᠠᠲᠤ ᠲᠦᠷᠭᠡᠨ ᠠᠪᠤᠷᠠᠯᠳᠠ᠎ᠶ᠋ᠢᠨ ᠲᠡᠷᠭᠡ ᠳᠤᠮᠢᠯᠠᠨ᠎ᠠ᠃ ᠪᠤᠰᠤᠳ ᠥᠨᠳᠥᠷ (ᠳᠤᠮᠳᠠ) ᠲᠦᠭ᠌ᠰᠢᠭᠦᠷᠢᠲᠦ ᠣᠷᠣᠨ ᠪᠦᠰᠡ᠂ ᠲᠤᠰᠠᠭᠠᠷᠯᠠᠬᠤ ᠭᠠᠵᠠᠷ ᠵᠢᠴᠢ ᠡᠷᠡᠭᠦᠯ ᠮᠡᠨᠳᠦ᠍᠎ᠶ᠋ᠢᠨ ᠺᠣᠳ᠋᠎ᠨᠢ《ᠱᠢᠷ᠎ᠠ ᠺᠣᠳ᠋》 ᠪᠤᠯᠤᠬᠰᠠᠨ ᠤᠯᠠᠨ ᠳᠦᠮᠡᠨ᠎ᠢ ᠨᠡᠢᠭᠡᠮ ᠲᠣᠭᠣᠷᠢᠭ᠎ᠤᠨ ᠰᠡᠷᠭᠡᠢᠯᠡᠨ ᠡᠵᠡᠮᠳᠡᠬᠦ᠌ ᠠᠯᠪᠠᠨ ᠬᠡᠷ᠎ᠦᠨ ᠱᠢᠯᠵᠢᠭᠦᠯᠦᠨ ᠲᠡᠭᠡᠭᠡᠪᠦᠷᠢᠯᠡᠬᠦ᠌ ᠳᠤᠭᠤᠢᠯᠠᠩ᠎ᠠᠴᠠ ᠲᠡᠷᠭᠡ ᠲᠣᠮᠢᠯᠠᠨ 《ᠴᠡᠭ᠎ᠡᠴᠡ ᠴᠡᠭ᠎ᠲᠦ ᠬᠥᠷᠬᠥ᠌》 ᠪᠢᠳᠡᠬᠦᠮᠵᠢᠯᠡᠭᠰᠡᠨ ᠬᠠᠮᠢᠶᠠᠷᠤᠯᠳᠠ ᠶᠤᠰᠤᠭᠠᠷ ᠱᠢᠯᠵᠢᠭᠦᠯᠦᠨ ᠲᠡᠭᠡᠭᠡᠪᠦᠷᠢᠯᠡᠨ᠎ᠡ; ᠬᠦᠨᠳᠦ ᠲᠦᠭ᠌ᠰᠢᠭᠦᠷᠢᠲᠡᠶ ᠡᠪᠡᠳᠴᠢᠲᠡᠨ᠎ᠢ ᠲᠦᠷᠭᠡᠨ ᠠᠪᠤᠷᠠᠬᠤ ᠪᠠ ᠣᠢᠷ᠎ᠠ ᠬᠠᠪᠢ ᠳ᠋ᠤᠨᠢ ᠡᠮᠴᠢᠯᠡᠬᠦᠯᠬᠦ ᠵᠠᠷᠴᠢᠮ ᠶᠣᠰᠣᠭᠠᠷ᠂120 ᠲᠦᠷᠭᠡᠨ ᠠᠪᠤᠷᠠᠬᠤ ᠲᠡᠷᠭᠡ᠎ᠪᠡᠷ ᠣᠨᠣᠱᠢᠯᠠᠨ ᠡᠮᠨᠡᠬᠦ᠌ ᠴᠢᠳᠠᠪᠤᠷᠢ᠎ᠲᠠᠶ ᠡᠮᠴᠢᠯᠡᠭᠡᠨ᠎ᠦ ᠪᠠᠢᠭᠤᠯᠤᠮᠵᠢ᠎ᠳᠤ ᠱᠢᠯᠵᠢᠭᠦᠯᠦᠨ ᠬᠦᠷᠭᠡᠵᠦ᠍ ᠡᠮᠨᠡᠨ ᠵᠠᠰᠠᠭᠤᠯᠤᠨ᠎ᠠ᠃ ᠡᠯ᠎ᠡ ᠱᠠᠲᠤᠨ᠎ᠤ ᠡᠯ᠎ᠡ ᠲᠥᠷᠥᠯ᠎ᠦᠨ ᠡᠮᠴᠢᠯᠡᠭᠡᠨ᠎ᠦ ᠪᠠᠢᠭᠤᠯᠤᠮᠵᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠤᠶᠤ ᠪᠥᠭᠡᠮ ᠬᠦᠴᠢᠯ᠎ᠦᠨ ᠪᠠᠢᠴᠠᠭᠠᠯᠲᠡ᠎ᠶ᠋ᠢᠨ ᠦᠷ᠎ᠡ ᠳ᠋ᠦᠩ ᠥᠬᠡᠶ ᠭᠡᠳᠡᠭ᠎ᠢᠶᠡᠷ ᠱᠢᠯᠲᠠᠭ ᠪᠣᠯᠭᠠᠵᠤ ᠣᠨᠣᠱᠢᠯᠠᠨ ᠡᠮᠴᠢᠯᠡᠬᠦ᠎ᠶ᠋ᠢ ᠲᠡᠪᠴᠢᠵᠦ᠍ ᠪᠣᠯᠬᠤ ᠥᠬᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃