2022-10-30 20:20:02
ᠣᠢᠯᠠᠭᠠᠭ᠍ᠰᠠᠨ᠎ᠢᠶᠠᠷ᠂ ᠦᠢᠷ᠎ᠠ ᠳᠦ ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠨᠡᠢᠭᠡᠮ᠎ᠦᠨ ᠳᠠᠭᠠᠳᠭᠠᠯ᠎ᠤᠨ ᠲᠤᠬᠠᠢᠯᠠᠭ᠍ᠰᠠᠨ ᠠᠵᠢᠯ᠎ᠢ ᠨᠡᠢᠳᠡᠮ ᠰᠦᠯᠵᠢᠶᠡᠨ ᠳᠡᠭᠡᠷ᠎ᠡ ᠭᠦᠶ᠋ᠴᠡᠳᠭᠡᠵᠦ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠦᠶ᠋ᠯᠡᠴᠢᠯᠡᠭᠡ ᠰᠠᠭᠠᠳᠠᠯ ᠥᠬᠡᠶ ᠪᠠᠢᠬᠤ᠎ᠶ᠋ᠢ ᠪᠠᠲᠤᠯᠠᠪᠠ᠃
ᠬᠢᠵᠢᠭ᠎ᠦᠨ ᠬᠤᠭᠤᠴᠠᠭᠠᠨ᠎ᠳᠦ᠂ ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠨᠡᠢᠭᠡᠮ᠎ᠦᠨ ᠳᠠᠭᠠᠳᠭᠠᠯ᠎ᠳᠦ ᠤᠷᠤᠯᠴᠠᠭᠰᠠᠳ᠎ᠤᠨ ᠲᠤᠬᠠᠢᠯᠠᠭ᠍ᠰᠠᠨ ᠠᠵᠢᠯ᠎ᠢ ᠭᠦᠶ᠋ᠴᠡᠳᠭᠡᠬᠦ᠌ ᠬᠤᠭᠤᠴᠠᠭ᠎ᠠ᠎ᠶ᠋ᠢ ᠤᠷᠲᠤᠳᠭᠠᠬᠤ᠎ᠶ᠋ᠢᠨ ᠬᠠᠮᠲᠤ ᠣᠯᠠᠨ ᠲᠦᠮᠡᠨ᠎ᠳᠦ ᠬᠠᠨᠳᠤᠭᠤᠯᠤᠨ ᠲᠤᠰᠭᠠᠶ ᠢᠮᠸᠯ ᠨᠡᠭᠡᠭᠡᠵᠦ᠍ ᠬᠡᠷᠡᠭ᠌ᠴᠡᠭᠡ ᠱᠠᠭᠠᠷᠳᠠᠯᠭ᠎ᠠ ᠵᠢ ᠨᠢ ᠬᠦᠯᠢᠶᠡᠨ ᠠᠪᠴᠦ᠂ ᠠᠵᠢᠯᠲᠠᠳ᠎ᠲᠤ VPN ᠨᠡᠪᠳᠡᠷᠡᠬᠦᠯᠵᠤ ᠬᠡᠷ᠎ᠲᠡᠬᠡᠨ ᠠᠵᠢᠯᠯᠠᠬᠤ᠎ᠶ᠋ᠢ ᠨᠢ ᠪᠠᠳᠤᠯᠠᠵᠤ᠂ ᠲᠤᠬᠠᠢᠯᠠᠭ᠍ᠰᠠᠨ ᠠᠵᠢᠯ᠎ᠢ ᠰᠦᠯᠵᠢᠶᠡᠨ ᠳᠡᠭᠡᠷ᠎ᠡ ᠭᠦᠶ᠋ᠴᠡᠳᠭᠡᠬᠰᠡᠨ ᠪᠠᠢᠨ᠎ᠠ᠃ ᠬᠢᠵᠢᠭ᠎ᠦᠨ ᠪᠠᠢᠳᠠᠯ ᠭᠠᠷᠤᠭ᠍ᠰᠠᠨ᠎ᠠᠴᠠ ᠨᠠᠭᠠᠰᠢ ᠨᠡᠢ᠌ᠳᠡ 1133 ᠵᠠᠬᠢᠳᠠᠯ᠎ᠢ ᠬᠦᠯᠢᠶᠠᠨ ᠠᠪᠴᠤ᠌᠂ ᠰᠦᠯᠵᠢᠶᠡᠨ ᠳᠡᠭᠡᠷ᠎ᠡ 11000 ᠭᠠᠷᠤᠢ ᠬᠤᠪᠢ ᠨᠡᠢᠭᠡᠮ ᠦᠨ ᠳᠠᠭᠠᠳᠭᠠᠯ᠎ᠤᠨ ᠲᠤᠬᠠᠢᠯᠠᠭ᠍ᠰᠠᠨ ᠠᠵᠢᠯ᠎ᠢ ᠭᠦᠢᠴᠡᠳᠭᠡᠵᠦ᠍᠂ ᠪᠦᠬᠦ᠌ ᠬᠤᠳᠠ᠎ᠶ᠋ᠢᠨ 3.3 ᠲᠦᠮᠡᠨ ᠳᠠᠭᠠᠳᠭᠠᠯ᠎ᠳᠤ ᠣᠷᠣᠯᠴᠠᠭ᠍ᠰᠠᠨ ᠨᠢᠭᠡᠴᠢ ᠵᠢᠨ90 ᠲᠦᠮᠡ ᠱᠢᠬᠠᠮ ᠬᠤᠳᠠ᠎ᠶ᠋ᠢᠨ ᠠᠷᠠᠳ᠎ᠲᠤ ᠳᠤᠰᠠ ᠬᠦᠷᠭᠡᠵᠠᠢ᠃ ᠡᠭᠦᠨ᠎ᠦ ᠬᠠᠮᠲᠤ᠂ ᠨᠡᠢᠭᠡᠮ᠎ᠦᠨ ᠳᠠᠭᠠᠳᠭᠠᠯ᠎ᠤᠨ ᠰᠦᠶ᠋ᠳᠭᠡᠯ᠎ᠢ ᠬᠣᠢᠱᠢᠯᠠᠭᠤᠯᠤᠨ ᠲᠤᠱᠢᠶᠠᠬᠤ ᠲᠥᠷᠥ᠎ᠶ᠋ᠢᠨ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠱᠠᠭᠠᠷᠳᠠᠯᠭ᠎ᠠ ᠶᠣᠰᠣᠭᠠᠷ᠂ ᠬᠣᠢᠱᠢᠯᠠᠭᠤᠯᠤᠨ ᠲᠤᠱᠢᠶᠠᠬᠤ ᠬᠦᠷᠢᠶ᠎ᠡ ᠬᠡᠪᠴᠢᠶ᠎ᠡ᠎ᠶ᠋ᠢ ᠥᠷᠭᠡᠳᠭᠡᠨ᠂ ᠲᠠᠰ ᠳᠠᠷᠠᠭᠠᠯᠠᠯ᠎ᠢ ᠳᠥᠭᠥᠮᠴᠢᠯᠡᠪᠡ᠃ 2022 ᠣᠨ᠎ᠠᠴᠠ ᠨᠠᠭᠠᠰᠢ ᠨᠡᠢᠲᠡ 837 ᠬᠤᠪᠢ ᠬᠣᠢᠱᠢᠯᠠᠭᠤᠯᠤᠨ ᠲᠤᠱᠢᠶᠠᠵᠤ᠂ 12.38 ᠲᠦᠮᠡᠨ ᠬᠥᠮᠦᠨ᠎ᠳᠦ ᠳᠤᠰᠠ ᠬᠦᠷᠬᠡᠵᠦ᠂ ᠬᠣᠯᠪᠣᠭ᠍ᠳᠠᠭ᠍ᠰᠠᠨ ᠵᠣᠭᠣᠰ᠎ᠤᠨ ᠲᠣᠭ᠎ᠠ᠎ᠨᠢ ᠨᠡᠢᠲᠡ 10088.44 ᠲᠦᠮᠡᠨ ᠲᠥᠭᠥᠷᠢᠭ᠎ᠲᠦ ᠬᠦᠷᠴᠡᠶ᠃ ᠬᠢᠵᠢᠭ᠎ᠦᠨ ᠪᠠᠢᠳᠠᠯ᠎ᠠᠴᠠ ᠨᠠᠭᠠᠰᠢ 180 ᠠᠵᠤ ᠠᠬᠤᠢᠯᠠᠯ ᠨᠢᠭᠡᠴᠢ᠎ᠶ᠋ᠢᠨ ᠬᠣᠢᠱᠢᠯᠠᠭᠤᠯᠤᠨ ᠲᠤᠱᠢᠶᠠᠬᠤ ᠭᠤᠶᠤᠴᠢᠯᠠᠯ᠎ᠢ ᠬᠦᠯᠢᠶᠡᠨ ᠠᠪᠴᠤ᠌᠂ 2000 ᠠᠵᠢᠯᠳᠠᠨ ᠠᠵᠢᠯᠴᠢᠨ᠎ᠳᠤ ᠳᠤᠰᠠ ᠬᠦᠷᠬᠡᠵᠦ᠂ ᠬᠣᠯᠪᠣᠭ᠍ᠳᠠᠭ᠍ᠰᠠᠨ ᠵᠣᠭᠣᠰ᠎ᠤᠨ ᠲᠣᠭ᠎ᠠ ᠨᠢ 541 ᠲᠦᠮᠡᠨ ᠲᠥᠭᠥᠷᠢᠭ᠎ᠲᠦ ᠬᠦᠷᠴᠦ᠍᠂ ᠠᠵᠤ ᠠᠬᠤᠢᠯᠠᠯ᠎ᠤᠨ ᠬᠦᠴᠢᠷᠳᠡᠯ᠎ᠢ ᠱᠢᠢᠳᠪᠦᠷᠢᠯᠡᠵᠦ᠍᠂ ᠳᠠᠷᠤᠭᠠᠰᠤ᠎ᠶ᠋ᠢ ᠬᠥᠩᠭᠡᠷᠡᠭᠦᠯᠪᠡ᠃
ᠡᠭᠦᠨ᠎ᠡᠴᠡ ᠭᠠᠳᠠᠨ᠎ᠠ᠂ ᠨᠡᠢᠭᠡᠮ᠎ᠦᠨ ᠳᠠᠭᠠᠳᠭᠠᠯ᠎ᠤᠨ ᠰᠦᠶ᠋ᠳᠭᠡᠯ᠎ᠦᠨ ᠨᠣᠷᠮ᠎ᠠ᠎ᠶ᠋ᠢ ᠱᠠᠲᠤᠴᠢ ᠴᠢᠨᠠᠷᠲᠠᠶ᠎ᠪᠠᠷ ᠪᠠᠭᠤᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ ᠣᠲᠣ ᠨᠢᠭᠡᠨᠲᠡ ᠨᠡᠢᠭᠡᠮ᠎ᠦᠨ ᠳᠠᠭᠠᠳᠭᠠᠯ᠎ᠤᠨ ᠭᠠᠷᠲᠠᠨ ᠭᠦᠶ᠋ᠴᠡᠳᠭᠡᠬᠦ᠌ ᠱᠢᠰᠲ᠋ᠧᠮ᠎ᠢᠶᠡᠷ ᠳᠠᠮᠵᠢᠭᠤᠯᠤᠨ ᠰᠦᠶ᠋ᠳᠭᠡᠯ᠎ᠦᠨ ᠨᠣᠷᠮ᠎ᠠ᠎ᠶ᠋ᠢ ᠪᠦᠬᠦᠨ᠎ᠢ ᠲᠣᠬᠢᠷᠠᠭᠤᠯᠵᠤ ᠳᠠᠭᠤᠰᠭᠠᠪᠠ᠂ ᠠᠵᠤ ᠠᠬᠤᠢᠯᠠᠯ ᠭᠤᠶᠤᠴᠢᠯᠠᠨ ᠭᠦᠶ᠋ᠴᠡᠳᠭᠡᠬᠦ᠌ ᠴᠢᠬᠤᠯᠠ ᠥᠬᠡᠶ᠂ ᠮᠡᠳᠡᠭᠦᠯᠦᠭᠰᠡᠨ ᠳᠠᠷᠤᠢᠳᠤᠨᠢ ᠵᠦᠪᠰᠢᠶᠡᠷᠡᠨ᠎ᠠ᠃ ᠣᠳᠣᠬᠠᠨ ᠪᠣᠯᠲᠠᠯ᠎ᠠ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠰᠦᠶ᠋ᠳᠭᠡᠯ᠎ᠦᠨ ᠨᠣᠷᠮ᠎ᠠ᠎ᠶ᠋ᠢ ᠱᠠᠲᠤᠴᠢ ᠴᠢᠨᠠᠷᠲᠠᠶ᠎ᠪᠠᠷ ᠪᠠᠭᠤᠷᠠᠭᠤᠯᠵᠤ ᠠᠵᠤ ᠠᠬᠤᠢᠯᠠᠯ᠎ᠤᠨ ᠳᠠᠷᠤᠭᠠᠰᠤ᠎ᠶ᠋ᠢ 56164.9 ᠲᠦᠮᠡᠨ ᠲᠥᠭᠥᠷᠢᠭ ᠬᠥᠩᠭᠡᠷᠡᠭᠦᠯᠵᠦ᠍᠂ ᠠᠵᠢᠯ᠎ᠠᠴᠠ ᠪᠣᠯᠤᠭ᠍ᠰᠠᠨ ᠭᠡᠮᠲᠦᠯ᠎ᠦᠨ ᠳᠠᠭᠠᠳᠭᠠᠯ᠎ᠤᠨ ᠰᠦᠶ᠋ᠳᠭᠡᠯ᠎ᠦᠨ ᠨᠣᠷᠮ᠎ᠠ᠎ᠶ᠋ᠢ ᠱᠠᠲᠤᠴᠢ ᠴᠢᠨᠠᠷᠲᠠᠶ ᠪᠠᠭᠤᠷᠠᠭᠤᠯᠵᠤ ᠠᠵᠤ ᠠᠬᠤᠢᠯᠠᠯ᠎ᠤᠨ ᠳᠠᠷᠤᠭᠠᠰᠤ᠎ᠶ᠋ᠢ 7628 ᠲᠦᠮᠡᠨ ᠲᠥᠭᠥᠷᠢᠭ ᠬᠥᠩᠭᠡᠷᠡᠭᠦᠯᠵᠦ᠍᠂ ᠨᠠᠰᠤᠵᠢᠯ᠎ᠤᠨ ᠳᠠᠭᠠᠳᠭᠠᠯ᠎ᠤᠨ ᠰᠦᠶ᠋ᠳᠭᠡᠯ᠎ᠢ ᠪᠠᠭᠤᠷᠠᠭᠤᠯᠤᠭ᠍ᠰᠠᠨ ᠨᠣᠷᠮ᠎ᠠ ᠨᠢ ᠠᠵᠤ ᠠᠬᠤᠢᠯᠠᠯ᠎ᠤᠨ ᠳᠠᠷᠤᠭᠠᠰᠤ᠎ᠶ᠋ᠢ 89620.8 ᠲᠦᠮᠡᠨ ᠲᠥᠭᠥᠷᠢᠭ ᠬᠥᠩᠭᠡᠷᠡᠭᠦᠯᠪᠡ᠃
ᠬᠢᠵᠢᠭ᠎ᠦᠨ ᠪᠠᠢᠳᠠᠯ ᠭᠠᠷᠤᠭ᠍ᠰᠠᠨ ᠡᠴᠡ ᠨᠠᠭᠠᠰᠢ᠂ ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠵᠢᠨ ᠬᠢᠨ ᠨᠢᠭᠡ ᠲᠠᠯ᠎ᠠ᠎ᠪᠠᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠮᠦᠨ᠎ᠡ ᠹᠷᠣᠨᠲ᠎ᠲᠤ ᠢᠳᠡᠪᠬᠢᠲᠡᠶ ᠣᠷᠣᠯᠴᠠᠵᠤ᠂ ᠬᠢᠵᠢᠭ᠎ᠲᠡᠶ ᠲᠡᠮᠡᠴᠡᠬᠦ᠌᠎ᠳᠦ ᠬᠦᠴᠦᠨ ᠴᠢᠳᠠᠯ᠎ᠢᠶᠠᠨ ᠡᠷᠭᠦᠪᠡ; ᠨᠥᠭᠥᠭᠡ ᠲᠠᠯ᠎ᠠ᠎ᠪᠠᠷ ᠠᠵᠢᠯᠲᠠᠨ᠎ᠤ ᠬᠡᠷ᠎ᠲᠡᠬᠡᠨ ᠠᠵᠢᠯᠯᠠᠬᠤ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢ ᠡᠮᠬᠢ ᠵᠢᠷᠤᠮ᠎ᠲᠠᠶ ᠵᠣᠬᠢᠶᠠᠨ ᠪᠠᠢᠭᠤᠯᠵᠤ᠂ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠬᠦᠴᠦᠯᠡᠨ ᠱᠢᠶ᠋ᠳᠪᠦᠷᠢᠯᠡᠵᠦ᠍᠂ ᠠᠷᠠᠳ ᠲᠦᠮᠡᠨ᠎ᠳᠦ ᠦᠶ᠋ᠯᠡᠴᠢᠯᠡᠬᠦ᠌᠎ᠶ᠋ᠢ ᠦᠨᠡᠨ ᠬᠦ᠌ ᠪᠡᠶᠡᠯᠡᠭᠦᠯᠪᠡ᠃
ᠢᠷᠡᠯᠳᠡ᠄ ᠳᠠᠯ᠎ᠠ ᠨᠤᠳᠤᠭ ᠪᠦᠷᠢᠨ ᠵᠠᠭᠤᠴᠢᠯᠠᠭᠤᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃