ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-10-29 20:09:28

ᠵᠣᠬᠢᠶᠠᠭ᠍ᠴᠢ᠄ ᠵᠧᠩ ᠱᠢᠤᠸᠠᠢ ᠯᠢᠶᠠᠩ ᠂ ᠸᠠᠩ ᠶᠠ ᠵᠢᠩ ᠂ ᠮᠠ ᠵᠢᠶᠦ᠋ᠨ ᡂᠢ ᠣᠩᠱᠢᠭ᠍ᠰᠠᠨ ᠣᠳᠠᠭ᠎ᠠ᠄ 3

10 ᠰᠠᠷ᠎ᠠ᠎ᠶ᠋ᠢᠨ 29᠎ᠤ ᠡᠳᠦᠷ ᠬᠤᠷᠠᠯᠳᠤᠭᠤᠯᠤᠭ᠍ᠰᠠᠨ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ( 63 ᠳ᠋ᠤᠭᠠᠷ ᠲᠠᠯᠠᠪᠠᠶ ) ᠎ᠡᠴᠠ ᠣᠢᠯᠠᠭᠠᠭ᠍ᠰᠠᠨ᠎ᠢᠶᠠᠷ᠂ ᠬᠥᠬᠡᠬᠣᠲᠠ 27 ᠎ᠤ ᠡᠳᠦᠷ ᠪᠠ 28 ᠎ᠤ ᠡᠳᠦᠷ ᠬᠣᠶᠠᠳᠤᠭᠠᠷ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ ᠬᠢᠪᠠ᠃ ᠪᠠᠢᠴᠠᠭᠠᠭᠰᠠᠨ ᠪᠠᠢᠳᠠᠯ᠎ᠠᠴᠠ ᠦᠵᠡᠪᠡᠯ᠂ ᠨᠡᠢᠭᠡᠮ᠎ᠳᠡᠭᠡᠷ᠎ᠠ ᠡᠴᠡ ᠪᠠᠢᠴᠠᠭᠠᠵᠤ ᠭᠠᠷᠭᠠᠭ᠍ᠰᠠᠨ ᠬᠠᠷᠢᠴᠠᠯ ᠠᠯᠬᠤᠮ ᠠᠯᠬᠤᠮ᠎ᠢᠶᠠᠷ ᠪᠠᠭᠠᠰᠴᠤ᠌᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠭ᠌ᠰᠡᠨ ᠦᠷ᠎ᠡ ᠪᠦᠲᠦᠮᠵᠢ ᠤᠯᠠᠮ ᠨᠢᠭᠡ ᠠᠯᠬᠤᠮ ᠮᠡᠳᠡᠭᠳᠡᠵᠦ ᠪᠠᠢᠨ᠎ᠠ᠃ ᠲᠠᠷᠠᠭᠠᠴᠢ᠎ᠶ᠋ᠢᠨ ᠡᠭᠡᠯᠵᠢ᠎ᠶ᠋ᠢᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠯᠠᠪᠳᠠᠭᠤᠨ ᠪᠠᠲᠤᠲᠠᠶ ᠥᠨᠳᠥᠷ ᠪᠦᠲᠦᠮᠵᠢᠲᠡᠶ ᠰᠠᠢᠲᠤᠷ ᠪᠡᠶᠡᠯᠡᠭᠦᠯᠬᠦ᠌᠎ᠶ᠋ᠢ ᠪᠠᠲᠤᠯᠠᠬᠤ᠎ᠶ᠋ᠢᠨ ᠲᠥᠯᠥᠭᠡ᠂ 10 ᠰᠠᠷ᠎ᠠ᠎ᠶ᠋ᠢᠨ 29 ᠎ᠦ ᠡᠳᠦᠷ ᠲᠤᠰᠠᠭᠠᠷᠯᠠᠬᠤ ᠴᠡᠭ᠂ ᠭᠤᠤᠯᠳᠠᠯᠭ᠎ᠠ᠎ᠲᠠᠶ ᠬᠥᠮᠦᠰ᠂ ᠦᠨᠳᠦᠷ ᠲᠦᠭ᠌ᠰᠢᠭᠦᠷᠢᠲᠡᠶ ᠣᠷᠣᠨ᠎ᠢ ᠭᠠᠷᠭᠠᠪᠠᠯ᠂ ᠪᠤᠰᠤᠳ ᠣᠷᠣᠨ ᠪᠦᠰᠡ᠎ᠳᠦ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠲᠦᠷ ᠥᠷᠨᠢᠭᠦᠯᠬᠦ᠌ ᠥᠬᠡᠶ᠃

ᠬᠢᠵᠢᠭ ᠎ᠦᠨ ᠪᠠᠢᠳᠠᠯ ᠎ᠤᠨ ᠬᠤᠪᠢᠷᠠᠯᠲᠠ ᠎ᠶ᠋ᠢ ᠦᠨᠳᠦᠰᠦᠯᠡᠨ᠂ ᠬᠥᠬᠡᠬᠣᠲᠠ᠎ᠶ᠋ᠢᠨ᠎ᠬᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠦᠭ᠌ᠰᠢᠭᠦᠷᠢᠳᠠᠢ ᠣᠷᠣᠨ ᠪᠦᠰᠡ᠎ᠳᠦ ᠬᠥᠳᠡᠯᠦᠩᠭᠦᠶ ᠲᠣᠬᠢᠷᠠᠭᠤᠯᠤᠯᠲᠠ ᠬᠢᠪᠠ᠃ 29᠎ᠦ ᠡᠳᠦᠷ᠎ᠡᠴᠡ ᠡᠬᠢᠯᠡᠨ᠂ ᠬᠥᠬᠡᠬᠣᠲᠠ᠎ᠳᠤ ᠦᠨᠳᠦᠷ ᠲᠦᠭ᠌ᠰᠢᠭᠦᠷᠢᠲᠡᠶ 10 ᠣᠷᠣᠨ᠎ᠢ ᠱᠢᠨ᠎ᠡ᠎ᠪᠡᠷ ᠨᠡᠮᠡᠭ᠌ᠳᠡᠭᠦᠯᠵᠦ᠍᠂ ᠦᠨᠳᠦᠷ ᠲᠦᠭ᠌ᠰᠢᠭᠦᠷᠢᠲᠡᠶ 10 ᠣᠷᠣᠨ᠎ᠢ ᠳᠤᠮᠳᠠ ᠲᠦᠭ᠌ᠰᠢᠭᠦᠷᠢᠳᠠᠢ ᠣᠷᠣᠨ ᠪᠣᠯᠭᠠᠨ ᠪᠠᠭᠤᠷᠠᠭᠤᠯᠵᠤ᠂ ᠳᠤᠮᠳᠠ ᠲᠦᠭ᠌ᠰᠢᠭᠦᠷᠢᠳᠠᠢ 6 ᠣᠷᠣᠨ᠎ᠢ ᠳᠤᠤᠷ᠎ᠠ ᠲᠦᠭ᠌ᠰᠢᠭᠦᠷᠢᠳᠠᠢ ᠣᠷᠣᠨ ᠪᠣᠯᠭᠠᠨ ᠪᠠᠭᠤᠷᠠᠭᠤᠯᠵᠤ᠂ ᠲᠣᠬᠢᠷᠠᠭᠤᠯᠤᠯᠲᠠ ᠬᠢᠵᠦ᠍ ᠪᠠᠭᠤᠷᠠᠭᠤᠯᠤᠭ᠍ᠰᠠᠨ ᠳᠤᠮᠳᠠ ᠲᠦᠭ᠌ᠰᠢᠭᠦᠷᠢᠳᠠᠢ 1 ᠣᠷᠣᠨ᠎ᠢ ᠣᠲᠣ᠎ᠶ᠋ᠢᠨ ᠪᠠᠢᠭ᠎ᠠ ᠳᠤᠮᠳᠠ ᠲᠦᠭ᠌ᠰᠢᠭᠦᠷᠢᠳᠠᠢ ᠣᠷᠣᠨ᠎ᠲᠠᠶ ᠨᠡᠢᠯᠡᠭᠦᠯᠦᠨ᠎ᠡ᠃ ᠲᠣᠬᠢᠷᠠᠭᠤᠯᠤᠯᠲᠠ ᠬᠢᠭ᠌ᠰᠡᠨ᠎ᠦ ᠳᠠᠷᠠᠭ᠎ᠠ ᠬᠥᠬᠡᠬᠣᠲᠠ᠎ᠳᠤ ᠣᠲᠣ ᠥᠨᠳᠥᠷ ᠲᠦᠭ᠌ᠰᠢᠭᠦᠷᠢᠲᠠᠢ ᠣᠷᠣᠨ 268᠂ ᠳᠤᠮᠳᠠ ᠲᠦᠭ᠌ᠰᠢᠭᠦᠷᠢᠲᠠᠢ ᠣᠷᠣᠨ 206 ᠪᠠᠢᠨ᠎ᠠ᠃


微信图片_20221029161527.png


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面