ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-10-30 11:30:38

ᠵᠣᠬᠢᠶᠠᠭ᠍ᠴᠢ᠄ ​ᠪᠠᠢ ᠰᠡᠴᠡᠨ ᠣᠩᠱᠢᠭ᠍ᠰᠠᠨ ᠣᠳᠠᠭ᠎ᠠ᠄ 3

ᠬᠦᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ ᠬᠦᠴᠢᠷᠳᠡᠯᠲᠡᠶ ᠣᠯᠠᠨ ᠲᠦᠮᠡᠨ ᠪᠠ ᠬᠢᠵᠢᠭ᠎ᠦᠨ ᠨᠥᠯᠥᠭᠡ᠎ᠡᠴᠡ ᠪᠣᠯᠵᠣ ᠬᠦᠴᠢᠷᠳᠡᠯ᠎ᠳᠦ ᠲᠤᠯᠭᠠᠷᠠᠭ᠍ᠰᠠᠨ ᠬᠥᠮᠦᠰ᠎ᠦᠨ ᠦᠨᠳᠦᠰᠦᠨ ᠠᠮᠢᠳᠤᠷᠠᠯ᠎ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ᠂ ᠬᠦᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ 《ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠭᠠᠮᠱᠢᠭ᠍ᠳᠠᠭ᠍ᠰᠠᠨ ᠣᠯᠠᠨ ᠲᠦᠮᠡᠨ᠎ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠬᠢᠬᠦ᠌ ᠲᠤᠬᠠᠶ ᠪᠠᠴᠢᠮ ᠪᠠᠢᠳᠠᠯ᠎ᠢ ᠠᠷᠭᠠᠴᠠᠭᠠᠬᠤ ᠲᠥᠰᠦᠯ》 ᠎ᠢ ᠬᠡᠷᠡᠭᠵᠢᠬᠦᠯᠵᠤ᠂ ᠡᠯ᠎ᠡ ᠬᠣᠱᠢᠭᠤ ᠱᠢᠶᠠᠨ ᠲᠣᠭᠣᠷᠢᠭ᠎ᠦᠨ ᠬᠢᠨ ᠳᠠᠷᠤᠶ ᠲᠦᠷᠭᠡᠨ ᠴᠤᠤᠷᠢᠶᠠᠲᠤᠨ ᠳᠠᠭᠠᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠨ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠬᠡᠷᠡᠭ᠌ᠯᠡᠵᠦ᠂ ᠬᠦᠴᠢᠷᠳᠡᠯᠲᠡᠶ ᠤᠯᠠᠨ ᠲᠦᠮᠡᠨ ᠳ᠋ᠤ ᠲᠤᠰᠠᠯᠠᠵᠤ ᠦᠨᠳᠦᠰᠦᠨ ᠠᠮᠢᠳᠤᠷᠠᠯ᠎ᠢ ᠨᠢ ᠪᠠᠳᠤᠯᠠᠵᠦ ᠪᠠᠢᠨ᠎ᠠ᠃

ᠣᠢᠯᠠᠭᠠᠭ᠍ᠰᠠᠨ᠎ᠢᠶᠠᠷ᠂ ᠬᠢᠵᠢᠭ᠎ᠦᠨ ᠪᠠᠢᠳᠠᠯ ᠡᠬᠦᠰᠦᠭᠰᠡᠨ᠎ᠠᠴᠠ ᠨᠠᠭᠠᠰᠢ᠂ ᠬᠦᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ ᠨᠡᠢᠭᠡᠮ᠎ᠦᠨ ᠠᠪᠤᠷᠠᠨ ᠲᠤᠰᠠᠯᠠᠬᠤ ᠠᠵᠢᠯ᠎ᠢ ᠴᠢᠨᠭᠭ᠎ᠠ ᠠᠳᠭᠤᠵᠤ᠂ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ᠌ ᠮᠥᠩᠭᠥ᠌ ᠵᠡᠷᠭᠡ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠮᠥᠩᠭᠥ᠎ᠶ᠋ᠢ ᠴᠠᠭ ᠲᠤᠬᠠᠶ᠎ᠳᠤᠨᠢ ᠲᠣᠭ᠎ᠠ ᠶᠣᠰᠣᠭᠠᠷ ᠨᠢ ᠣᠯᠭᠣᠵᠤ᠂ ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠤ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ ᠨᠥᠯᠥᠭᠡᠯᠡᠭ᠌ᠳᠡᠬᠦ᠌ ᠥᠬᠡᠶ ᠪᠠᠢᠬᠤ᠎ᠶ᠋ᠢ ᠦᠨᠡᠨ ᠬᠦ᠌ ᠪᠠᠲᠤᠯᠠᠪᠠ᠃ 《ᠣᠨᠴᠠᠭᠠᠢ ᠶᠠᠪᠤᠳᠠᠯ᠎ᠢ ᠣᠨᠴᠠᠭᠠᠢ ᠱᠢᠢᠳᠪᠦᠷᠢᠯᠡᠵᠦ᠍᠂ ᠪᠠᠴᠢᠮ ᠶᠠᠪᠤᠳᠠᠯ᠎ᠢ ᠲᠦᠷᠭᠡᠨ ᠱᠢᠢᠳᠪᠦᠷᠢᠯᠡᠬᠦ᠌》 ᠵᠠᠷᠴᠢᠮ ᠶᠣᠰᠣᠭᠠᠷ᠂ ᠠᠵᠢᠯ᠎ᠤᠨ ᠳᠡᠰ ᠳᠠᠷᠠᠭᠠᠯᠠᠯ᠎ᠢᠶᠠᠨ ᠱᠢᠯᠢᠳᠡᠭ᠌ᠵᠢᠭᠦᠯᠵᠦ᠍᠂ ᠬᠦᠴᠢᠷᠳᠡᠯᠲᠡᠢ ᠣᠯᠠᠨ ᠲᠦᠮᠡᠨ᠎ᠤ ᠲᠤᠰᠠᠯᠠᠮᠵᠢ ᠬᠦᠰᠡᠭᠰᠡᠨ ᠭᠤᠶᠤᠴᠢᠯᠠᠯ᠎ᠢ ᠴᠠᠭ ᠲᠤᠬᠠᠢ ᠳ᠋ᠤᠨᠢ ᠬᠦᠯᠢᠶᠡᠨ ᠠᠪᠴᠤ᠌᠂ ᠴᠠᠭ ᠲᠤᠬᠠᠢ᠎ᠳᠤᠨᠢ ᠠᠪᠤᠷᠠᠨ ᠲᠤᠰᠠᠯᠠᠬᠤ᠎ᠶ᠋ᠢ ᠬᠢᠨᠠᠨ ᠵᠥᠪᠱᠢᠶᠡᠷᠡᠵᠦ᠍᠂ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠮᠥᠩᠭᠥ᠌ ᠵᠢ 6.85 ᠳ᠋ᠦᠩᠱᠢᠭᠤᠷ ᠲᠥᠭᠥᠷᠢᠭ᠂ ᠣᠨᠴᠠ ᠬᠦᠴᠢᠷᠳᠡᠯᠲᠡᠢ ᠬᠥᠮᠦᠰ᠎ᠢ ᠠᠰᠠᠷᠠᠨ ᠲᠡᠵᠢᠭᠡᠬᠦ᠌ ᠮᠥᠩᠭᠥ᠌ ᠵᠢ 6098.44 ᠲᠦᠮᠡᠨ ᠲᠥᠭᠥᠷᠢᠭ ᠲᠠᠷᠬᠠᠭᠠᠪᠠ᠃

ᠬᠦᠴᠢᠷᠳᠡᠯᠲᠡᠶ ᠬᠥᠮᠦᠰ᠎ᠢ ᠰᠠᠨᠠᠭᠠᠴᠢᠯᠠᠭ᠎ᠠ᠎ᠠᠴᠠ᠎ᠪᠠᠨ ᠠᠪᠤᠷᠠᠨ ᠲᠤᠰᠠᠯᠠᠬᠤ᠎ᠶ᠋ᠢᠨ ᠲᠥᠯᠥᠭᠡ᠂ ᠬᠦᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠠᠬᠢ ᠲᠦᠷ ᠴᠠᠭ᠎ᠤᠨ ᠠᠪᠤᠷᠠᠨ ᠲᠤᠰᠠᠯᠠᠬᠤ ᠠᠵᠢᠯᠯᠠᠭ᠎ᠠ᠎ᠳᠤ ᠡᠳᠦᠷ᠎ᠪᠦᠷᠢ ᠲᠣᠬᠢᠷᠠᠭᠤᠯᠤᠯᠲᠠ ᠬᠢᠵᠦ᠍᠂ ᠡᠯ᠎ᠡ ᠬᠣᠱᠢᠭᠤ ᠱᠢᠶᠠᠨ ᠲᠣᠭᠣᠷᠢᠭ᠎ᠤᠨ᠎ᠬᠢᠨ ᠭᠠᠷ ᠤᠲᠠᠰᠤ᠂ ᠰᠢᠯᠵᠢᠶ᠎ᠠ᠂ ᠬᠡᠷ᠎ᠲᠦᠨᠢ ᠬᠦᠷᠴᠦ᠍ ᠰᠤᠷᠪᠤᠯᠵᠢᠯᠠᠯ ᠬᠢᠬᠦ ᠵᠡᠷᠭᠡ ᠣᠯᠠᠨ ᠵᠦᠶ᠋ᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠭᠤᠤᠯᠳᠠᠯᠭ᠎ᠠ᠎ᠲᠠᠶ ᠬᠠᠮᠢᠶᠠᠷᠤᠨ ᠡᠵᠡᠮᠳᠡᠬᠦ᠌ ᠣᠷᠣᠨ ᠪᠦᠰᠡ ᠪᠣᠯᠤᠨ ᠳᠤᠮᠳᠠ ᠥᠨᠳᠥᠷ ᠲᠦᠭ᠌ᠰᠢᠭᠦᠷᠢᠲᠡᠶ ᠭᠠᠵᠠᠷ ᠣᠷᠣᠨ᠎ᠤ ᠣᠨᠴᠠᠭᠠᠶ ᠬᠥᠮᠦᠰ᠎ᠦᠨ ᠬᠡᠷ ᠪᠦᠯᠢ᠎ᠶ᠋ᠢᠨ ᠪᠠᠢᠳᠠᠯ᠎ᠢ ᠨᠢᠭᠡᠳ ᠨᠢᠭᠡ᠎ᠪᠡᠷ ᠤᠢᠯᠠᠭᠠᠨ ᠵᠢᠭ᠍ᠰᠠᠭᠠᠨ ᠪᠠᠢᠴᠠᠭᠠᠵᠤ᠂ ᠬᠣᠲᠠ ᠬᠥᠳᠡᠭᠡ᠎ᠶ᠋ᠢᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠭᠥᠷᠳᠡᠭ᠌ᠰᠡᠳ᠂ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ᠍ ᠪᠠᠢᠭ᠎ᠠ ᠬᠥᠮᠦᠰ᠂ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠬᠦᠷᠳᠡᠬᠡᠬᠦ ᠎ᠳᠤ ᠤᠢᠷᠠᠳᠤᠬᠰᠠᠨ ᠬᠡᠷ ᠪᠦᠯᠢ᠂ ᠳᠠᠭᠠᠳᠭᠠᠯ᠎ᠳᠤ ᠣᠷᠣᠯᠴᠠᠭ᠍ᠰᠠᠨ ᠥᠬᠡᠶ ᠠᠵᠢᠯ ᠠᠯᠳᠠᠭ᠍ᠰᠠᠨ ᠬᠥᠯᠥᠰᠥᠨ ᠠᠵᠢᠯᠴᠢᠨ᠂ ᠲᠦᠷ ᠴᠠᠭ ᠬᠦᠴᠢᠷᠳᠡᠯ᠎ᠳᠦ ᠲᠤᠯᠭᠠᠷᠠᠭᠰᠠᠨ ᠭᠠᠳᠠᠨ᠎ᠠ᠎ᠠᠴᠠ ᠢᠷᠡᠭ᠌ᠰᠡᠨ ᠬᠥᠮᠦᠰ ᠵᠡᠷᠭᠡ ᠬᠦᠴᠢᠷᠳᠡᠯᠲᠡᠶ ᠬᠥᠮᠦᠰ᠎ᠦᠨ ᠠᠮᠢᠳᠤᠷᠠᠯ᠎ᠤᠨ ᠪᠠᠢᠳᠠᠯ᠎ᠢ ᠴᠠᠭ ᠲᠤᠬᠠᠶ᠎ᠳᠤᠨᠢ ᠣᠢᠯᠠᠭᠠᠵᠤ᠂ ᠡᠷᠲᠡ ᠢᠯᠡᠷᠡᠭᠦᠯᠵᠤ᠂ ᠡᠷᠳᠠ ᠠᠪᠤᠷᠠᠨ ᠲᠤᠰᠠᠯᠠᠵᠠᠢ᠃

ᠣᠳᠣᠬᠠᠨ᠎ᠪᠤᠯᠳᠠᠯ᠎ᠠ᠂ 1992 ᠬᠦᠴᠢᠷᠳᠡᠯᠲᠡᠶ ᠣᠯᠠᠨ ᠲᠦᠮᠡᠨ᠎ᠢ ᠵᠢᠭ᠍ᠰᠠᠭᠠᠨ ᠪᠠᠢᠴᠠᠭᠠᠵᠤ᠂ 100 ᠭᠠᠷᠤᠶ ᠬᠥᠮᠦᠨ (ᠤᠳᠠᠭ᠎ᠠ) ᠳ᠋ᠤ ᠠᠮᠤ ᠪᠤᠳᠠᠭ᠎ᠠ ᠭᠤᠯᠢᠷ ᠲᠣᠰᠣ ᠵᠡᠷᠭᠡ ᠲᠦᠷ ᠴᠠᠭ᠎ᠤᠨ ᠠᠮᠢᠳᠤᠷᠠᠯ᠎ᠤᠨ ᠡᠳ᠋ ᠪᠣᠳᠠᠰ ᠬᠦᠷᠭᠡᠵᠦ᠂ 420 ᠬᠥᠮᠦᠨ (ᠤᠳᠠᠭ᠎ᠠ) ᠳ᠋ᠤ ᠨᠡᠢᠲᠡ 15.75 ᠲᠦᠮᠡᠨ ᠲᠥᠭᠥᠷᠢᠭ᠎ᠤᠨ ᠲᠦᠷ ᠴᠠᠭ᠎ᠤᠨ ᠠᠪᠤᠷᠠᠨ ᠲᠤᠰᠠᠯᠠᠬᠤ ᠪᠠᠯᠠ ᠮᠥᠩᠭᠥ ᠲᠠᠷᠬᠠᠭᠠᠪᠠ᠃

ᠬᠦᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠥᠬᠥ᠌ ᠬᠣᠲᠠ᠎ᠶ᠋ᠢᠨ ᠬᠡᠪᠴᠢᠶᠡᠨ᠎ᠳᠦ ᠪᠠᠰᠠ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠭᠥᠷᠳᠡᠭ᠌ᠰᠡᠳ ᠪᠠ ᠲᠠᠷᠠᠬᠠᠶ ᠪᠤᠲᠠᠷᠬᠠᠶ ᠠᠰᠠᠷᠠᠨ ᠲᠡᠵᠢᠭᠡᠵᠦ᠍ ᠪᠠᠢᠭ᠎ᠠ ᠣᠨᠴᠠ ᠬᠦᠴᠢᠷᠳᠡᠯᠲᠡᠶ ᠬᠥᠮᠦᠰ᠎ᠢ ᠬᠠᠷᠠᠭᠠᠯᠵᠠᠨ ᠠᠰᠠᠷᠠᠬᠤ ᠦᠶ᠋ᠯᠡᠴᠢᠯᠡᠭᠡᠨ᠎ᠦ ᠤᠲᠠᠰᠤ᠎ᠪᠠᠷ ᠰᠤᠭᠤᠴᠢᠨ ᠪᠠᠢᠴᠠᠭᠠᠬᠤ ᠠᠵᠢᠯᠯᠠᠭ᠎ᠠ ᠦᠷᠨᠢᠬᠦᠯᠪᠡ᠃ ᠬᠣᠲᠠ᠎ᠶ᠋ᠢᠨ ᠱᠠᠲᠤ ᠪᠠ ᠬᠣᠱᠢᠭᠤ ᠱᠢᠶᠠᠨ ᠲᠣᠭᠣᠷᠢᠭ᠎ᠤᠨ ᠨᠡᠢᠭᠡᠮ᠎ᠦᠨ ᠠᠪᠤᠷᠠᠨ ᠲᠤᠰᠠᠯᠠᠬᠤ ᠰᠠᠯᠠᠭ᠎ᠠ ᠮᠥᠴᠢᠷ ᠡᠴᠡ ᠡᠳᠦᠷ ᠪᠦᠷᠢ ᠬᠠᠷᠢᠶ᠎ᠠ ᠤᠷᠤᠨ᠎ᠤ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠶ ᠬᠦᠮᠦᠰ ᠵᠡᠷᠭᠡ ᠠᠪᠤᠷᠠᠨ ᠲᠤᠰᠠᠯᠠᠬᠤ ᠴᠢᠬᠤᠯᠠᠳᠠᠢ ᠬᠦᠮᠦᠰ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ᠂ ᠬᠠᠷᠠᠭᠠᠯᠵᠠᠨ ᠠᠰᠠᠷᠠᠬᠤ ᠦᠶ᠋ᠯᠡᠴᠢᠯᠡᠭᠡ᠎ᠶ᠋ᠢ ᠪᠣᠳᠠᠲᠠᠶ ᠨᠠᠢᠳᠠᠪᠤᠷᠢᠵᠢᠭᠤᠯᠤᠭ᠍ᠰᠠᠨ ᠡᠰᠡᠬᠦ᠌᠎ᠶ᠋ᠢ ᠰᠤᠭᠤᠴᠢᠨ ᠪᠠᠢᠴᠠᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面