2022-10-30 16:26:52
ᠰᠤᠷᠪᠤᠯᠵᠢᠯᠠᠭ᠍ᠴᠢ 10 ᠰᠠᠷ᠎ᠠ᠎ᠶ᠋ᠢᠨ 29 ᠤ᠋ ᠡᠳᠦᠷ ᠬᠤᠷᠠᠯᠳᠤᠭ᠍ᠰᠠᠨ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠤᠢ᠍ᠢᠯᠠᠭᠠᠭ᠍ᠰᠠᠨ ᠵᠢᠡᠷ᠂ ᠬᠥᠬᠡᠬᠣᠲᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠪᠤᠳᠠᠷ ᠡᠪᠡᠳᠴᠢᠨ᠎ᠤ ᠡᠮᠨᠡᠯᠭᠡ᠎ᠶ᠋ᠢᠨ ᠬᠣᠷᠢᠶ᠎ᠠ ᠪᠣᠯᠤᠨ ᠬᠥᠬᠡᠬᠣᠲᠠ᠎ᠶ᠋ᠢᠨ ᠡᠬᠡ ᠨᠢᠯᠬᠠᠰ᠎ᠤᠨ ᠡᠷᠡᠬᠦᠯᠵᠢᠯ ᠤ᠋ᠨ ᠡᠮᠨᠡᠯᠭᠡ᠎ᠶ᠋ᠢᠨ ᠬᠣᠷᠢᠶ᠎ᠠ᠎ᠶ᠋ᠢ 《ᠱᠢᠷ᠎ᠠ ᠺᠣᠳ᠋ ᠤ᠋ᠨ ᠡᠮᠨᠡᠯᠭᠡ᠎ᠶ᠋ᠢᠨ ᠬᠣᠷᠢᠶ᠎ᠠ》 ᠭᠡᠵᠦ᠍ ᠵᠢᠭᠠᠨ ᠲᠣᠭ᠍ᠲᠠᠭᠠᠵᠤ᠂ ᠬᠥᠬᠡᠬᠣᠲᠠ᠎ᠶ᠋ᠢᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ ᠵᠢᠷᠮᠦᠰᠦᠨ ᠬᠥᠩᠭᠡᠵᠢᠭᠴᠢ ᠡᠮᠡᠭᠳᠠᠢ ᠪᠠ ᠬᠡᠦᠬᠡᠳ᠎ᠢ ᠣᠨᠣᠱᠢᠯᠠᠨ ᠡᠮᠨᠡᠬᠦ᠌ ᠦᠶ᠋ᠯᠡᠴᠢᠯᠡᠭᠡ᠎ᠶ᠋ᠢ ᠡᠭᠦᠷᠭᠡᠯᠡᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠪᠤᠳᠠᠷ ᠡᠪᠡᠳᠴᠢᠨ᠎ᠤ ᠡᠮᠨᠡᠯᠭᠡ᠎ᠶ᠋ᠢᠨ ᠬᠣᠷᠢᠶ᠎ᠠ ᠨᠢ ᠪᠤᠰᠤᠳ ᠡᠪᠡᠳᠴᠢᠲᠡᠨ᠎ᠦ ᠣᠨᠣᠱᠢᠯᠠᠨ ᠡᠮᠨᠡᠬᠦ᠌ ᠦᠶ᠋ᠯᠡᠴᠢᠯᠡᠭᠡ᠎ᠶ᠋ᠢ ᠡᠭᠦᠷᠭᠡᠯᠡᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠠᠬᠢ ᠬᠥᠬᠡᠬᠣᠲᠠ᠎ᠶ᠋ᠢᠨ ᠥᠨᠳᠥᠷ (ᠳᠤᠮᠳᠠ) ᠠᠶᠤᠯ ᠲᠦᠭ᠌ᠰᠢᠭᠦᠷᠢ᠎ᠶ᠋ᠢᠨ ᠣᠷᠣᠨ᠂ ᠲᠤᠰᠠᠭᠠᠷᠯᠠᠬᠤ ᠲᠠᠯᠠᠪᠤᠷ ᠭᠠᠵᠠᠷ ᠵᠢᠴᠢ ᠡᠷᠡᠭᠦᠯ ᠮᠡᠨᠳᠦ᠍᠎ᠶ᠋ᠢᠨ ᠺᠣᠳ᠋᠎ᠨᠢ《ᠰᠢᠷ᠎ᠠ ᠺᠤᠳ᠋》ᠪᠤᠯᠤᠬᠰᠠᠨ ᠣᠯᠠᠨ ᠲᠦᠮᠡᠨ᠎ᠦ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ ᠵᠢ ᠦᠨᠡᠨ ᠬᠦ᠌ ᠪᠠᠳᠤᠯᠠᠵᠤ ᠪᠤᠢ᠃ ᠡᠯ᠎ᠡ ᠱᠠᠲᠤᠨ᠎ᠤ ᠡᠯ᠎ᠡ ᠲᠥᠷᠥᠯ᠎ᠦᠨ ᠡᠮᠴᠢᠯᠡᠭᠡᠨ᠎ᠦ ᠪᠠᠢᠭᠤᠯᠤᠮᠵᠢ ᠨᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠤᠶᠤ ᠪᠥᠭᠡᠮ ᠬᠦᠴᠢᠯ᠎ᠦᠨ ᠪᠠᠢᠴᠠᠭᠠᠯᠳᠠ ᠵᠢᠨ ᠦᠷ᠎ᠡ ᠳ᠋ᠦᠩ ᠥᠬᠡᠶ ᠭᠡᠳᠡᠭ᠎ᠢᠶᠡᠷ ᠱᠢᠯᠲᠠᠬᠯᠠᠵᠤ ᠡᠪᠡᠳᠴᠢᠳᠡᠨ᠎ᠢ ᠬᠦᠯᠢᠶᠡᠨ ᠠᠪᠬᠤ ᠦᠬᠡᠢ ᠪᠠᠢᠵᠦ ᠪᠣᠯᠬᠤ ᠥᠬᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠪᠤᠳᠠᠷ ᠡᠪᠡᠳᠴᠢᠨ᠎ᠤ ᠡᠮᠨᠡᠯᠭᠡ᠎ᠶ᠋ᠢᠨ ᠬᠣᠷᠢᠶ᠎ᠠ᠎ᠨᠢ 《ᠱᠢᠷ᠎ᠠ ᠺᠣᠳ᠋》 ᠤ᠋ᠨ ᠡᠮᠨᠡᠯᠭᠡ᠎ᠶ᠋ᠢᠨ ᠬᠣᠷᠢᠶ᠎ᠠ ᠪᠣᠯᠤᠭ᠍ᠰᠠᠨ᠎ᠤ ᠬᠤᠪᠢ᠎ᠳᠤ ᠂ 10 ᠰᠠᠷ᠎ᠠ᠎ᠶ᠋ᠢᠨ 26 ᠤ᠋ ᠡᠳᠦᠷ᠎ᠦᠨ 20 ᠴᠠᠭ᠎ᠡᠴᠡ ᠡᠬᠢᠯᠡᠨ ᠡᠪᠡᠳᠴᠢᠲᠡᠨ᠎ᠢ ᠭᠥᠯᠢᠶᠡᠨ ᠠᠪᠴᠤ᠌ ᠡᠮᠨᠡᠨ ᠵᠠᠰᠠᠵᠤ ᠂ 22 ᠡᠪᠡᠳᠴᠢᠲᠡᠨ᠎ᠦ ᠲᠣᠭᠣᠷᠢᠭ᠎ᠢ ᠲᠥᠯᠥᠪᠵᠢᠭᠦᠯᠦᠨ ᠪᠠᠢᠷᠢᠯᠠᠭᠤᠯᠵᠤ ᠂ ᠣᠲᠣ ᠨᠢᠭᠡᠨᠲᠡ ᠲᠦᠷᠭᠡᠨ ᠡᠮᠨᠡᠬᠦ᠌ ᠰᠠᠯᠠᠭ᠎ᠠ ᠪᠠ 6 ᠡᠪᠡᠳᠴᠢᠲᠡᠨ᠎ᠦ ᠲᠣᠭᠣᠷᠢᠭ ᠭᠠᠷᠭᠠᠵᠤ᠂ ᠲᠣᠰ ᠲᠣᠰ ᠶᠡᠷᠦᠩᠬᠡᠢᠯᠡᠭ᠌ᠰᠡᠨ ᠭᠠᠳᠠᠷ ᠡᠮᠨᠡᠯᠭᠡ᠎ᠶ᠋ᠢᠨ ᠡᠪᠡᠳᠴᠢᠲᠡᠨ᠎ᠦ ᠲᠣᠭᠣᠷᠢᠭ 2᠂ ᠶᠡᠷᠦᠩᠬᠡᠢᠯᠡᠭ᠌ᠰᠡᠨ ᠳᠣᠲᠣᠷ ᠡᠮᠨᠡᠯᠭᠡ᠎ᠶ᠋ᠢᠨ ᠡᠪᠡᠳᠴᠢᠲᠡᠨ᠎ᠦ ᠲᠣᠭᠣᠷᠢᠭ 2᠂ ᠬᠠᠪᠤᠳᠠᠷ ᠡᠪᠡᠳᠴᠢᠨ᠎ᠤ ᠶᠡᠷᠦᠩᠬᠡᠢᠯᠡᠭ᠌ᠰᠡᠨ ᠳᠣᠲᠣᠷ ᠡᠮᠨᠡᠯᠭᠡ᠎ᠶ᠋ᠢᠨ ᠡᠪᠡᠳᠴᠢᠲᠡᠨ᠎ᠦ ᠲᠣᠭᠣᠷᠢᠭ 1᠂ ᠣᠶᠤᠨ ᠮᠡᠳᠡᠷᠡᠯ᠎ᠦᠨ ᠡᠪᠡᠳᠴᠢᠨ᠎ᠦ ᠡᠪᠡᠳᠴᠢᠲᠡᠨ᠎ᠦ ᠲᠣᠭᠣᠷᠢᠭ 1 ᠪᠠᠢᠵᠤ ᠂ ᠴᠥᠮ ᠲᠤᠰᠠᠭᠠᠷ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍ ᠪᠠᠢᠨ᠎ᠠ᠃
ᠣᠳᠣᠬᠠᠨ ᠤ᠋ ᠨᠥᠬᠥᠴᠡᠯ᠎ᠡᠴᠡ ᠦᠵᠡᠪᠡᠯ᠂ ᠡᠮᠨᠡᠯᠭᠡ᠎ᠶ᠋ᠢᠨ ᠬᠣᠷᠢᠶ᠎ᠠ ᠬᠡᠰᠡᠭ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠨ ᠤ᠋ ᠮᠡᠰᠡ ᠵᠠᠰᠠᠯᠢ᠋ ᠡᠭᠦᠷᠭᠡᠯᠡᠵᠦ᠍ ᠴᠢᠳᠠᠨ᠎ᠠ᠃ ᠬᠥᠬᠡᠬᠣᠲᠠ᠎ᠶ᠋ᠢᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ ᠡᠯ᠎ᠡ ᠵᠦᠶ᠋ᠯ᠎ᠦᠨ ᠡᠮᠴᠢᠯᠡᠭᠡᠨ᠎ᠦ ᠠᠪᠤᠷᠠᠨ ᠵᠠᠰᠠᠬᠤ ᠠᠵᠢᠯ᠎ᠢ ᠡᠮᠬᠢ ᠵᠢᠷᠤᠮ᠎ᠲᠠᠶ ᠥᠷᠨᠢᠭᠦᠯᠵᠦ᠍ ᠪᠠᠢᠨ᠎ᠠ᠃
ᠡᠪᠡᠳᠴᠢᠲᠡᠨ ᠰᠢᠷ᠎ᠠ ᠺᠣᠳ᠋ ᠤ᠋ᠨ ᠡᠮᠨᠡᠯᠭᠡ᠎ᠶ᠋ᠢᠨ ᠬᠣᠷᠢᠶ᠎ᠠ᠎ᠳᠤ ᠬᠦᠷᠴᠦ᠍ ᠡᠮᠨᠡᠭᠦᠯᠬᠦ᠌ ᠦᠶ᠎ᠡ᠎ᠳᠦ᠂ ᠪᠠᠴᠢᠮ ᠲᠦᠭ᠌ᠰᠢᠭᠦᠷᠢᠲᠡᠢ ᠬᠦᠨᠳᠦ ᠡᠪᠡᠳᠴᠢᠲᠡᠨ᠎ᠢ 120 ᠡᠮᠴᠢᠯᠡᠭᠡᠨ ᠤ᠋ ᠲᠦᠷᠭᠡᠨ ᠠᠪᠤᠷᠠᠯᠳᠠ ᠪᠡᠷ ᠲᠠᠮᠵᠢᠨ ᠲᠦᠷᠭᠡᠨ ᠡᠮᠨᠡᠬᠦ᠌ ᠰᠠᠯᠠᠭ᠎ᠠ᠎ᠳᠤ ᠱᠢᠯᠵᠢᠭᠦᠯᠦᠨ ᠬᠦᠷᠭᠡᠵᠦ᠍ ᠡᠮᠨᠡᠨ ᠵᠠᠰᠠᠵᠤ ᠪᠤᠢ; ᠬᠠᠪᠤᠳᠠᠷᠡᠪᠡᠳᠴᠢᠨᠤ ᠡᠮᠨᠡᠯᠭᠡ᠎ᠶ᠋ᠢᠨ ᠬᠣᠷᠢᠶ᠎ᠠ᠎ᠳᠤ ᠬᠦᠷᠴᠦ᠍ ᠡᠮᠨᠡᠭᠦᠯᠬᠦ ᠡᠭᠦᠳᠡᠨ ᠡᠮᠨᠡᠯᠭᠡ᠎ᠶ᠋ᠢᠨ ᠡᠪᠡᠳᠴᠢᠲᠡᠨ ᠡᠮᠨᠡᠯᠭᠡ᠎ᠶ᠋ᠢᠨ ᠬᠣᠷᠢᠶᠠᠨ᠎ᠤ ᠤᠷᠢᠳᠴᠢᠯᠠᠨ ᠪᠣᠯᠵᠣᠵᠤ ᠣᠨᠣᠱᠢᠯᠠᠨ ᠡᠮᠨᠡᠬᠦ᠌ ᠱᠢᠰᠲ᠋ᠧᠮ ᠵᠢᠡᠷ ᠳᠡᠮᠵᠢᠨ᠂ ᠴᠠᠭ ᠬᠤᠪᠢᠶᠠᠨ ᠤᠷᠢᠳᠴᠢᠯᠠᠨ ᠪᠣᠯᠵᠣᠵᠤ ᠪᠤᠯᠤᠨ᠎ᠠ᠂ ᠬᠥᠬᠡᠬᠣᠲᠠ᠎ᠶ᠋ᠢᠨ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ᠎ᠶ᠋ᠢᠨ ᠬᠣᠷᠢᠶ᠎ᠠ᠎ᠳᠤ ᠬᠦᠷᠴᠦ᠍ ᠡᠮᠨᠡᠭᠦᠯᠬᠦ ᠡᠭᠦᠳᠡᠨ ᠡᠮᠨᠡᠯᠭᠡ᠎ᠶ᠋ᠢᠨ ᠡᠪᠡᠳᠴᠢᠲᠡᠨ ᠤᠷᠢᠳᠴᠢᠯᠠᠨ ᠪᠣᠯᠵᠣᠬᠤ ᠴᠢᠬᠤᠯᠠ ᠥᠬᠡᠶ; ᠡᠭᠦᠳᠡᠨ ᠡᠮᠨᠡᠯᠭᠡ᠎ᠶ᠋ᠢᠨ ᠡᠪᠡᠳᠴᠢᠲᠡᠨ ᠴᠥᠮ ᠲᠤᠬᠠᠶ᠎ᠶ᠋ᠢᠨ ᠡᠳᠦᠷ᠎ᠦᠨ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠳ᠋ᠦ ᠪᠢᠯᠢᠭ ᠴᠢᠨᠠᠷ ᠢᠯᠡᠷᠡᠭᠰᠡᠨ ᠭᠡᠷᠡᠴᠢ᠎ᠪᠠᠨ ᠬᠠᠩᠭᠠᠬᠤ ᠪᠤᠶᠤ ᠡᠮᠨᠡᠯᠭᠡ᠎ᠶ᠋ᠢᠨ ᠬᠣᠷᠢᠶᠠᠨ᠎ᠳᠤ ᠡᠮᠨᠡᠭᠦᠯᠬᠦ᠌᠎ᠡᠴᠡ ᠡᠮᠦᠨ᠎ᠡ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ ᠬᠢᠬᠦ ᠬᠡᠷᠡᠭ᠌ᠲᠡᠶ; ᠡᠮᠨᠡᠯᠭᠡ᠎ᠳᠦ ᠰᠠᠭᠤᠬᠤ ᠡᠪᠡᠳᠴᠢᠲᠡᠨ ᠤᠷᠢᠳᠴᠢᠯᠠᠨ ᠪᠠᠢᠴᠠᠭᠠᠵᠤ ᠬᠤᠪᠢᠶᠠᠨ ᠣᠨᠣᠱᠢᠯᠠᠬᠤ ᠲᠠᠬᠤᠯ ᠡᠪᠡᠳᠴᠢᠨ᠎ᠦ ᠰᠤᠳᠤᠯᠤᠯ᠎ᠤᠨ ᠪᠠᠢᠴᠠᠭᠠᠯᠲᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ 24 ᠴᠠᠭ᠎ᠤᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠪᠢᠯᠢᠭ ᠴᠢᠨᠠᠷ᠎ᠤᠨ ᠭᠡᠷᠡᠴᠢ ᠪᠠᠨ ᠬᠠᠩᠭᠠᠬᠤ ᠬᠡᠷᠡᠭᠳᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃